ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠤᠯ ᠮᠠᠰᠢ ᠠᠭᠤᠤ ᠶᠡᠭᠡ ᠮᠠᠰᠢ ᠰᠠᠶᠢᠬᠠᠨ ᠬᠠᠷᠠᠯᠳᠠ ᠮᠥᠨ
ᠨᠡᠶᠢᠲᠡᠯᠡᠭᠰᠡᠨ ᠴᠠᠭ᠄
2018/11/1
      ᠬᠦᠲᠦᠯᠦᠭᠴᠢ᠄ ᠮᠦᠡᠭᠭᠡᠪᠡᠶᠡᠷ ︵ᠦᠪᠦᠷ ᠮᠤᠩᠭᠤᠯ ᠤᠨ ᠡᠲᠦᠷ ᠤᠨ ᠰᠤᠨᠢᠨ ᠤ ᠬᠤᠷᠢᠶ᠎ᠠ ᠶᠢᠨ ᠬᠠᠮ‌ᠵᠠᠭᠤᠴᠢᠯᠠᠭᠤᠷ ᠤᠨ ᠰᠤᠷᠪᠤᠯᠵᠢᠯᠠᠭᠴᠢ︶       ᠤᠨᠴᠠ ᠤᠷᠢᠬᠰᠠᠨ ᠲᠤᠰᠬᠠᠢ ᠮᠡᠷᠭᠡᠵᠢᠯᠳᠡᠨ᠄ ᠭᠡᠷᠡᠯᠲᠦ ︵ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ︶        ᠴᠠᠭ᠄ 1 ᠰᠠᠷ᠎ᠠ ᠶᠢᠨ 25 ᠤ ᠡᠲᠦᠷ ᠤᠨ ᠥᠲᠡ ᠶᠢᠨ ᠬᠤᠶᠢᠨ᠎ᠠ    

      ᠬᠦᠲᠦᠯᠦᠭᠴᠢ᠄ ᠡᠨᠡ ᠵᠢᠯ ᠤᠨ ︽ᠬᠤᠶᠠᠷ ᠬᠤᠷᠠᠯ︾ ᠤᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠦᠪᠡᠷᠳᠡᠭᠡᠨ ᠵᠠᠰᠠᠬᠤ ᠤᠷᠤᠨ ᠤ

ᠲᠡᠷᠢᠬᠦᠯᠡᠭᠴᠢ ᠪᠦ᠋ ᠰᠢᠶᠤᠤ ᠯᠢᠨ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ ᠮᠠᠯ ᠠᠵᠤ ᠠᠬᠤᠢ

ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ︾ ᠬᠡᠵᠦ ᠲᠤᠷᠠᠳᠤᠨ ᠭᠠᠷᠭᠠᠪᠠ᠃ ᠲᠡᠬᠡᠪᠡᠯ ᠬᠦᠳᠡᠭᠡ ᠲᠤᠰᠬᠤᠨ ᠢ

ᠬᠦᠭᠵᠢᠬᠦᠯᠦᠨ ᠮᠠᠨᠲᠤᠭᠤᠯᠬᠤ ᠭᠤᠤᠯ ᠬᠦᠴᠢᠷᠳᠡᠯ ᠨᠢ ᠶᠠᠭᠤ ᠪᠤᠢ︖ ᠡᠬᠦᠨ ᠳᠤ ᠦᠨᠲᠦᠰᠦᠨ ᠱᠠᠲᠦᠨ ᠤ ᠵᠤᠬᠢᠶᠠᠨ ᠪᠠᠶᠢᠭᠤᠯᠤᠯᠲᠠ ᠶᠠᠮᠠᠷ ᠰᠢᠦᠬᠠᠨ ᠦᠢᠯᠡᠲᠦᠯ

