ᠡᠩᠭᠡᠪᠡᠢ ᠠᠮᠢ ᠠᠬᠤᠢ ᠶᠢᠨ ᠵᠢᠭᠤᠯᠴᠢᠯᠠᠯ ᠤᠨ ᠤᠷᠤᠨ
ᠨᠡᠶᠢᠲᠡᠯᠡᠭᠰᠡᠨ ᠴᠠᠭ᠄
2018/5/11

        ᠡᠩᠭᠡᠪᠡᠢ ᠨᠢ ᠤᠷᠳᠤᠰ ᠬᠤᠲᠠ ᠶᠢᠨ ᠳᠠᠯᠠᠳ ᠬᠤᠰᠢᠭᠤᠨ ᠤ ᠤᠯᠠᠭᠠᠨ ᠰᠢᠶᠠᠩ᠂ ᠬᠠᠳᠤᠨ ᠭᠤᠤᠯ ᠤᠨ ᠡᠮᠦᠨ᠎ᠡ ᠡᠷᠭᠢ᠂ ᠬᠦᠪᠴᠢ ᠶᠢᠨ ᠡᠯᠡᠰᠦᠨ ᠤ ᠲᠤᠮᠲᠠ

ᠭᠡᠰᠡᠭ ᠲᠤ  ᠪᠠᠶᠢᠷᠢᠯᠠᠵᠦ ᠪᠠᠶᠢᠳᠠᠭ᠃ ᠡᠩᠭᠡᠪᠡᠢ ᠨᠢ ᠠᠮᠤᠷ ᠠᠮᠤᠭᠤᠯᠠᠩ᠂ ᠦᠯᠵᠡᠢ ᠪᠡᠯᠭᠡᠲᠡᠢ ᠭᠡᠰᠡᠨ ᠮᠤᠩᠭᠤᠯ ᠦᠭᠡᠨ ᠠᠴᠠ ᠢᠷᠡᠯᠲᠡᠢ ᠪᠢᠯᠡ᠃  ᠡᠩᠭᠡᠪᠡᠢ ᠠᠮᠢ ᠠᠬᠤᠢ

ᠵᠢᠨ‌ᠵᠢᠭᠤᠯᠴᠢᠯᠠᠯ ᠶᠢᠨ ᠤᠷᠣᠨ ᠤ ᠪᠦᠬᠦ ᠲᠠᠯᠠᠪᠠᠢ ᠨᠢ30 ᠲᠦᠮᠡᠨ ᠮᠤ᠋᠂ ᠡᠭᠦᠨ ᠳᠤ ᠡᠯᠡᠰᠦᠨ ᠤ ᠲᠠᠯᠠᠪᠠᠢ ᠨᠢ18 ᠲᠦᠮᠡᠨ ᠮᠤ᠋᠂  ᠪᠡᠯᠴᠢᠭᠡᠷ ᠨᠤᠳᠤᠭ ᠤᠨ ᠲᠠᠯᠠᠪᠠᠢ

 ᠨᠢ12 ᠲᠦᠮᠡᠨ ᠮᠤ᠋ ᠪᠠᠶᠢᠵᠤ᠂ ᠨᠢᠭᠡᠨ ᠨᠡᠷᠡᠳᠡᠢ ᠡᠯᠡᠰᠦ ᠵᠠᠰᠠᠬᠤ ᠲᠦᠪ ᠪᠤᠯᠤᠨ᠎ᠠ᠃ ᠵᠢᠯ ᠪᠤᠯᠭᠠᠨ ᠶᠡᠭᠡ ᠬᠡᠮᠵᠢᠶᠡᠨ ᠤ ᠤᠯᠤᠰ ᠤᠨ ᠳᠤᠳᠤᠭᠠᠳᠤ ᠭᠠᠳᠠᠭᠠᠳᠤ ᠶᠢᠨ ᠰᠠᠶᠢᠨ

ᠳᠣᠷᠠᠴᠤᠳ ᠢᠷᠡᠵᠦ ᠲᠤᠭᠤᠷᠢᠨ ᠪᠠᠶᠢᠴᠠᠭᠠᠬᠤ ᠪᠤᠶᠤ ᠮᠤᠳᠤ ᠲᠠᠷᠢᠬᠤ ᠬᠦᠳᠡᠯᠭᠡᠭᠡᠨ ᠦᠷᠨᠢᠭᠦᠯᠳᠡᠭ᠃ ᠡᠩᠭᠡᠪᠡᠢ ᠶᠢᠨ ᠡᠯᠡᠰᠦ ᠶᠢ ᠵᠠᠰᠠᠬᠤ ᠠᠵᠢᠯ ᠪᠠ ᠭᠠᠵᠠᠷ ᠰᠢᠷᠦᠢ ᠶᠢᠨ

ᠨᠡᠭᠡᠭᠡᠯᠲᠡ ᠢᠯᠡᠷᠬᠡᠢ ᠠᠮᠵᠢᠯᠲᠠ ᠤᠯᠵᠤ᠂  ᠠᠮᠢ ᠠᠬᠤᠢ ᠶᠢᠨ ᠤᠷᠴᠢᠨ ᠲᠤᠭᠤᠷᠢᠨ ᠰᠢᠨᠡᠳᠦᠵᠦ ᠰᠠᠶᠢᠵᠢᠷᠠᠭᠰᠠᠨ ᠢᠶᠠᠷ ᠤᠳᠤ ᠨᠢᠭᠡᠨᠲᠡ ᠤᠯᠤᠰ ᠤᠨ ᠲᠡᠰ ᠤᠨ ᠠᠮᠢ ᠠᠬᠤᠢ

 ᠶᠢᠨ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠤᠷᠤᠨ᠂ ᠤᠯᠤᠰ ᠤᠨAAAA ᠲᠡᠰ ᠤᠨ ᠦᠵᠡᠮᠵᠢ ᠶᠢᠨ ᠤᠷᠤᠨ᠂  ᠪᠦᠬᠦ ᠤᠯᠤᠰ ᠤᠨ ᠲᠠᠷᠢᠶᠠᠯᠠᠩ ᠠᠮᠢ ᠠᠬᠤᠢ

 ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ᠂ ᠤᠯᠤᠰ ᠤᠨ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠡᠩᠭᠡᠪᠡᠢ ᠲᠤᠭᠤᠷᠢᠭ ᠬᠢᠭᠡᠳ‌ᠦᠪᠡᠷᠳᠡᠭᠡᠨ ᠵᠠᠰᠠᠬᠤ

ᠤᠷᠤᠨ ᠤ ᠰᠤᠶᠤᠯ ᠤᠨ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯᠤᠭᠰᠠᠨ ᠪᠠᠶᠢᠨ᠎ᠠ᠃

       ᠡᠩᠬᠡᠪᠡᠢ ᠠᠮᠢ ᠠᠬᠤᠢ ᠶᠢᠨ ᠲᠤᠭᠤᠷᠢᠭ ᠨᠢ ᠡᠯᠡᠰᠦ ᠮᠠᠩᠬᠠᠨ ᠤ ᠠᠮᠢ ᠠᠬᠤᠢ ᠶᠢᠨ ᠬᠦᠷᠢᠶᠡᠯᠡᠩ᠂ ᠲᠡᠮᠡᠭᠡᠨ ᠬᠢᠷᠠᠭᠤᠯ᠂ ᠲᠤᠭᠤᠰ ᠰᠤᠨᠢᠷᠬᠠᠬᠤ ᠬᠦᠷᠢᠶᠡᠯᠡᠩ᠂  

ᠡᠯᠡᠰᠦᠨ ᠴᠦᠯ ᠤᠨ ᠨᠤᠭᠤᠭᠠᠨ ᠪᠦᠷᠢᠲᠦ᠂ ᠡᠯᠡᠰᠦ ᠮᠠᠩᠬᠠᠨ ᠤ ᠬᠠᠪᠴᠢᠯ᠂ ᠶᠠᠫᠦᠨ ᠢ ᠡᠰᠡᠷᠭᠦᠴᠡᠬᠦ ᠲᠠᠶᠢᠨ ᠤ ᠪᠠᠶᠢᠯᠳᠤᠭᠴᠢᠳ ᠤᠨ ᠳᠤᠷᠠᠰᠬᠠᠯ ᠤᠨ ᠬᠦᠰᠢᠶ᠎ᠡ᠂ ᠡᠩᠭᠡᠪᠡᠢ

