ᠵᠠᠮᠪᠠᠯᠳᠤᠷᠵᠢ
ᠨᠡᠶᠢᠲᠡᠯᠡᠭᠰᠡᠨ ᠴᠠᠭ᠄
2018/12/26
          ᠵᠠᠮᠪᠠᠯᠳᠤᠷᠵᠢ ︵1909 —1967 ᠤᠨ︶᠂ ᠮᠤᠩᠭᠤᠯ ᠦᠨᠳᠦᠰᠦᠳᠡᠨ᠂ ᠶᠡᠭᠡ ᠵᠤᠤ ᠶᠢᠨ ᠴᠢᠭᠤᠯᠭᠠᠨ ᠤ ᠳᠠᠯᠠᠳ ᠬᠤᠰᠢᠭᠤᠨ ᠤ ᠵᠠᠰᠠᠭ ᠨᠤᠶᠠᠨ ᠰᠦᠮᠪᠤᠷᠪᠠᠳᠤ ᠶᠢᠨ ᠬᠤᠶᠠᠳᠤᠭᠠᠷ ᠬᠦᠪᠡᠭᠦᠨ ᠪᠤᠯᠤᠨ ᠲᠦᠷᠦᠵᠡᠢ᠃         ᠵᠠᠮᠪᠠᠯᠳᠤᠷᠵᠢ ᠪᠠᠭ᠎ᠠ ᠠᠴᠠ ᠪᠠᠨ ᠭᠡᠷ ᠤᠨ ᠰᠤᠷᠭᠠᠭᠤᠯᠢ ᠳᠤ ᠪᠢᠴᠢᠭ ᠦᠵᠡᠵᠦ᠂ ᠬᠢᠳᠠᠳ ᠪᠢᠴᠢᠭ ᠢ ᠤᠩᠰᠢᠨ ᠰᠤᠷᠴᠦ᠂ ᠮᠤᠩᠭᠤᠯ ᠬᠡᠯᠡ ᠶᠢ ᠪᠢᠴᠢᠵᠦ ᠴᠢᠳᠠᠬᠤ ᠬᠡᠮᠵᠢᠶᠡᠨ ᠳᠤ ᠬᠦᠷᠴᠡᠢ᠃ ᠮᠤᠩᠭᠤᠯ ᠡᠮᠨᠡᠯᠭᠡ ᠶᠢ ᠦᠪᠡᠰᠦᠪᠡᠨ ᠰᠤᠷᠴᠦ᠂ ᠵᠤᠬᠢᠬᠤ ᠬᠡᠮᠵᠢᠶᠠᠨ ᠤ ᠵᠡᠭᠦᠦ ᠳᠦᠭᠡᠨᠡᠯᠭᠡ ᠶᠢᠨ ᠮᠡᠷᠭᠡᠵᠢᠯ ᠢ ᠡᠵᠡᠮᠰᠢᠭᠡᠳ᠂ ᠶᠡᠷᠦᠳᠡ ᠶᠢᠨ ᠡᠪᠡᠳᠴᠢᠨ ᠢ ᠡᠮᠨᠡᠵᠦ ᠴᠢᠳᠠᠳᠠᠭ ᠪᠤᠯᠪᠠ᠃ ᠪᠠᠰᠠ ᠰᠡᠭᠦᠳᠡᠷᠯᠡᠬᠦ᠂ ᠰᠢᠳᠠᠷ᠎ᠠ ᠲᠠᠯᠪᠢᠬᠤ ᠳᠤᠷᠠᠰᠢᠯ ᠲᠠᠢ ᠪᠠᠶᠢᠵᠠᠢ᠃ ᠲᠡᠭᠦᠨ ᠤ ᠵᠠᠩ ᠠᠭᠠᠯᠢ ᠨᠤᠮᠤᠬᠠᠨ ᠳᠦᠯᠭᠡᠨ ᠲᠤᠯᠠ᠂ ᠸᠠᠩ ᠤᠨ ᠤᠷᠳᠤᠨ ᠤ ᠳᠤᠤᠷᠠᠳᠤᠰ ᠪᠤᠯᠤᠨ ᠳᠦᠷᠦᠯ ᠰᠠᠳᠤᠨ ᠤᠨ ᠡᠪᠡᠳᠴᠢᠨ ᠢ ᠡᠮᠨᠡᠨ ᠵᠠᠰᠠᠭᠠᠳ᠂ ᠬᠦᠮᠦᠰ ᠤᠨ ᠬᠦᠨᠳᠦᠳᠬᠡᠯ ᠢ ᠤᠯᠤᠭᠰᠠᠨ ᠪᠠᠶᠢᠨ᠎ᠠ᠃        1934 ᠤᠨ ᠳᠤ᠂ ᠰᠦᠢᠶᠤᠸᠠᠨ ᠤ ᠬᠢᠯᠢ ᠳᠤᠳᠤᠷᠠᠬᠢ ᠮᠤᠩᠭᠤᠯ ᠵᠠᠰᠠᠭ ᠤᠨ ᠬᠤᠷᠠᠯ ᠤᠨ ᠭᠡᠰᠢᠭᠦᠨ ᠪᠤᠯᠪᠡ᠃1937 ᠤᠨ ᠳᠤ ᠺᠠᠨᠳᠠᠨᠳᠤᠷᠵᠢ ᠶᠢ ᠮᠠ ᠵᠠᠨ ᠱᠠᠨ ᠰᠤᠯᠠ ᠬᠤᠷᠢᠨ ᠬᠢᠵᠠᠭᠠᠷᠯᠠᠭᠰᠠᠨ ᠤ ᠳᠠᠷᠠᠭ᠎ᠠ᠂ ᠵᠠᠮᠪᠠᠯᠳᠤᠷᠵᠢ ᠸᠠᠩ ᠨᠤᠶᠠᠨ ᠤ ᠳᠤᠰᠢᠶᠠᠯ ᠢ ᠤᠷᠤᠯᠠᠨ ᠬᠠᠷᠢᠭᠤᠴᠠᠪᠠ᠃1944 ᠤᠨ ᠳᠤ᠂ ᠳᠠᠮᠴᠤᠭᠳᠤᠩᠷᠤᠪ ᠤᠨ ᠬᠠᠭᠤᠷᠮᠠᠭ ᠮᠤᠩᠭᠤᠯ ᠴᠡᠷᠢᠭ ᠤᠨ ᠶᠡᠭᠡ ᠵᠤᠤ ᠶᠢᠨ ᠴᠭᠤᠯᠭᠠᠨ ᠤ ᠳᠠᠪᠤᠳᠤᠭᠠᠷ ᠶᠡᠭᠡ ᠠᠩᠭᠢ ᠶᠢᠨ ᠳᠠᠷᠤᠭ᠎ᠠ ᠶᠢᠨ ᠨᠡᠷ᠎ᠡ ᠶᠢ ᠵᠡᠭᠦᠪᠡ᠃1945 ᠤᠨ ᠳᠤ ᠺᠠᠨᠳᠠᠨᠳᠤᠷᠵᠢ ᠪᠤᠴᠠᠵᠦ ᠢᠷᠡᠭᠡᠳ᠂ ᠸᠠᠩ ᠨᠤᠶᠠᠨ ᠤ ᠳᠤᠰᠢᠶᠠᠯ ᠢ ᠳᠠᠬᠢᠨ ᠪᠤᠴᠠᠭᠠᠪᠠ᠃1948 ᠤᠨ ᠤ11 ᠰᠠᠷ᠎ᠠ᠂ ᠺᠠᠨᠳᠠᠨᠳᠤᠷᠵᠢ ᠨᠠᠰᠤ ᠪᠠᠷᠠᠵᠦ᠂ ᠵᠠᠮᠪᠠᠯᠳᠤᠷᠵᠢ ᠭᠡᠷᠢᠶᠡᠰ ᠶᠤᠰᠤᠭᠠᠷ ᠵᠠᠰᠠᠭ ᠨᠤᠶᠠᠨ ᠤ ᠳᠤᠰᠢᠶᠠᠯ ᠢ ᠵᠠᠯᠭᠠᠮᠵᠢᠯᠠᠪᠠ᠃1949 ᠤᠨ ᠳᠤ᠂ ᠵᠠᠰᠠᠭ ᠤᠨ ᠨᠤᠶᠠᠨ ᠤ ᠡᠷᠬᠡ ᠶᠢ ᠳᠡᠭᠦᠦ ᠸᠠᠩᠴᠢᠨᠳᠤᠷᠵᠢ ᠳᠤ ᠨᠠᠶᠢᠷ ᠲᠠᠯᠪᠢᠨ ᠦᠭᠴᠦ᠂ ᠦᠪᠡᠷ ᠢᠶᠠᠨ ᠠᠮᠤᠷ ᠶᠢ ᠬᠠᠮᠠᠭᠠᠯᠠᠬᠤ ᠰᠧᠯᠢᠩ ᠪᠤᠯᠤᠭᠠᠳ᠂ ᠴᠢᠯᠦᠭᠡᠯᠡᠭᠳᠡᠬᠦ ᠪᠤᠯᠳᠠᠯ᠎ᠠ ᠳᠤᠰ ᠳᠤᠰᠢᠶᠠᠯ ᠢ ᠡᠭᠦᠷᠭᠡᠯᠡᠵᠦ ᠪᠠᠶᠢᠵᠠᠢ᠃        ᠴᠢᠯᠤᠭᠡᠯᠡᠭᠳᠡᠭᠰᠡᠨ ᠤ ᠳᠠᠷᠠᠭ᠎ᠠ᠂ ᠳᠠᠯᠠᠳ ᠬᠤᠰᠢᠭᠤᠨ ᠤ ᠠᠮᠤᠷ ᠢ ᠬᠠᠮᠠᠭᠠᠯᠠᠬᠤ ᠰᠧᠯᠢᠩ᠂ ᠶᠡᠭᠡ ᠵᠤᠤ ᠠᠶᠢᠮᠠᠭ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠭᠡᠰᠢᠭᠦᠨ᠂ ᠶᠡᠭᠡ ᠵᠤᠤ ᠴᠡᠷᠢᠭ ᠤᠨ ᠬᠤᠪᠢᠶᠠᠷᠢ ᠲᠤᠭᠤᠷᠢᠭ ᠤᠨ ᠲᠤᠯᠤᠳᠤᠭᠠᠷ ᠰᠠᠯᠪᠤᠷᠢ ᠠᠩᠭᠢ ᠶᠢᠨ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠵᠠᠢ᠃1953 ᠤᠨ ᠳᠤ᠂ ᠰᠦᠢᠶᠤᠸᠠᠨ ᠮᠤᠵᠢ ᠶᠢᠨ ᠴᠡᠷᠢᠭ ᠤᠨ ᠲᠤᠭᠤᠷᠢᠭ ᠤᠨ ᠺᠠᠳ᠋ᠷ ᠤᠨ ᠪᠤᠯᠪᠠᠰᠤᠷᠠᠯ ᠤᠨ ᠪᠦᠯᠬᠦᠮ ᠳᠤ ᠰᠤᠷᠤᠯᠴᠠᠵᠦ᠂ ᠰᠡᠭᠦᠯᠡᠷ ᠨᠢ ᠬᠤᠸᠠᠪᠸᠢ ᠶᠢᠨ ᠴᠡᠷᠢᠭ ᠤᠨ ᠲᠤᠭᠤᠷᠢᠭ ᠤᠨ ᠰᠤᠷᠤᠯᠴᠠᠬᠤ ᠪᠦᠯᠬᠦᠮ ᠳᠤ ᠰᠢᠯᠵᠢᠨ ᠰᠤᠷᠤᠯᠴᠠᠪᠠ᠃ 1955 ᠤᠨ ᠳᠤ ᠴᠡᠷᠢᠭ ᠠᠴᠠ ᠬᠠᠯᠠᠭᠳᠠᠨ᠂ ᠱᠠᠨ ᠰᠢ ᠮᠤᠵᠢ ᠶᠢᠨ ᠠᠷᠠᠳ ᠤᠨ ᠵᠦᠪᠯᠡᠯ ᠤᠨ ᠵᠦᠪᠳᠡᠭᠴᠢ ᠪᠠᠷ ᠠᠵᠢᠯᠯᠠᠵᠦ᠂ ᠰᠡᠭᠦᠯᠡᠷ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠵᠦᠪᠳᠡᠬᠦ ᠭᠡᠷ ᠲᠤ ᠵᠦᠪᠳᠡᠭᠴᠢ ᠪᠠᠷ ᠰᠢᠯᠵᠢᠨ ᠢᠷᠡᠵᠦ ᠠᠵᠢᠯᠯᠠᠪᠠ᠃1967 ᠤᠨ  ᠳᠤ ᠬᠦᠬᠡᠬᠤᠳᠠ ᠳᠤ ᠨᠠᠰᠤ ᠪᠠᠷᠠᠪᠠ᠃59 ᠨᠠᠰᠤᠳᠠᠢ ᠪᠠᠶᠢᠵᠠᠢ᠃
ᠢᠷᠡᠯᠲᠡ᠄ ︽ᠳᠠᠯᠠᠳ ᠤᠨ ᠰᠤᠶᠤᠯ ᠲᠡᠦᠬᠡ︾ ᠭᠡᠬᠦ ᠨᠤᠮ ᠠᠴᠠ ᠪᠠᠭᠤᠯᠭᠠᠪᠠ᠃