ᠭᠠᠷᠭᠠᠲᠠᠭ ᠪᠤᠢ︖

      ᠲᠤᠰᠬᠠᠢ ᠮᠡᠷᠭᠡᠵᠢᠯᠳᠡᠨ᠄ ᠬᠦᠳᠡᠭᠡ ᠲᠤᠰᠬᠤᠨ ᠬᠡᠵᠦ ᠮᠠᠨ ᠤ ᠤᠷᠤᠨ ᠳᠤ ᠠᠪᠴᠤ ᠬᠡᠯᠡᠪᠡᠯ᠂ ᠮᠠᠯᠵᠢᠬᠤ ᠤᠷᠤᠨ ᠪᠠ ᠲᠠᠷᠢᠶᠠᠯᠠᠬᠤ ᠤᠷᠤᠨ ᠬᠡᠵᠦ ᠬᠤᠶᠠᠷ

ᠬᠤᠪᠢᠶᠠᠭᠳᠠᠵᠤ ᠪᠠᠶᠢᠨ᠎ᠠ᠃ ᠲᠦᠪᠯᠡᠷᠡᠨ ᠰᠠᠭᠤᠷᠢᠰᠢᠭᠰᠠᠨ ᠲᠠᠷᠢᠶᠠᠯᠠᠬᠤ ᠤᠷᠤᠨ ᠳᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠳᠤ ᠬᠠᠷᠢᠴᠠᠩᠭᠤᠢ ᠬᠢᠯᠪᠠᠷ ᠪᠤᠯᠪᠠᠴᠤ

ᠲᠠᠷᠠᠬᠠᠢ ᠪᠤᠳᠠᠷᠬᠠᠢ ᠰᠠᠭᠤᠷᠢᠰᠢᠭᠰᠠᠨ ᠮᠠᠯᠵᠢᠬᠤ ᠤᠷᠤᠨ ᠳᠤ ᠠᠪᠴᠤ ᠬᠡᠯᠡᠪᠡᠯ ᠬᠦᠴᠢᠷ ᠪᠠᠶᠢᠨ᠎ᠠ᠃ ᠡᠬᠦᠨ ᠳᠤ ᠭᠠᠴᠠᠭ᠎ᠠ ᠲᠤᠰᠬᠤᠨ ᠤ ᠨᠠᠮ ᠤᠨ ᠡᠬᠦᠷ ᠤᠨ

ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠪᠤᠯ ᠦᠨᠳᠦᠰᠦᠨ ᠪᠠᠳᠤᠯᠠᠭ᠎ᠠ ᠪᠤᠯᠤᠨ᠎ᠠ᠃ ᠤᠳᠤᠬᠠᠨ ᠤ ᠪᠠᠶᠢᠳᠠᠯ ᠠᠴᠠ ᠦᠵᠡᠪᠡᠯ᠂ ᠲᠠᠷᠠᠬᠠᠢ

ᠪᠤᠳᠠᠷᠬᠠᠢ ᠰᠠᠭᠤᠷᠢᠰᠢᠬᠰᠠᠨ ᠮᠠᠯᠵᠢᠬᠤ ᠤᠷᠤᠨ ᠳᠤ ᠭᠠᠴᠠᠭᠠᠨ ᠤ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ ᠴᠢᠳᠠᠬᠤ ᠦᠭᠡᠢ ᠪᠠᠶᠢᠨ᠎ᠠ᠃

ᠭᠠᠴᠠᠭᠠᠨ ᠤ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠴᠢᠩᠭᠠᠳᠬᠠᠵᠤ᠂ ᠭᠠᠴᠠᠭᠠᠨ ᠤ ᠬᠠᠮᠳᠤ ᠶᠢᠨ ᠬᠦᠷᠦᠩᠭᠡ ᠶᠢ ᠬᠤᠷᠠᠮᠳᠤᠭᠤᠯᠬᠤ᠂

ᠨᠠᠮ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠬᠠᠭᠤᠯᠤᠨ ᠲᠠᠶᠢᠯᠪᠤᠷᠢᠯᠠᠬᠤ᠂ ᠤᠯᠠᠨ ᠲᠦᠮᠡᠨ ᠢ ᠬᠦᠳᠦᠯᠦᠨ ᠵᠢᠯᠤᠭᠤᠳᠬᠤ ᠵᠡᠷᠭᠡ ᠠᠵᠢᠯ ᠢ ᠰᠠᠶᠢᠳᠤᠷ

