ᠦᠨᠳᠦᠰᠦᠨ ᠱᠠᠳᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠰᠢᠷᠢᠰ ᠪᠤᠯᠤᠩ—  ᠤᠷᠳᠤᠰ ᠬᠤᠲᠠ ᠶᠢᠨ ᠳᠠᠯᠠᠳ ᠬᠤᠰᠢᠭᠤᠨ ᠤ ᠳᠤᠬᠠᠢ ᠳᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2018/12/25
      ᠨᠠᠮ ᠤᠨ ᠠᠷᠪᠠᠨ‌ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠪᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠢ ᠪᠠᠳᠤ ᠴᠢᠩᠭ᠎ᠠ ᠰᠦᠷ ᠬᠦᠴᠦᠳᠦ ᠠᠷᠭ᠎ᠠ ᠪᠠᠷᠢᠯ ᠢᠶᠠᠷ᠂ ᠦᠨᠳᠦᠰᠦᠨ ᠱᠠᠳᠤᠨ ᠤ ᠤᠯᠤᠰ ᠲᠦᠷᠦ ᠶᠢᠨ ᠠᠮᠢ ᠠᠬᠤᠢ ᠶᠢ ᠶᠡᠬᠡᠪᠡᠷ ᠴᠡᠪᠡᠷᠰᠢᠭᠦᠯᠵᠡᠢ᠃ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠦᠪᠯᠡᠯ ᠤᠨ ᠤᠬᠠᠭᠤᠯᠬᠤ ᠬᠡᠯᠳᠡᠰ ᠪᠤᠯᠤᠨ ᠰᠢᠨᠬᠤᠸᠠ ᠰᠦᠯᠵᠢᠶ᠎ᠡ ᠬᠠᠮᠳᠤᠷᠠᠨ᠂ ᠭᠡᠰᠡᠭ ᠬᠤᠰᠢᠭᠤ ᠰᠢᠶᠠᠨ ︵ᠬᠤᠲᠠ᠂ ᠲᠤᠭᠤᠷᠢᠭ︶ ᠤ ᠬᠠᠷᠢᠭᠤᠴᠠᠯᠭᠠᠳᠠᠨ ᠢ ᠨᠡᠪᠳᠡᠷᠡᠭᠦᠯᠭᠡ ᠶᠢᠨ ᠲᠦᠪ ᠲᠤ ᠤᠷᠢᠵᠦ᠂“ᠦᠨᠳᠦᠰᠦᠨ ᠱᠠᠳᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ” ᠰᠡᠳᠤᠪ ᠪᠠᠷ ᠳᠠᠶᠠᠭᠠᠷ ᠤᠯᠠᠨ ᠲᠠᠢ ᠰᠤᠯᠢᠯᠴᠠᠭ᠎ᠠ ᠬᠢᠵᠦ᠂ ᠰᠤᠷᠪᠤᠯᠵᠢᠯᠠᠭ᠎ᠠ ᠬᠢᠵᠠᠢ᠃       ᠳᠤᠤᠷ᠎ᠠ ᠤᠷᠳᠤᠰ ᠬᠤᠲᠠ ᠵᠢᠨ‌‍ᠲ᠋ᠠᠯᠠᠳ ᠬᠤᠰᠢᠭᠤᠨ ᠤ ᠳᠤᠬᠠᠢ ᠲᠤᠰᠬᠠᠢ ᠰᠤᠷᠪᠤᠯᠵᠢᠯᠠᠭ᠎ᠠ ᠬᠢᠬᠦ ᠪᠠᠷ ᠪᠠᠶᠢᠨ᠎ᠠ᠃       ᠰᠣᠷᠪᠤᠯᠵᠢᠯᠠᠭᠴᠢ᠄  ᠶᠠᠩ ᠰᠢᠦᠢ ᠵᠧᠨ       ᠤᠨᠴᠠ ᠤᠷᠢᠭᠰᠠᠨ ᠵᠤᠴᠢᠨ᠄ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠲᠠᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠦᠨᠢᠷᠵᠢᠷᠭᠠᠯ       ᠶᠠᠩ ᠰᠢᠦᠢ ᠵᠧᠨ᠄  ᠴᠢ᠊᠂ ᠱᠦᠵᠢ ᠪᠢᠳᠡᠨ ᠤ ᠮᠡᠳᠡᠭᠡᠵᠢ ᠪᠠᠷ ᠤᠷᠴᠢᠮ ᠤᠨ ᠬᠡᠳᠦᠨ ᠵᠢᠯ ᠳᠠᠯᠠᠳ ᠬᠤᠰᠢᠭᠤ ᠪᠠᠶᠢᠭᠠᠯᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ‌ᠠᠭᠢᠭᠤᠯᠬᠤ ᠲᠠᠯ᠎ᠠ ᠪᠠᠷ ᠶᠡᠭᠡ ᠤᠯᠠᠨ‌‍ᠪᠦ᠋ᠳᠦᠮᠵᠢᠳᠡᠢ ᠠᠵᠢᠯ ᠬᠢᠭᠰᠡᠨ ᠪᠠᠶᠢᠨ᠎ᠠ᠃ ᠳᠡᠭᠡᠪᠡᠯ ᠦᠨᠳᠦᠰᠦᠨ ᠱᠠᠳᠤᠨ ᠤ ᠤᠯᠤᠰ ᠲᠦᠷᠦ  ᠶᠢᠨ ᠠᠮᠢ ᠠᠬᠤᠢ ᠶᠢ ᠴᠡᠪᠡᠷᠰᠢᠭᠦᠯᠬᠦ ᠲᠠᠯ᠎ᠠ ᠪᠠᠷ ᠶᠠᠮᠠᠷ ᠰᠢᠨ᠎ᠡ ᠠᠷᠭ᠎ᠠ ᠪᠠᠷᠢᠯ ᠠᠪᠤᠭᠰᠠᠨ ᠪᠤᠢ︖      ᠴᠢ᠊᠂ ᠳᠠᠯᠠᠨᠳᠠᠢ᠄  ᠦᠨᠦ ᠵᠢᠯ ᠠᠴᠠ ᠨᠠᠭᠠᠰᠢ᠂ ᠮᠠᠨ ᠤ ᠬᠤᠰᠢᠭᠤ “ ᠭᠤᠷᠪᠠᠨ ᠶᠠᠪᠤᠳᠠᠯ” ᠢ ᠢᠯᠡ ᠪᠤᠯᠭᠠᠬᠤ᠂ ᠰᠠᠬᠢᠯᠭ᠎ᠠ ᠪᠠᠳᠤ᠂ ᠬᠠᠦᠯᠢ ᠶᠢ ᠵᠦᠷᠢᠴᠡᠭᠰᠡᠨ ᠠᠰᠠᠭᠤᠳᠠᠯ ᠢ ᠪᠠᠶᠢᠴᠠᠭᠠᠬᠤ᠂ ᠵᠦᠷᠢᠴᠡᠯ ᠵᠢᠭᠤᠷᠠᠯᠳᠤᠭᠠᠨ ᠢ ᠦᠭᠡᠶᠢᠰᠬᠡᠬᠦ᠂ ᠠᠷᠢᠭᠤᠨ ᠴᠢᠬᠡᠴᠢ ᠺᠠᠳ᠋ᠷ ᠢ ᠰᠢᠯᠭᠠᠨ ᠰᠤᠩᠭᠤᠬᠤ ᠲᠠᠯ᠎ᠠ ᠪᠠᠷ ᠦᠨᠳᠦᠰᠦᠨ ᠱᠠᠳᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠦᠴᠦᠯᠡᠬᠦ ᠴᠡᠭ ᠪᠠ ᠰᠢᠪᠲᠤᠯᠤᠯᠳᠠ‌‍ᠪᠤᠯᠭᠠᠵᠦ᠂ ᠦᠩᠭᠡᠨ ᠲᠠᠯ᠎ᠠ ᠪᠠ ᠤᠭ ᠦᠨᠳᠦᠰᠦ ᠶᠢ ᠨᠢ ᠵᠡᠷᠭᠡᠪᠡᠷ ᠵᠠᠰᠠᠬᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠠᠪᠴᠦ᠂“ ᠭᠤᠷᠪᠠᠨ ᠶᠠᠪᠤᠳᠠᠯ” ᠢ ᠢᠯᠡ ᠪᠤᠯᠭᠠᠬᠤ ᠠᠵᠢᠯ ᠤᠨ ᠲᠠᠯ᠎ᠠ ᠪᠠᠷ᠂ ᠮᠠᠨ  ᠤ ᠬᠤᠰᠢᠭᠤ“ ᠭᠤᠷᠪᠠ ᠶᠢ ᠳᠤᠭᠳᠠᠭᠠᠨ ᠬᠤᠶᠠᠷ ᠢ ᠰᠠᠯᠭᠠᠬᠤ” ᠠᠵᠢᠯᠯᠠᠬᠤ ᠠᠷᠭ᠎ᠠ ᠪᠠᠷᠢᠯ ᠢ ᠠᠪᠴᠠᠢ᠃ ︵ᠭᠤᠷᠪᠠ ᠶᠢ ᠳᠤᠭᠳᠠᠭᠠᠬᠤ ᠭᠡᠳᠡᠭ ᠨᠢ ᠢᠯᠡ ᠪᠤᠯᠭᠠᠬᠤ ᠶᠠᠪᠤᠴᠠ ᠶᠢ ᠳᠤᠭᠳᠠᠭᠠᠬᠤ᠂ ᠢᠯᠡ ᠪᠤᠯᠭᠠᠬᠤ ᠭᠠᠷᠴᠠᠭ ᠢ ᠳᠤᠭᠳᠠᠭᠠᠬᠤ᠂ ᠢᠯᠡ ᠪᠤᠯᠭᠠᠬᠤ ᠴᠠᠭ ᠢ ᠳᠤᠭᠳᠠᠭᠠᠬᠤ︔ ᠬᠤᠶᠠᠷ ᠢ ᠰᠠᠯᠭᠠᠬᠤ ᠭᠡᠳᠡᠭ ᠨᠢ ᠲᠦᠷᠦᠯ ᠬᠤᠪᠢᠶᠠᠨ︵ᠨᠠᠮ ᠤᠨ ᠶᠠᠪᠤᠳᠠᠯ᠂ ᠭᠠᠴᠠᠭᠠᠨ ᠤ ᠶᠠᠪᠤᠳᠠᠯ︶ ᠢᠯᠡ ᠪᠠᠷ ᠨᠡᠶᠢᠳᠡᠯᠡᠬᠦ᠂ ᠳᠡᠰ ᠬᠤᠪᠢᠶᠠᠨ ᠬᠢᠨᠠᠨ ᠬᠠᠮᠢᠶᠠᠷᠬᠤ︶︔ ᠡᠳᠦᠭᠡ᠂ ᠪᠢᠳᠡ ᠨᠢᠭᠡᠨᠳᠡ120 ᠵᠤᠷᠪᠤᠰ ᠢᠯᠡ ᠪᠠᠷ ᠨᠡᠶᠢᠳᠡᠯᠡᠬᠦ ᠴᠢᠬᠤᠯᠠᠳᠠᠢ ᠬᠡᠷᠡᠭ ᠶᠠᠪᠤᠳᠠᠯ ᠤᠳ ᠢ ᠡᠮᠬᠢᠳᠬᠡᠵᠦ᠂ 67 ᠴᠤᠪᠤᠷᠠᠯ ᠵᠢᠷᠤᠭ ᠢ ᠬᠢᠵᠦ᠂ ᠸᠢᠴᠠᠲ ᠤᠯᠠᠨ ᠨᠡᠶᠢᠳᠠ  ᠶᠢᠨ ᠳᠠᠪᠴᠠᠩ᠂ ᠸᠢᠴᠠᠲ ᠤᠨ ᠴᠤᠭᠯᠠᠷᠠᠯ ᠵᠡᠷᠭᠡ ᠢᠯᠡ ᠪᠠᠷ ᠨᠡᠶᠢᠳᠡᠯᠡᠬᠦ ᠳᠠᠪᠴᠠᠩ᠂ ᠮᠠᠯᠴᠢᠨ ᠲᠠᠷᠢᠶᠠᠴᠢᠨ ᠤ ᠨᠦᠬᠦᠪᠦᠷᠢ ᠮᠦᠩᠭᠦ ᠪᠠᠶᠢᠴᠠᠭᠠᠬᠤ ᠰᠢᠰᠲ᠋ᠧᠮ ᠢ ᠪᠠᠶᠢᠭᠤᠯᠤᠨ᠂ ᠶᠠᠭᠤ ᠶᠢ ᠢᠯᠡ ᠪᠤᠯᠭᠠᠬᠤ᠂ ᠬᠡᠵᠢᠶ᠎ᠡ ᠢᠯᠡ ᠪᠤᠯᠭᠠᠬᠤ᠂ ᠬᠡᠷᠬᠢᠨ ᠢᠯᠡ ᠪᠤᠯᠭᠠᠬᠤ ᠠᠰᠠᠭᠤᠳᠠᠯ ᠤᠳ ᠢ ᠰᠢᠢᠳᠪᠤᠷᠢᠯᠡᠵᠡᠢ᠃      ᠶᠠᠩ ᠰᠢᠦᠢ ᠵᠧᠨ᠄ ᠦ᠊ ᠱᠦᠵᠢ᠂ ᠲᠠ ᠳᠠᠶᠠᠭᠠᠷ ᠤᠯᠠᠨ ᠳᠤ“ ᠭᠤᠷᠪᠠᠨ ᠶᠠᠪᠤᠳᠠᠯ” ᠢ ᠢᠯᠡ ᠪᠤᠯᠭᠠᠬᠤ ᠠᠵᠢᠯ ᠳᠤ ᠬᠢᠨᠡᠯᠳᠠ ᠲᠠᠯᠪᠢᠬᠤ ᠲᠠᠯ᠎ᠠ ᠪᠠᠷ ᠳᠠᠨᠠᠷ ᠶᠠᠭᠠᠬᠢᠵᠦ ᠬᠢᠭᠰᠡᠨ ᠲᠤᠬᠠᠢ ᠳᠠᠨᠢᠯᠴᠠᠭᠤᠯᠤᠭᠠᠳ ᠦᠭᠬᠦ ᠪᠤᠯᠪᠠᠦ︖      ᠦᠨᠢᠷᠵᠢᠷᠠᠭᠠᠯ᠄  ᠪᠢᠳᠠ“ ᠭᠤᠷᠪᠠᠨ ᠶᠠᠪᠤᠳᠠᠯ” ᠢ ᠢᠯᠡ ᠪᠤᠯᠭᠠᠬᠤ ᠠᠵᠢᠯ ᠢ ᠴᠢᠩᠭᠠᠳᠬᠠᠬᠤ  ᠲᠠᠯ᠎ᠠ ᠪᠠᠷ ᠨᠢᠭᠡ ᠳᠤ᠂ ᠭᠠᠴᠠᠭ᠎ᠠ ᠳᠤᠰᠬᠤᠨ ᠤ ᠬᠢᠨᠡᠯᠳᠠ ᠲᠠᠯᠪᠢᠬᠤ ᠵᠦᠪᠯᠡᠯ ᠤᠨ ᠮᠦᠷᠳᠡᠨ ᠳᠠᠭᠠᠵᠦ ᠬᠢᠨᠡᠯᠳᠠ ᠲᠠᠯᠪᠢᠬᠤ︔ ᠬᠤᠶᠠᠷ ᠲᠤ᠂ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠡᠳᠦᠷ ᠳᠤᠳᠤᠮ ᠤᠨ ᠬᠢᠨᠠᠯᠳᠠ ᠲᠠᠯᠪᠢᠬᠤ︔ ᠭᠤᠷᠪᠠ ᠳᠤ᠂ ᠲᠤᠬᠠᠶᠢᠯᠠᠭᠰᠠᠨ‌ᠠᠵᠢᠯ ᠤᠨ ᠰᠠᠯᠠᠭ᠎ᠠ ᠮᠦᠴᠢᠷ ᠳᠤᠬᠠᠶᠢᠯᠠᠭᠰᠠᠨ ᠠᠵᠢᠯ ᠤᠨ ᠬᠢᠨᠠᠯᠳᠠ ᠲᠠᠯᠪᠢᠬᠤ︔ ᠲᠦᠷᠪᠡ  ᠳᠤ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠦᠪᠯᠡᠯ ᠤᠨ ᠭᠤᠤᠯᠳᠠᠯᠭ᠎ᠠ ᠲᠠᠢ ᠪᠠᠷ ᠬᠢᠨᠠᠯᠳᠠ ᠲᠠᠯᠪᠢᠬᠤ ᠵᠡᠷᠭᠡ ᠦᠪᠡᠷᠳᠡᠭᠡᠨ ᠬᠢᠨᠠᠯᠳᠠ ᠲᠠᠯᠪᠢᠬᠤ ᠰᠦᠯᠵᠢᠶ᠎ᠠ ᠢ ᠪᠠᠶᠢᠭᠤᠯᠵᠠᠢ᠃       ᠶᠠᠩ ᠰᠢᠦᠢ ᠵᠧᠨ᠄  ᠴᠢ᠊᠂ ᠱᠦᠵᠢ᠂ ᠲᠠ ᠪᠢᠳᠠᠨ ᠲᠠᠢ ᠳᠠᠯᠠᠳ ᠬᠤᠰᠢᠭᠤᠨ ᠤ ᠨᠠᠮ ᠤᠨ ᠰᠤᠷᠳᠠᠯ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠢ ᠲᠦᠯᠬᠢᠨ ᠠᠬᠢᠭᠤᠯᠬᠤ᠂ ᠢᠯᠵᠠᠷᠠᠯ ᠢ ᠡᠰᠡᠷᠭᠦᠴᠡᠬᠦ ᠠᠵᠢᠯ ᠤᠨ ᠲᠠᠯ᠎ᠠ ᠪᠠᠷ ᠬᠢ ᠳᠤᠷᠰᠢᠯᠭ᠎ᠠ ᠪᠠ ᠵᠦᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ  ᠢ ᠬᠡᠷᠬᠢᠨ ᠦᠷᠨᠢᠭᠦᠯᠦᠭᠰᠡᠨ ᠲᠤᠬᠠᠢ ᠬᠤᠪᠢᠶᠠᠯᠴᠠᠬᠤ ᠪᠤᠯᠪᠠᠦ︖       ᠴᠢ᠊᠂ ᠳᠠᠯᠠᠨᠳᠠᠢ᠄  ᠨᠠᠮ ᠤᠨ ᠰᠣᠷᠳᠠᠯ ᠪᠡ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠤᠯᠤᠨ ᠢᠯᠵᠡᠷᠡᠮᠡᠯ ᠢ ᠡᠰᠡᠷᠭᠦᠴᠡᠬᠦ ᠠᠵᠢᠯ ᠤᠨ ᠲᠠᠯ᠎ᠠ  ᠪᠠᠷ᠂ ᠪᠢᠳᠠ ᠭᠤᠤᠯᠳᠠᠭᠤ ᠭᠤᠷᠪᠠᠨ ᠲᠠᠯ᠎ᠠ ᠶᠢᠨ ᠠᠵᠢᠯ ᠢ ᠰᠠᠶᠢᠳᠤᠷ ᠠᠳᠬᠤᠵᠠᠢ᠂ ᠨᠢᠭᠡ ᠳᠤ᠂ ᠶᠠᠭᠤᠨ ᠤ ᠤᠷᠢᠳᠠ ᠰᠡᠷᠡᠮᠵᠢᠯᠡᠭᠦᠯᠦᠨ ᠬᠦᠮᠦᠵᠢᠭᠦᠯᠵᠦ᠂ “ ᠢᠯᠵᠠᠷᠠᠬᠤ ᠰᠠᠨᠠᠭ᠎ᠠ ᠦᠭᠡᠢ” ᠲᠠᠯ᠎ᠠ ᠪᠠᠷ ᠠᠵᠢᠯ ᠬᠢᠨ᠎ᠡ᠃ ᠬᠤᠶᠠᠷ ᠲᠤ᠂ ᠠᠶᠤᠯ ᠳᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠡᠷᠭᠡᠶᠢᠯᠡᠯᠳᠡ ᠶᠢᠨ ᠱᠤᠭᠤᠮ ᠢ ᠪᠠᠬᠢᠵᠢᠭᠦᠯᠵᠦ᠂ “ᠢᠯᠵᠠᠷᠠᠵᠦ ᠪᠤᠯᠬᠤ ᠦᠭᠡᠢ”ᠲᠠᠯ᠎ᠠ ᠪᠠᠷ ᠠᠵᠢᠯ ᠬᠢᠨ᠎ᠡ᠃ ᠭᠤᠷᠪᠠ ᠳᠤ᠂ ᠬᠢᠨᠠᠯᠳᠠ ᠲᠠᠯᠪᠢᠨ ᠰᠠᠬᠢᠯᠭ᠎ᠠ ᠪᠠᠳᠤ ᠶᠢ ᠬᠡᠷᠡᠭᠵᠢᠭᠦᠯᠦᠨ ᠴᠢᠩᠭ᠎ᠠ ᠰᠢᠢᠳᠭᠡᠨ ᠵᠠᠰᠠᠵᠦ᠂“ ᠢᠯᠵᠡᠷᠡᠵᠦ ᠴᠢᠳᠠᠬᠤ ᠦᠭᠡᠢ”ᠲᠠᠯ᠎ᠠ ᠪᠠᠷ ᠠᠵᠢᠯ ᠬᠢᠨ᠎ᠡ᠃ ᠵᠦᠷᠢᠴᠡᠯ ᠵᠢᠭᠤᠷᠠᠯᠳᠤᠭᠠᠨ ᠢ ᠠᠷᠢᠯᠭᠠᠬᠤ ᠲᠠᠯ᠎ᠠ ᠪᠠᠷ᠂ ᠪᠠᠰᠠ‌ᠭᠤᠤᠯᠳᠠᠭᠤ ᠭᠤᠷᠪᠠᠨ ᠲᠠᠯ᠎ᠠ ᠶᠢᠨ ᠠᠵᠢᠯ ᠢ ᠰᠠᠶᠢᠳᠤᠷ ᠠᠳᠬᠤᠵᠠᠢ᠃ ᠨᠢᠭᠡ ᠳᠤ᠂ ᠦᠨᠳᠦᠰᠦᠨ ᠱᠠᠳᠤᠨ ᠤ ᠨᠡᠶᠢᠬᠡᠮ ᠤᠨ ᠵᠠᠰᠠᠯᠳᠠ ᠶᠢ ᠴᠢᠩᠭᠠᠳᠬᠠᠨ᠂ ᠦᠨᠳᠦᠰᠦᠨ ᠱᠠᠳᠤᠨ  ᠤ ᠨᠡᠶᠢᠬᠡᠮ ᠤᠨ ᠵᠠᠰᠠᠯᠳᠠ ‍ᠤᠨ‌‍ᠲ᠋ᠤᠤᠷᠵᠢᠭᠤᠯᠤᠭᠰᠠᠨ‌ᠬᠠᠮᠢᠶᠠᠷᠤᠯᠳᠠ ᠶᠢᠨ ᠬᠡᠯᠪᠡᠷᠢ ᠶᠢ ᠬᠡᠷᠡᠭᠵᠢᠭᠦᠯᠵᠡᠢ᠃ ᠬᠤᠶᠠᠷ ᠲᠤ᠂ ᠤᠳᠤᠷᠢᠳᠤᠯᠭ᠎ᠠ ᠺᠠᠳ᠋ᠷ ᠤᠨ ᠬᠡᠷᠡᠭ ᠢ ᠳᠠᠭᠠᠭᠠᠴᠢᠯᠠᠵᠤ ᠰᠢᠢᠳᠪᠦᠷᠢᠯᠡᠬᠦ ᠶᠢ ᠴᠢᠩᠭᠠᠳᠬᠠᠨ᠂19 ᠨᠡᠷ᠎ᠡ ᠰᠢᠶᠠᠨ ᠤ ᠳᠡᠰ ᠤᠨ ᠤᠳᠤᠷᠢᠳᠤᠯᠭ᠎ᠠ 9 ᠰᠤᠮᠤ ᠪᠠᠯᠭᠠᠰᠤ ᠶᠢ ᠬᠤᠯᠪᠤᠭᠠᠯᠠᠨ‌‍ᠲ᠋ᠠᠭᠠᠭᠠᠴᠢᠯᠠᠨ ᠠᠪᠴᠦ᠂132 ᠠᠵᠢᠯ ᠤᠨ ᠠᠩᠭᠢ ᠭᠠᠴᠠᠭ᠎ᠠ ᠳᠤᠰᠬᠤᠨ ᠢ ᠬᠤᠯᠪᠤᠭᠠᠯᠠᠨ ᠳᠠᠭᠠᠭᠠᠴᠢᠯᠠᠬᠤ ᠶᠢ ᠳᠤᠬᠢᠷᠠᠭᠤᠯᠵᠠᠢ᠃ ᠭᠤᠷᠪᠠ ᠳᠤ᠂ ᠵᠠᠬᠢᠳᠠᠯ ᠰᠤᠷᠪᠤᠯᠵᠢᠯᠠᠭ᠎ᠠ ᠶᠢᠨ ᠤᠨ ᠤᠳᠠᠭᠰᠠᠨ ᠬᠡᠷᠡᠭ ᠢ ᠰᠢᠢᠳᠪᠤᠷᠢᠯᠡᠬᠦ ᠶᠢ ᠴᠢᠩᠭᠠᠳᠬᠠᠵᠦ᠂“6 + N”ᠵᠠᠬᠢᠳᠠᠯ ᠰᠤᠷᠪᠤᠯᠵᠢᠯᠠᠭ᠎ᠠ ᠶᠢᠨ ᠨᠡᠶᠢᠬᠡᠮᠴᠢᠯᠡᠭᠰᠡᠨ ᠬᠠᠮᠳᠤᠷᠠᠨ ᠡᠶᠡᠳᠡᠭᠦᠯᠬᠦ ᠠᠵᠢᠯ ᠤᠨ ᠳᠤᠭᠳᠠᠴᠠ ᠶᠢ ᠪᠠᠶᠢᠭᠤᠯᠵᠠᠢ᠃       ᠶᠠᠩ ᠰᠢᠦᠢ ᠵᠧᠨ᠄  ᠰᠠᠶ᠋ᠢᠬᠠᠨ ᠴᠢ᠊᠂ ᠱᠦᠵᠢ ᠪᠢᠳᠠᠨ ᠳᠤ ᠨᠠᠮ ᠤᠨ ᠰᠤᠷᠳᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠵᠢᠴᠢ ᠵᠦᠷᠢᠴᠡᠯ ᠵᠢᠭᠤᠷᠠᠯᠳᠤᠭᠠᠨ ᠢ ᠠᠷᠢᠯᠭᠠᠬᠤ ᠲᠠᠯ᠎ᠠ ᠪᠠᠷ ᠠᠪᠤᠭᠰᠠᠨ ᠠᠷᠭ᠎ᠠ ᠪᠠᠷᠢᠯ ᠢ ᠲᠠᠨᠢᠯᠴᠠᠭᠤᠯᠵᠠᠢ︔ ᠳᠡᠭᠡᠪᠡᠯ ᠰᠠᠬᠢᠯᠭ᠎ᠠ ᠪᠠᠳᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠨᠠᠮ ᠤᠨ ᠳᠤᠳᠤᠭᠠᠳᠤᠬᠢ ᠳᠤᠰᠬᠠᠢ ᠬᠢᠨᠠᠯᠳᠠ ᠲᠠᠯᠪᠢᠬᠤ ᠪᠠᠶᠢᠭᠤᠯᠭ᠎ᠠ ᠪᠤᠯᠤᠭᠰᠠᠨ ᠤ ᠬᠤᠪᠢ ᠳᠤ ᠬᠡᠷᠬᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠤᠢ︖      ᠦᠨᠢᠷᠵᠢᠷᠭᠠᠯ᠄ ᠨᠠᠮ ᠤᠨ ᠰᠤᠷᠳᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠲᠠᠯ᠎ᠠ ᠪᠠᠷ ᠪᠢᠳᠡ ᠲᠤᠤᠷᠠᠬᠢ ᠭᠤᠷᠪᠠᠨ ᠲᠠᠯ᠎ᠠ ᠠᠴᠠ ᠡᠬᠢᠯᠡᠨ ᠭᠠᠷ ᠲᠦᠷᠦᠵᠠᠢ᠃       ᠨᠢᠭᠡ ᠳᠤ᠂ ᠬᠢᠨᠠᠨ ᠪᠠᠶᠢᠴᠠᠭᠠᠬᠤ ᠠᠵᠢᠯ ᠢᠶᠠᠨ ᠴᠢᠩᠭᠠᠳᠬᠠᠨ᠎ᠠ᠃       ᠬᠤᠶᠠᠷ ᠳᠤ᠂ ᠡᠳᠦᠷ ᠳᠤᠳᠤᠮ ᠤᠨ ᠬᠢᠨᠠᠯᠳᠠ ᠲᠠᠯᠪᠢᠬᠤ ᠪᠠᠨ ᠴᠢᠩᠭᠠᠳᠬᠠᠨ᠎ᠠ᠃       ᠭᠤᠷᠪᠠ ᠳᠤ᠂ ᠪᠠᠶᠢᠭᠤᠯᠤᠯ ᠳᠤᠭᠳᠠᠴᠠ ᠪᠠᠨ ᠪᠦᠷᠢᠨᠰᠢᠭᠦᠯᠦᠨ᠎ᠡ᠃       ᠦᠨᠳᠦᠰᠦᠨ ᠱᠠᠳᠤᠨ ᠤ ᠵᠦᠷᠢᠴᠡᠯ ᠵᠢᠭᠤᠷᠠᠯᠳᠣᠭᠠᠨ ᠢ ᠢᠳᠡᠪᠬᠢᠳᠡᠢ ᠪᠠᠷ ᠠᠷᠢᠯᠭᠠᠬᠤ ᠲᠠᠯ᠎ᠠ ᠪᠠᠷ“ ᠳᠡᠭᠡᠭᠰᠢ ᠵᠠᠬᠢᠳᠠᠯ ᠰᠤᠷᠪᠤᠯᠵᠢᠯᠠᠭ᠎ᠠ ᠬᠢᠬᠦ ᠶᠢ ᠬᠤᠪᠢᠷᠠᠭᠤᠯᠤᠨ ᠳᠤᠷᠤᠭᠰᠢ ᠵᠠᠬᠢᠳᠠᠯ ᠰᠤᠷᠪᠤᠯᠵᠢᠠᠯᠭ᠎ᠠ ᠬᠢᠬᠦ” ᠬᠦᠳᠡᠯᠭᠡᠭᠡᠨ ᠢ ᠬᠢᠨᠠᠮᠠᠭᠠᠢ ᠦᠷᠨᠢᠭᠦᠯᠦᠨ᠂ “ᠨᠢᠭᠡ ᠪᠦᠯᠦᠭ ᠢ ᠨᠢ ᠰᠤᠷᠭᠠᠨ ᠬᠦᠮᠦᠵᠢᠭᠦᠯᠦᠨ ᠵᠢᠯᠤᠭᠤᠳᠴᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢ ᠰᠢᠯᠵᠢᠭᠦᠯᠦᠨ ᠬᠦᠷᠭᠡᠵᠦ᠂ ᠨᠢᠭᠡ ᠪᠦᠯᠦᠭ ᠢ ᠨᠢ ᠬᠠᠪᠰᠤᠷᠤᠨ ᠰᠢᠢᠳᠪᠦᠷᠢᠯᠡᠵᠦ᠂ ᠨᠢᠭᠡ ᠪᠦᠯᠦᠭ ᠳᠤ  ᠨᠢ ᠬᠦᠮᠦᠨᠴᠢ ᠬᠠᠯᠠᠮᠵᠢᠯᠠᠯ ᠬᠦᠷᠳᠡᠭᠡᠬᠦ” ᠵᠡᠷᠭᠡ ᠲᠦᠷᠪᠡᠨ ᠨᠢᠭᠡ ᠪᠦᠯᠦᠭ ᠠᠷᠭ᠎ᠠ ᠪᠠᠷᠢᠯ ᠢᠶᠠᠷ᠂ ᠦᠨᠳᠦᠰᠦᠨ ᠱᠠᠳᠤᠨ ᠤ ᠵᠦᠷᠢᠴᠡᠯ ᠮᠦᠷᠭᠦᠯᠳᠦᠭᠡᠨ ᠢ ᠨᠠᠮᠳᠠᠭᠤᠯᠵᠦ ᠪᠠᠶᠢᠨ᠎ᠠ᠃       ᠶᠠᠩ ᠰᠢᠦᠢ ᠵᠧᠨ᠄  ᠴᠢ᠊᠂ ᠱᠦᠵᠢ  ᠳᠡᠭᠡᠪᠡᠯ ᠮᠠᠨ ᠤ ᠳᠠᠯᠠᠳ ᠬᠤᠰᠢᠭᠤᠨ ᠤ “ᠠᠷᠢᠭᠤᠨ ᠴᠢᠭᠡᠴᠢ ᠺᠠᠳ᠋ᠷ” ᠢ ᠰᠢᠯᠭᠠᠨ ᠰᠣᠩᠭᠤᠬᠤ ᠠᠵᠢᠯ ᠤᠨ ᠲᠠᠯ᠎ᠠ ᠪᠠᠷ ᠶᠠᠮᠠᠷ ᠤᠨᠴᠠᠯᠢᠭ ᠪᠠᠶᠢᠬᠤ ᠪᠤᠢ︖        ᠴᠢ᠊᠂ ᠳᠠᠯᠠᠨᠳᠠᠢ᠄  ᠮᠠᠨ ᠤ ᠬᠤᠰᠢᠭᠤᠨ ᠤ“ᠠᠷᠢᠭᠤᠨ ᠴᠢᠭᠡᠴᠢ ᠺᠠᠳ᠋ᠷ” ᠢ ᠰᠢᠯᠭᠠᠨ ᠰᠣᠩᠭᠤᠬᠤ ᠬᠦᠳᠡᠯᠭᠡᠭᠡᠨ ᠤ ᠳᠤᠪᠤᠶᠢᠮ᠎ᠠ ᠤᠨᠴᠠᠯᠢᠭ ᠪᠤᠯ ᠳᠠᠷᠤᠢ ᠮᠠᠨ ᠤ ᠬᠤᠰᠢᠭᠤᠨ ᠤ ᠭᠤᠤᠯᠳᠠᠯᠭᠠᠳᠤ ᠠᠵᠢᠯ᠂ ᠴᠢᠬᠤᠯᠠ ᠠᠵᠢᠯ ᠢ ᠬᠠᠷᠢᠯᠴᠠᠨ ᠨᠢᠭᠳᠠ ᠤᠶᠠᠯᠳᠤᠭᠤᠯᠤᠨ᠎ᠠ᠃ ᠨᠢᠭᠡ ᠳᠤ᠂ “ ᠺᠠᠳ᠋ᠷ ᠤᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢᠨ ᠤᠨ” ᠤ ᠬᠦᠳᠡᠯᠭᠡᠭᠡᠨ ᠢ ᠦᠷᠨᠢᠭᠦᠯᠬᠦ ᠲᠠᠢ ᠬᠠᠷᠢᠯᠴᠠᠨ ᠤᠶᠠᠯᠳᠤᠭᠤᠯᠤᠨ᠎ᠠ᠃ ᠬᠤᠶᠠᠷ ᠳᠤ᠂“ ᠬᠤᠳᠠᠯᠳᠤᠭ᠎ᠠ‌ᠡᠵᠡᠩᠨᠡᠬᠦ ᠣᠷᠴᠢᠨ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠤᠨ” ᠤ ᠬᠦᠳᠡᠯᠭᠡᠭᠡᠨ ᠢ ᠦᠷᠨᠢᠭᠦᠯᠬᠦ ᠲᠠᠢ ᠬᠠᠷᠢᠯᠴᠠᠨ ᠤᠶᠠᠯᠳᠤᠭᠤᠯᠤᠨ᠂ ᠪᠦᠬᠦ ᠲᠠᠯ᠎ᠠ ᠪᠠᠷ ᠬᠦᠭᠵᠢᠯᠳᠠ  ᠶᠢᠨ ᠤᠷᠴᠢᠨ ᠠᠬᠤᠢ ᠢ ᠰᠢᠯᠢᠳᠡᠭᠵᠢᠭᠦᠯᠦᠨ᠎ᠠ᠃ ᠭᠤᠷᠪᠠ ᠳᠤ᠂“ ᠰᠤᠷᠤᠯᠴᠠᠬᠤ ᠮᠠᠶ᠋ᠢᠭ ᠤᠨ᠂ ᠦᠢᠯᠡᠴᠢᠯᠡᠭᠡᠨ ᠤ ᠮᠠᠶ᠋ᠢᠭ ᠤᠨ᠂ ᠰᠢᠨ᠎ᠡ ᠶᠢ ᠡᠭᠦᠳᠬᠦ ᠮᠠᠶ᠋ᠢᠭ ᠤᠨ ᠂  ᠴᠢᠷᠮᠠᠶᠢᠨ‌‍ᠲ᠋ᠡᠮᠡᠴᠡᠬᠦ ᠮᠠᠶ᠋ᠢᠭ ᠤᠨ ᠲᠦᠷᠪᠡᠨ ᠬᠡᠯᠪᠡᠷᠢ ᠶᠢᠨ ᠪᠠᠶᠢᠭᠤᠯᠭ᠎ᠠ” ᠢ ᠪᠦᠲᠦᠭᠡᠨ ᠪᠠᠶᠢᠭᠤᠯᠬᠤ ᠬᠦᠳᠡᠯᠭᠡᠭᠡᠨ ᠲᠠᠢ ᠬᠠᠷᠢᠯᠴᠠᠨ ᠤᠶᠠᠯᠳᠤᠭᠤᠯᠤᠨ᠎ᠠ᠃       ᠶᠠᠩ ᠰᠢᠦᠢ ᠵᠧᠨ᠄ ᠦ᠊᠂ ᠱᠦᠵᠢ᠂“ ᠠᠷᠢᠭᠤᠨ ᠴᠢᠬᠡᠴᠢ ᠺᠠᠳ᠋ᠷ” ᠢ ᠰᠤᠩᠭᠤᠨ ᠦᠨᠡᠯᠡᠬᠦ ᠠᠵᠢᠯ ᠤᠨ ᠳᠤᠮᠳᠠ ᠮᠠᠨ ᠤ ᠳᠠᠯᠠᠳ ᠬᠤᠰᠢᠭᠤᠨ ᠤ ᠰᠠᠬᠢᠯᠭ᠎ᠠ ᠪᠠᠳᠤ  ᠬᠢᠨᠠᠨ‌‍ᠪᠠᠶᠢᠴᠠᠭᠠᠬᠤ ᠵᠦᠪᠯᠡᠯ ᠤᠨ ᠬᠢᠨ ᠶᠠᠭᠠᠬᠢᠵᠦ ᠬᠢᠭᠰᠡᠨ ᠪᠤᠢ︖       