 ᠶᠢᠨ ᠦᠵᠡᠰᠭᠦᠯᠡᠩ ᠤᠨ ᠬᠦᠷᠢᠶᠡᠯᠡᠩ᠂ᠶᠤᠸᠠᠨ ᠱᠠᠨ ᠵᠧᠩ ᠢᠩ ᠤᠨ ᠲᠤᠷᠠᠰᠬᠠᠯ ᠤᠨ ᠱᠤᠭᠤᠮᠠᠯ᠂ ᠰᠢᠳᠢᠳᠦ ᠴᠢᠯᠠᠭᠤ᠂ ᠦᠵᠦᠮ ᠤᠨ ᠬᠦᠷᠢᠶᠡᠯᠡᠩ᠂ ᠭᠠᠪᠢᠶ᠎ᠠ ᠵᠢᠳᠭᠦᠯ

 ᠤᠨ ᠰᠠᠮᠪᠠᠷ᠎ᠠ᠂ ᠴᠡᠴᠡᠭ ᠤᠨ ᠬᠦᠷᠢᠶᠡᠯᠡᠩ ᠪᠠᠷ ᠪᠦᠷᠢᠯᠳᠦᠵᠡᠢ᠃

       ᠡᠳᠦᠭᠡ ᠨᠢᠭᠡᠨᠲᠡ ᠬᠦᠭᠵᠢᠭᠡᠳ‌ᠡᠯᠡᠰᠦᠨ‌‍ᠴᠦ᠋ᠯ ‍ᠤᠨ‌ᠬᠤᠪᠤᠷ ᠠᠮᠢᠳᠠᠨ ᠢ ᠰᠤᠨᠢᠷᠬᠠᠬᠤ᠂ ᠡᠯᠡᠰᠦᠨ ᠴᠦᠯ ᠤᠨ ᠦᠵᠡᠮᠵᠢ ᠰᠤᠨᠢᠷᠬᠠᠬᠤ᠂ᠠᠮᠢ ᠠᠬᠤᠢ ᠶᠢᠨ ᠲᠠᠷᠢᠶᠠᠯᠠᠩ

 ᠢ ᠰᠣᠨᠢᠷᠬᠠᠬᠤ᠂ ᠮᠠᠩᠬᠠᠨ ᠤᠷᠭᠤᠮᠠᠯ ᠰᠤᠨᠢᠷᠬᠠᠬᠤ᠂ᠰᠡᠯᠡᠭᠦᠴᠡᠨ ᠠᠮᠠᠷᠠᠬᠤ᠂ᠮᠤᠳᠤ ᠲᠠᠷᠢᠬᠤ ᠵᠢᠭᠤᠯᠴᠢᠯᠠᠯ᠂  ᠡᠯᠡᠰᠦᠨ ᠴᠦᠯ ᠤᠨ ᠨᠤᠭᠤᠭᠠᠨ ᠪᠦᠷᠢᠳᠦ ᠰᠤᠨᠢᠷᠬᠠᠬᠤ

ᠪᠤᠯᠤᠨ‌ᠤᠰᠤᠨ ᠳᠡᠭᠡᠷᠡᠬᠢ ᠵᠤᠭ᠎ᠠ ᠴᠡᠩᠭᠡᠯ ᠵᠡᠷᠭᠡ ᠵᠢᠭᠤᠯᠴᠢᠯᠠᠯ ᠤᠨ ᠲᠦᠷᠦᠯ ᠵᠦᠢᠯ ᠢ ᠵᠡᠷᠭᠡ ᠪᠠᠷ ᠨᠡᠭᠡᠭᠡᠨ ᠬᠦᠭᠵᠢᠭᠦᠯᠦᠭᠰᠡᠨ‌ᠨᠢᠭᠡ ᠴᠤᠭᠴᠠᠵᠢᠯᠠᠭᠰᠠᠨ ᠶᠡᠷᠦᠩᠬᠡᠶᠢᠯᠡᠭᠰᠡᠨ

ᠴᠢᠨᠠᠷᠲᠠᠢ ᠠᠮᠢ ᠠᠬᠤᠢ ᠶᠢᠨ ᠵᠢᠭᠤᠯᠴᠢᠯᠠᠯ ᠤᠨ ᠤᠷᠤᠨ ᠪᠤᠯᠵᠠᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