ᠬᠢᠬᠦ ᠪᠠᠷ ᠲᠠᠮᠵᠢᠭᠤᠯᠵᠤ᠂ ᠤᠯᠠᠨ ᠨᠡᠶᠢᠳᠡ ᠶᠢᠨ ᠰᠡᠳᠬᠢᠯ ᠢ ᠲᠦᠪᠯᠡᠷᠡᠬᠦᠯᠦᠨ ᠤᠶᠤᠨ ᠤᠬᠠᠭᠠᠨ ᠬᠦᠴᠦᠨ ᠴᠢᠳᠠᠯ ᠢ ᠨᠢᠭᠳᠠᠷᠠᠭᠤᠯᠬᠤ ᠨᠢ ︽ᠬᠦᠳᠡᠭᠡ ᠲᠤᠰᠬᠤᠨ ᠢ

ᠬᠦᠭᠵᠢᠬᠦᠯᠦᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠪᠤᠯᠤᠨ᠎ᠠ᠃

      ᠬᠦᠲᠦᠯᠦᠭᠴᠢ᠄ ᠮᠠᠨ ᠤ ᠤᠷᠤᠨ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠰᠠᠭᠤᠲᠠᠯ ᠢ ᠴᠢᠬᠤᠯᠠᠴᠢᠯᠠᠨ ᠦᠵᠡᠭᠰᠡᠭᠡᠷ

ᠢᠷᠡᠪᠡ᠂ ᠲᠡᠭᠡᠪᠡᠯ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠬᠦᠯᠬᠦ ᠳᠤ ᠮᠠᠯᠴᠢᠨ ᠲᠠᠷᠢᠶᠠᠴᠢᠳ ᠠᠯᠢ ᠲᠠᠯ᠎ᠠ ᠪᠠᠷ

ᠠᠩᠬᠠᠷᠬᠤ ᠴᠢᠬᠤᠯᠠᠲᠠᠢ ᠪᠤᠢ︖

      ᠲᠤᠰᠬᠠᠢ ᠮᠡᠷᠭᠡᠵᠢᠯᠳᠡᠨ᠄ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠵᠤ᠂ ︽ᠮᠠᠯ ᠠᠵᠤ ᠠᠬᠤᠢ ᠲᠠᠷᠢᠶᠠᠯᠠᠩ ᠢ ᠬᠦᠰᠡᠯ ᠡᠷᠡᠮᠡᠯᠵᠡᠯ ᠲᠠᠢ ᠠᠵᠤ

ᠦᠢᠯᠡᠰ ᠪᠤᠯᠭᠠᠵᠤ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ ᠲᠤᠬᠠᠢᠢᠯᠠᠭᠰᠠᠨ ᠠᠵᠢᠯ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠢ ᠠᠮᠤᠷ ᠵᠢᠷᠭᠠᠵᠤ ᠠᠵᠤ

ᠲᠦᠷᠦᠬᠦ ᠦᠵᠡᠰᠬᠦᠯᠡᠩᠳᠦ ᠰᠠᠶᠢᠬᠠᠨ ᠬᠡᠷ ᠤᠷᠤᠨ ᠪᠤᠯᠭᠠᠨ᠎ᠠ︾ ᠬᠡᠳᠡᠭ ᠪᠤᠯ ᠮᠠᠰᠢ ᠠᠭᠤᠤ ᠶᠡᠭᠡ ᠮᠠᠰᠢ ᠰᠠᠶᠢᠬᠠᠨ ᠬᠠᠷᠠᠯᠳᠠ ᠮᠦᠨ᠃ ᠮᠠᠨ ᠤ ᠨᠠᠮ ᠤᠨ ᠬᠦᠳᠡᠭᠡ

ᠲᠤᠰᠬᠤᠨ ᠤ ᠠᠵᠢᠯ ᠢ ᠴᠢᠬᠤᠯᠠᠴᠢᠯᠠᠵᠤ᠂ ᠬᠠᠮᠤᠭ ᠤᠨ ᠦᠨᠳᠦᠰᠦᠨ ᠱᠠᠳᠤᠨ ᠤ ᠮᠠᠯᠴᠢᠨ ᠲᠠᠷᠢᠶᠠᠴᠢᠨ ᠤ ᠠᠵᠠ ᠵᠢᠷᠭᠠᠯ ᠢ ᠬᠠᠯᠠᠮᠵᠢᠯᠠᠵᠤ ᠪᠠᠶᠢᠭ᠎ᠠ ᠶᠢᠨ ᠢᠯᠡᠷᠡᠯ

ᠪᠤᠯᠤᠨ᠎ᠠ᠃ ᠮᠡᠳᠡᠭᠡᠵᠢ᠂ ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠰᠠᠭᠤᠳᠠᠯ ᠢ ᠢᠮᠠᠭᠳᠠ

ᠴᠢᠬᠤᠯᠠ ᠪᠠᠶᠢᠷᠢᠨ ᠳᠤ ᠲᠠᠯᠪᠢᠵᠤ᠂ ᠮᠠᠯᠴᠢᠨ ᠲᠠᠷᠢᠶᠠᠴᠢᠨ ᠤ ᠬᠦᠷᠳᠡᠭᠡᠮᠵᠢ ᠶᠢ ᠵᠢᠯ ᠲᠠᠷᠠᠭᠠᠯᠠᠨ ᠨᠡᠮᠡᠭᠳᠡᠬᠦᠯᠵᠦ ᠪᠤᠢ᠃ ᠬᠡᠪᠡᠴᠦ᠂ ︽ᠬᠦᠯᠢᠶᠡᠬᠦ᠂ ᠲᠦᠰᠢᠬᠦ᠂

ᠠᠪᠬᠤ︾ ᠦᠵᠡᠭᠳᠡᠯ ᠭᠠᠵᠠᠷ ᠠᠪᠬᠤ ᠪᠤᠯᠵᠤ᠂ ︽ᠲᠡᠵᠢᠭᠡᠪᠦᠷᠢ︾ ᠶᠢᠨ ᠮᠠᠯᠴᠢᠨ ᠲᠠᠷᠢᠶᠠᠴᠢᠨ ᠪᠠᠭ᠎ᠠ ᠪᠤᠰᠤ ᠪᠤᠢ ᠪᠤᠯᠵᠤ ᠪᠠᠶᠢᠭ᠎ᠠ ᠨᠢ ᠮᠠᠯᠵᠢᠬᠤ ᠲᠠᠷᠢᠶᠠᠯᠠᠬᠤ

ᠤᠷᠤᠨ ᠤ ᠰᠢᠨ᠎ᠡ ᠨᠢᠭᠡ ᠠᠰᠠᠭᠤᠳᠠᠯ ᠪᠤᠯᠤᠭᠰᠠᠨ ᠪᠠᠶᠢᠨ᠎ᠠ᠃ ᠬᠦᠳᠡᠭᠡ ᠲᠤᠰᠬᠤᠨ ᠤ ᠭᠤᠤᠯ ᠴᠤᠭᠴᠠ ᠪᠤᠯ ᠮᠠᠯᠴᠢᠨ ᠲᠠᠷᠢᠶᠠᠴᠢᠨ ᠪᠤᠯᠤᠨ᠎ᠠ᠃ ᠤᠯᠤᠰ ᠤᠷᠤᠨ ᠤ

ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠨᠢ ᠮᠠᠯᠵᠢᠬᠤ ᠲᠠᠷᠢᠶᠠᠯᠠᠬᠤ ᠤᠷᠤᠨ ᠳᠤ ᠰᠢᠨ᠎ᠡ ᠠᠮᠢᠵᠢᠷᠠᠯ ᠤᠨ ᠬᠦᠴᠦᠨ ᠰᠢᠨ᠎ᠡ

ᠬᠦᠰᠡᠯ ᠡᠷᠡᠮᠡᠯᠵᠡᠯ ᠢ ᠠᠪᠴᠢᠷᠠᠪᠠ᠃ ᠮᠠᠯᠴᠢᠨ ᠲᠠᠷᠢᠶᠠᠴᠢᠨ ᠡᠷᠬᠡᠪᠰᠢ ᠦᠪᠡᠷ ᠢᠶᠠᠨ ᠦᠪᠡᠷ ᠤᠨ ᠬᠡᠷ ᠤᠷᠤᠨ ᠢᠶᠠᠨ ᠪᠦᠳᠦᠭᠡᠨ‌‍ᠪᠠᠶᠢᠭᠤᠯᠬᠤ ᠦᠵᠡᠯ ᠤᠬᠠᠮᠰᠠᠷ ᠲᠠᠢ

ᠪᠠᠶᠢᠵᠤ ᠢᠳᠡᠪᠬᠢᠯᠡᠨ ᠤᠷᠤᠯᠴᠠᠬᠤ ᠬᠡᠷᠡᠭᠳᠡᠢ᠃

      ᠬᠦᠲᠦᠯᠦᠭᠴᠢ᠄ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠳᠤ ᠪᠤᠲᠠᠲᠠᠢ ᠶᠠᠮᠠᠷ ᠠᠷᠭ᠎ᠠ ᠠᠪᠴᠠᠯ ᠢ ᠭᠡᠷᠡᠭᠵᠢᠬᠦᠯᠪᠡᠯ ᠵᠤᠬᠢᠬᠤ ᠪᠤᠢ︖

      ᠲᠤᠰᠬᠠᠢ ᠮᠡᠷᠭᠡᠵᠢᠯᠳᠡᠨ᠄ ︽ᠠᠵᠦ ᠦᠢᠯᠡᠰ ᠬᠦᠭᠵᠢᠭᠰᠡᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠳᠤᠭ ᠤᠨ ᠵᠠᠩᠰᠢᠯ

ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ‌‍ᠴᠢᠨᠡᠭᠡᠯᠢᠭ︾ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠷᠦᠩᠭᠡᠢ ᠱᠠᠭᠠᠷᠳᠠᠯᠭ᠎ᠠ

ᠪᠤᠯᠤᠨ᠎ᠠ᠃ ᠶᠠᠰᠤ ᠴᠢᠨᠠᠷ ᠢᠶᠠᠷ ᠮᠠᠯ ᠠᠵᠤ ᠠᠬᠤᠢ ᠶᠢ ᠬᠦᠭᠵᠢᠬᠦᠯᠬᠦ ᠵᠠᠮ ᠢᠶᠠᠷ ᠵᠠᠮᠨᠠᠵᠤ᠂ ᠬᠤᠷᠰᠢᠶᠠᠵᠢᠯ ᠢᠶᠠᠷ ᠦᠪᠡᠷ ᠤᠨ ᠦᠷᠳᠡᠭ ᠢ ᠪᠠᠭᠤᠷᠠᠭᠤᠯᠵᠤ

ᠤᠷᠤᠯᠭ᠎ᠠ ᠪᠠᠨ ᠨᠡᠮᠡᠭᠳᠡᠬᠦᠯᠪᠡᠯ ᠵᠤᠬᠢᠨ᠎ᠠ᠃ ᠡᠬᠦᠨ ᠠᠴᠠ ᠭᠠᠳᠠᠨ᠎ᠠ᠂ ᠡᠷᠡᠬᠦᠯ ᠮᠡᠨᠳᠤ ᠶᠢᠨ ᠠᠰᠠᠭᠤᠳᠠᠯ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ᠂

ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠵᠡᠷᠭᠡ ᠲᠠᠯ᠎ᠠ ᠶᠢ ᠵᠡᠷᠭᠡᠪᠡᠷ ᠠᠩᠬᠠᠷᠪᠠᠯ ᠵᠤᠬᠢᠨ᠎ᠠ᠃ ᠮᠠᠯᠴᠢᠨ ᠲᠠᠷᠢᠶᠠᠴᠢᠨ ᠬᠦᠨᠳᠦ ᠡᠪᠡᠳᠴᠢᠨ ᠠᠴᠠ ᠪᠤᠯᠵᠤ

