ᠱᠠᠭᠵᠢᠮᠤᠨᠢ ᠤᠰᠤᠨ ᠳᠡᠭᠡᠷᠡᠬᠢ ᠴᠡᠩᠬᠡᠯ ᠤᠨ ᠬᠦᠷᠢᠶᠡᠯᠡᠩ ‍ᠤᠨ‌ᠵᠢᠭᠤᠯᠴᠢᠯᠠᠯ ᠤᠨ ᠤᠷ᠊
ᠨᠡᠶᠢᠲᠡᠯᠡᠭᠰᠡᠨ ᠴᠠᠭ᠄
2018/5/11

         ᠱᠠᠭᠵᠢᠮᠤᠨᠢ ᠤᠰᠤᠨ ᠳᠡᠭᠡᠷᠡᠬᠢ ᠴᠡᠩᠬᠡᠯ ᠤᠨ ᠬᠦᠷᠢᠶᠡᠯᠡᠩ ‍ᠤᠨ‌ᠵᠢᠭᠤᠯᠴᠢᠯᠠᠯ ᠤᠨ ᠤᠷᠣᠨ‌ᠨᠢ ᠤᠤᠯ ᠳᠤ ᠪᠠᠨ ᠳᠠᠯᠠᠳ ᠬᠤᠰᠢᠭᠤᠨ ᠤ ᠱᠠᠭᠵᠢᠮᠤᠨᠢ ᠤᠰᠤᠨ

ᠳᠡᠭᠡᠷᠡᠬᠢ ᠴᠡᠴᠡᠷᠯᠢᠭ ᠪᠠᠶᠢᠵᠠᠢ᠃ ᠳᠤᠮᠤᠭ ᠶᠠᠷᠢᠶᠠᠨ ᠳᠤ ᠱᠠᠭᠵᠢᠮᠤᠨᠢ ᠪᠤᠷᠬᠠᠨ ᠠᠳᠡ ᠨᠤᠮ ᠤᠩᠰᠢᠵᠦ᠂ ᠪᠢᠰᠢᠯᠭᠠᠯ ᠪᠢᠰᠢᠯᠭᠠᠨ ᠰᠠᠭᠤᠵᠦ ᠪᠠᠶᠢᠭᠰᠠᠨ ᠪᠤᠯᠬᠤᠷ ᠢᠩᠬᠡᠵᠦ

ᠨᠡᠷᠡᠶᠢᠳᠴᠡᠢ᠃ ᠬᠠᠭᠤᠴᠢ ᠰᠤᠳᠤᠯᠤᠭᠴᠢᠳ ᠪᠤᠯᠤᠨ ᠳᠠᠯᠠᠳ ᠬᠤᠰᠢᠭᠤᠨ ᠤ ᠲᠡᠦᠬᠡᠨ‌‍ᠲ᠋ᠤᠷᠠᠰᠬᠠᠯᠳᠤ ᠵᠦᠢᠯ ᠤᠨ ᠬᠠᠮᠢᠶᠠᠷᠤᠯᠲᠠ ᠶᠢᠨ ᠭᠠᠵᠠᠷ ᠤᠨ1966 ᠣᠨ ᠳᠤ ᠠᠲᠡ

ᠪᠤᠰᠬᠠᠭᠰᠠᠨ ᠪᠠᠶᠢᠯᠳᠤᠭᠠᠨᠲᠤ ᠤᠯᠤᠰ ᠤᠨ ᠤᠷᠳᠤ ᠴᠠᠭᠠᠨ ᠬᠡᠷᠡᠮ ᠤᠨ ᠦᠯᠡᠳᠡᠭᠳᠡᠯ ᠴᠢᠯᠠᠭᠤᠨ ᠬᠦᠰᠢᠶᠡᠨ ᠳᠡᠭᠡᠷᠡᠬᠢ ᠳᠡᠮᠳᠡᠭᠯᠡᠯ ᠢ ᠦᠨᠳᠦᠰᠦᠯᠡᠪᠡᠯ᠂ ᠱᠠᠭᠵᠢᠮᠤᠨᠢ ᠰᠦᠮ᠎ᠡ

 ᠨᠢ ᠪᠠᠶᠢᠯᠳᠤᠭᠠᠨᠲᠤ ᠤᠯᠤᠰ ᠤᠨ ᠦᠶ᠎ᠡ ᠳᠠᠬᠢ ᠸᠧᠢ ᠤᠯᠤᠰ ᠤᠨ ᠤᠷᠳᠤ ᠴᠠᠭᠠᠨ ᠬᠡᠷᠡᠮ ᠤᠨ ᠦᠯᠡᠳᠡᠭᠳᠡᠯ ᠤᠨ ᠨᠢᠭᠡ ᠭᠡᠰᠡᠭ ᠪᠤᠯᠬᠤ ᠨᠢ ᠮᠡᠳᠡᠭᠡᠵᠢ ᠶᠢᠨ ᠬᠡᠷᠡᠭ ᠪᠤᠯᠬᠤ

ᠶᠤᠮ᠃

         ᠱᠠᠭᠵᠢᠮᠤᠨᠢ ᠤᠰᠤᠨ ᠳᠡᠭᠡᠷᠡᠬᠢ ᠴᠡᠩᠬᠡᠯ ᠤᠨ ᠬᠦᠷᠢᠶᠡᠯᠡᠩ ‍ᠤᠨ‌ᠵᠢᠭᠤᠯᠴᠢᠯᠠᠯ ‍ᠤᠨ‌ᠤᠷᠣᠨ ᠨᠢ ᠳᠠᠯᠠᠳ ᠬᠤᠰᠢᠭᠤᠨ ᠤ ᠱᠠᠭᠵᠢᠮᠤᠨᠢ ᠪᠠᠯᠭᠠᠰᠤᠨ ᠤ ᠽᠤᠤ ᠶᠤᠸᠠᠨ

ᠳᠤᠰᠬᠤᠨ ᠳᠤ  ᠪᠠᠶᠢᠷᠢᠯᠠᠵᠦ᠂ ᠳᠠᠯᠠᠳ ᠬᠤᠰᠢᠭᠤᠨ ᠤ ᠵᠠᠰᠠᠭ ᠤᠨ ᠤᠷᠳᠤᠨ ᠠᠴᠠ 7 ᠺᠢᠯᠤᠮᠧᠲᠷ ᠵᠠᠶᠢᠲᠠᠢ᠃ ᠡᠮᠦᠨ᠎ᠡ ᠪᠠᠨ ᠪᠦᠷᠢᠶ᠎ᠡ ᠮᠠᠩᠬᠠᠨ ᠤ ᠵᠢᠭᠤᠯᠴᠢᠯᠠᠯ ᠤᠨ

ᠭᠠᠵᠠᠷ ᠠᠴᠠ10ᠺᠢᠯᠤᠮᠧᠲᠷ ᠵᠠᠶᠢᠲᠠᠢ᠂  ᠬᠤᠶᠢᠨ᠎ᠠ ᠪᠠᠨ ᠵᠤᠤ ᠵᠢᠶᠦ᠋ᠨ ᠹᠧᠨ ᠤ ᠵᠢᠭᠤᠯᠴᠢᠯᠠᠯ ᠤᠨ ᠭᠠᠵᠠᠷ ᠠᠴᠠ 20 ᠺᠢᠯᠤᠮᠧᠲᠷ ᠵᠠᠶᠢᠲᠠᠢ ᠪᠠᠶᠢᠵᠦ᠂ ᠭᠠᠵᠠᠷ ᠤᠷᠤᠨ ᠤ

ᠪᠠᠶᠢᠷᠢᠰᠢᠯ ᠪᠤᠯᠤᠨ ᠵᠠᠮ ᠬᠠᠷᠢᠯᠴᠠᠭᠠᠨ ᠤ ᠨᠦᠭᠦᠴᠡᠯ ᠨᠢ ᠶᠡᠭᠡ ᠳᠠᠪᠠᠭᠤᠯᠢᠭ ᠲᠠᠯ᠎ᠠ ᠲᠠᠢ᠃ ᠱᠠᠭᠵᠢᠮᠤᠨᠢ ᠤᠰᠤᠨ ᠳᠡᠭᠡᠷᠡᠬᠢ ᠴᠡᠩᠬᠡᠯ ᠤᠨ ᠬᠦᠷᠢᠶᠡᠯᠡᠩ ‍ᠤᠨ‌ᠵᠢᠭᠤᠯᠴᠢᠯᠠᠯ

‍ᠤᠨ‌ᠤᠷᠣᠨ ᠤ ᠪᠦᠬᠦ ᠲᠠᠯᠠᠪᠠᠢ ᠨᠢ 3500 ᠮᠤ᠋᠂ ᠠᠳᠡ ᠨᠠᠭᠤᠷ ᠤᠨ ᠤᠰᠤᠨ ᠤ ᠭᠤᠶᠤ ᠦᠵᠡᠮᠵᠢ ᠶᠢ ᠰᠤᠨᠢᠷᠬᠠᠬᠤ ᠪᠠᠷ ᠪᠠᠷᠠᠬᠤ ᠦᠭᠡᠢ ᠪᠠᠰᠠ ᠤᠰᠤᠨ ᠳᠡᠭᠡᠷᠡᠬᠢ ᠵᠤᠭ᠎ᠠ

ᠴᠡᠩᠭᠡᠯ ᠢ ᠡᠳ᠋ᠯᠡᠨ᠂ ᠨᠠᠭᠤᠷ ᠳᠤᠮᠳᠠᠬᠢ ᠰᠤᠪᠤᠷᠭᠠᠨ ᠭᠤᠶᠤ ᠦᠵᠡᠮᠵᠢ ᠶᠢ ᠰᠤᠨᠢᠷᠬᠠᠨ᠂ ᠰᠢᠳᠢᠳᠦ ᠳᠤᠮᠤᠭ ᠤᠨ ᠦᠯᠢᠭᠡᠷ ᠰᠤᠨᠤᠰᠴᠦ᠂ ᠬᠦᠳᠡᠭᠡ ᠨᠤᠳᠤᠭ ᠤᠨ ᠪᠠᠶᠢᠳᠠᠯ ᠢ

ᠪᠡᠶ᠎ᠡ ᠪᠠᠷ   ᠢᠶᠠᠨ ᠤᠶᠢᠯᠠᠭᠠᠬᠤ ᠪᠤᠯᠤᠨ᠎ᠠ᠃  ᠠᠲᠡ ᠬᠦᠮᠦᠨ ᠰᠤᠶᠤᠯ ᠤᠨ ᠦᠵᠡᠮᠵᠢ ᠪᠤᠯᠤᠨ ᠪᠠᠶᠢᠭᠠᠯᠢ ᠶᠢᠨ ᠦᠵᠡᠮᠵᠢ ᠤᠷᠭᠠᠨᠢᠭ ᠢᠶᠠᠷ ᠤᠶᠠᠯᠳᠤᠭᠰᠠᠨ ᠠᠴᠠ ᠪᠤᠯᠵᠤ᠂

ᠤᠯᠠᠨ ᠠᠷᠪᠢᠨ ᠵᠢᠭᠤᠯᠴᠢᠯᠠᠭᠴᠢᠳ ᠤᠨ ᠰᠤᠨᠢᠷᠬᠠᠯ ᠢ ᠳᠠᠳᠠᠭᠰᠠᠨ ᠪᠠᠶᠢᠨ᠎ᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