ᠦᠨᠢᠷᠵᠢᠷᠭᠠᠯ᠄ ᠪᠢᠳᠡ ᠤᠯᠤᠰ ᠲᠦᠷᠦ ᠶᠢᠨ ᠲᠠᠯ᠎ᠠ ᠪᠠᠷ ᠪᠠᠳᠤ ᠴᠢᠩᠭ᠎ᠠ᠂ ᠰᠠᠬᠢᠯᠭ᠎ᠠ ᠶᠢ ᠵᠢᠷᠤᠮᠯᠠᠨ ᠬᠠᠦᠯᠢ ᠶᠢ ᠰᠠᠬᠢᠬᠤ᠂ ᠡᠭᠦᠷᠭᠡᠯᠡᠯ ᠬᠠᠷᠢᠭᠤᠴᠠᠯᠭ᠎ᠠ  ᠲᠠᠢ ᠪᠠᠷ ᠠᠷᠠᠳ ᠲᠦᠮᠡᠨ ᠤ ᠲᠦᠯᠦᠭᠡ ᠦᠢᠯᠡᠴᠢᠯᠡᠬᠦ ᠪᠠᠷ ᠴᠢᠩᠭ᠎ᠠ ᠵᠢᠷᠤᠮᠯᠠᠯ ᠪᠤᠯᠭᠠᠵᠦ᠂  ᠬᠤᠪᠢ ᠬᠦᠮᠦᠨ ᠤ ᠭᠤᠶᠤᠴᠢᠯᠠᠨ ᠮᠡᠳᠡᠭᠦᠯᠬᠦ᠂ ᠠᠩᠬ᠎ᠠ ᠠᠯᠬᠤᠮ ᠤᠨ ᠪᠠᠶᠢᠴᠠᠭᠠᠯᠳᠠ᠂ ᠳᠠᠬᠢᠨ ᠬᠢᠨᠠᠯᠳᠠ ᠪᠠᠷ ᠬᠢᠨᠠᠨ ᠳᠤᠭᠳᠠᠭᠠᠬᠤ᠂ ᠢᠯᠡ ᠪᠤᠯᠭᠠᠨ ᠨᠡᠶᠢᠳᠡᠯᠡᠬᠦ᠂ ᠦᠷ᠎ᠡ ᠳ᠋ᠦᠩ ᠢ ᠨᠤᠳᠠᠯᠠᠬᠤ᠂ ᠵᠠᠭᠤᠴᠢᠯᠠᠭᠤᠷ ᠳᠡᠭᠡᠷ᠎ᠡ ᠵᠠᠷᠯᠠᠬᠤ᠂  ᠨᠦᠬᠦᠵᠦ ᠨᠤᠳᠠᠯᠠᠬᠤ ᠵᠡᠷᠭᠡ ᠲᠤᠯᠤᠭᠠᠨ ᠠᠯᠬᠤᠮ ᠢᠶᠠᠷ ᠴᠢᠩᠭ᠎ᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠳᠤ᠂“ ᠨᠢᠭᠡ ᠬᠦᠮᠦᠨ ᠨᠢᠭᠡ ᠨᠤᠮᠧᠷ ᠨᠢᠭᠡ ᠡᠪᠬᠡᠮᠡᠯ ᠦᠷ᠎ᠡ ᠳ᠋ᠦᠩ ᠤᠨ ᠬᠡᠷᠡᠭᠯᠡᠯᠳᠡ”ᠬᠡᠭᠦ ᠬᠤᠶᠠᠷ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠠᠪᠴᠦ᠂ “ ᠠᠷᠢᠭᠤᠨ ᠴᠢᠬᠡᠴᠢ ᠺᠠᠳ᠋ᠷ” ᠤᠨ ᠲᠤᠬᠠᠢ ᠬᠠᠮᠢᠶᠠᠷᠤᠯᠳᠠ ᠢ ᠴᠢᠨᠩᠭᠠᠳᠬᠠᠵᠠᠢ᠃ ᠡᠲᠦᠭᠡ᠂ ᠪᠦᠬᠦ ᠬᠤᠰᠢᠭᠤ ᠨᠡᠶᠢᠳᠡ531 ᠨᠡᠷᠡᠰ“ ᠠᠷᠢᠭᠤᠨ ᠴᠢᠬᠡᠴᠢ ᠺᠠᠳ᠋ᠷ” ᠤᠨ ᠵᠢᠱᠢᠭᠳᠡᠭᠰᠡᠳ ᠢ ᠰᠤᠩᠭᠤᠨ ᠭᠠᠷᠭᠠᠵᠦ᠂ ᠵᠣᠬᠢᠬᠤ ᠠᠯᠬᠤᠮ ᠳᠠᠷᠠᠭ᠎ᠠ ᠪᠠᠷ ᠶᠠᠭ ᠬᠢᠨᠠᠨ ᠬᠠᠷᠭᠤᠭᠤᠯᠵᠦ ᠪᠠᠶᠢᠨ᠎ᠠ᠃        ᠶᠠᠩ ᠰᠢᠦᠢ ᠵᠧᠨ᠄ ᠦᠷᠭᠡᠨ ᠤᠯᠠᠨ ᠰᠦᠯᠵᠢᠶᠠᠨ ᠨᠠᠶᠢᠵᠠ‌ᠨᠠᠷ ᠤᠨ ᠢᠶᠠᠨ ᠬᠦᠯᠢᠶᠡᠨ ᠠᠪᠴᠦ ᠦᠵᠡᠭᠰᠡᠨ ᠳᠤ ᠲᠠᠯᠠᠷᠬᠠᠵᠦ ᠪᠠᠶᠢᠨ᠎ᠠ᠂ ᠪᠢᠳᠠ ᠳᠠᠷᠠᠭᠠᠴᠢ  ᠶᠢᠨ ᠳ᠋ᠤᠭᠠᠷ ᠲᠤ ᠪᠠᠨ ᠳᠠᠬᠢᠨ ᠵᠤᠯᠭᠠᠶ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