ᠶᠠᠳᠠᠭᠤᠷᠠᠬᠤ᠂ ᠲᠠᠬᠢᠨ ᠶᠠᠳᠠᠭᠤᠷᠠᠬᠤ᠂ ᠦᠢᠯᠡᠳᠪᠦᠷᠢᠯᠡᠯ ᠤᠨ ᠲᠤᠮᠳᠠ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠳᠤ ᠪᠤᠰᠤ ᠪᠠᠷ ᠨᠤᠳᠤᠭ ᠪᠡᠯᠴᠢᠭᠡᠷ ᠢᠶᠠᠨ ᠡᠪᠳᠡᠵᠦ

ᠪᠠᠶᠢᠭ᠎ᠠ᠂ ᠭᠠᠴᠠᠭ᠎ᠠ ᠲᠤᠰᠬᠤᠨ ᠪᠤᠯᠭᠠᠨ ᠳᠤ ᠰᠤᠶᠤᠯ ᠤᠨ ᠦᠷᠦᠭᠡ ᠪᠠᠶᠢᠭᠤᠯᠤᠭᠰᠠᠨ ᠪᠤᠯᠪᠠᠴᠤ ᠤᠴᠢᠬᠤ ᠬᠦᠮᠦᠨ ᠴᠦᠭᠡᠨ ᠪᠠᠶᠢᠬᠤ ᠦᠵᠡᠭᠳᠡᠯ ᠨᠡᠶᠢᠳᠡᠮ

ᠢᠯᠡᠷᠡᠵᠥ ᠪᠤᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ

ᠤᠷᠤᠨ ᠮᠠᠯᠴᠢᠨ ᠲᠠᠷᠢᠶᠠᠴᠢᠨ ᠤ ᠪᠦᠬᠦ ᠲᠠᠯ ᠎ᠠ ᠳᠤ ᠬᠤᠯᠪᠤᠭᠳᠠᠭᠰᠠᠨ ᠨᠠᠷᠢᠨ ᠪᠤᠳᠤᠯᠢᠶᠠᠨᠳᠠᠢ ᠰᠢᠰᠲ᠋ᠧᠮᠳᠦ ᠢᠨᠵᠧᠨᠧᠷᠢᠩ᠂ ᠤᠷᠳᠤ ᠬᠤᠭᠤᠴᠠᠭᠠᠨ ᠤ

ᠬᠠᠳᠠᠭᠤᠵᠢᠯᠳᠠᠢ ᠡᠬᠦᠷᠭᠡ ᠮᠦᠨ᠃

     ᠲᠦᠷᠦ ᠶᠢᠨ ᠪᠤᠳᠤᠯᠭ᠎ᠠ ᠪᠠᠷ ᠲᠦᠰᠢᠭ ᠪᠤᠯᠭᠠᠵᠤ᠂ ᠵᠤᠬᠢᠶᠠᠨ ᠪᠠᠶᠢᠭᠤᠯᠤᠯᠳᠠ ᠪᠠᠷ ᠪᠠᠳᠤᠯᠠᠭ᠎ᠠ ᠪᠤᠯᠭᠠᠵᠤ᠂ ᠮᠠᠯᠴᠢᠨ ᠲᠠᠷᠢᠶᠠᠴᠢᠨ ᠤ ᠢᠲᠡᠪᠬᠢᠵᠢᠯ ᠢ

ᠲᠠᠶᠢᠴᠢᠯᠠᠪᠠᠯ ᠤᠳᠤᠬᠢᠴᠢᠯᠠᠭᠰᠠᠨ᠂ ᠪᠠᠶᠠᠨ ᠴᠢᠨᠡᠭᠡᠯᠢᠭ᠂ ᠦᠵᠡᠰᠬᠦᠯᠡᠩᠳᠦ ᠰᠠᠶᠢᠬᠠᠨ ᠮᠠᠯᠵᠢᠬᠤ ᠲᠠᠷᠢᠶᠠᠯᠠᠬᠤ ᠤᠷᠤᠨ ᠤ ᠵᠢᠷᠤᠭᠯᠠᠯ ᠦᠨᠡᠨ ᠪᠤᠳᠠᠳᠤ ᠠᠬᠤᠢ

ᠪᠤᠯᠬᠤ ᠨᠢ ᠲᠠᠮᠵᠢᠭ ᠦᠭᠡᠢ᠃

ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