ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018/5/18
ᠡᠯ᠎ᠡ ᠰᠤᠮᠤ ᠪᠠᠯᠭᠠᠰᠤᠨ ᠤ ᠵᠠᠰᠠᠭ ᠤᠨ ᠤᠷᠳᠤᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠨᠡᠭᠡᠭᠡᠨ ᠬᠦᠭᠵᠢᠭᠦᠯᠬᠦ ᠤᠷᠤᠨ᠂ ᠬᠦᠷᠢᠶᠡᠯᠡᠩ ᠤᠨ ᠬᠠᠮᠢᠶᠠᠷᠤᠯᠲᠠ ᠶᠢᠨ ᠤᠷᠤᠨ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠳᠤᠤᠷ᠎ᠠ ᠮᠡᠳᠡᠭᠳᠡᠶ᠎ᠡ᠄        ᠸᠠᠩ ᠪᠢᠩ      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ        ᠬᠤᠰᠢᠭᠤᠨ ᠤ ᠵᠠᠰᠠᠭ ᠤᠨ ᠤᠷᠳᠤᠨ ᠤ ᠠᠵᠢᠯ ᠢ ᠪᠦᠬᠦ ᠲᠠᠯ᠎ᠠ ᠪᠠᠷ ᠬᠠᠷᠢᠭᠤᠴᠠᠨ᠂ ᠬᠢᠨᠠᠨ ᠪᠤᠳᠤᠬᠤ ᠲᠤᠪᠴᠢᠶ᠎ᠠ ᠶᠢ ᠡᠷᠬᠢᠯᠡᠨ ᠬᠠᠮᠢᠶᠠᠷᠤᠨ᠎ᠠ᠃        ᠰᠤ᠋ ᡁᠢ ᠰᠢᠶᠦ᠋ᠩ     ᠬᠤᠰᠢᠭᠤ  ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ        ᠬᠤᠰᠢᠭᠤ ᠳᠠᠷᠤᠭ᠎ᠠ ᠶᠢ ᠬᠠᠪᠰᠤᠷᠤᠨ ᠵᠠᠰᠠᠭ ᠤᠨ ᠤᠷᠳᠤᠨ ᠤ ᠡᠳᠦᠷ ᠲᠤᠲᠤᠮ ᠤᠨ ᠬᠡᠷᠡᠭ ᠶᠠᠪᠤᠳᠠᠯ᠂ ᠡᠳ᠋ ᠤᠨ ᠵᠠᠰᠠᠭ᠂ ᠭᠠᠵᠠᠷ ᠰᠢᠷᠤᠢ ᠶᠢᠨ ᠡᠬᠢ ᠪᠠᠶᠠᠯᠢᠭ ᠤᠨ ᠰᠤᠷᠪᠤᠯᠵᠢ᠂ ᠰᠤᠷᠭᠠᠨ ᠬᠦᠮᠦᠵᠢᠯ᠂ ᠮᠦᠩᠭᠦᠨ ᠭᠦᠢᠯᠭᠡᠭᠡ᠂ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ‌ᠬᠠᠮᠢᠶᠠᠷᠬᠤ ᠬᠡᠪᠴᠢᠶ᠎ᠠ᠄ ᠵᠠᠰᠠᠭ ᠤᠨ ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ  ︵ᠲᠠᠮᠢᠷ ‍ᠤᠨ‌ᠦᠢᠯᠡᠰ ᠤᠨ ᠬᠠᠮᠢᠶᠠᠷᠤᠯᠲᠠ ᠶᠢᠨ ᠲᠥᠪ︶᠂ ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠠᠯᠪᠠᠨ ᠭᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠵᠠᠰᠠᠭ ᠵᠠᠬᠢᠷᠭᠠᠨ ᠤ ᠵᠦᠪᠰᠢᠶᠡᠷᠡᠯ ᠤᠨ ᠦᠢᠯᠡᠴᠢᠯᠡᠭᠡᠨ ᠤ ᠲᠤᠪᠴᠢᠶ᠎ᠠ︶᠂ ᠳᠠᠯᠠᠳ ᠬᠤᠰᠢᠭᠤᠨ ᠤ ᠤᠯᠤᠰ ᠤᠨ ᠦᠮᠴᠢᠯᠡᠯᠲᠤ ᠬᠦᠷᠦᠩᠭᠡ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ︔ ᠬᠤᠰᠢᠭᠤ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠲᠤᠪᠴᠢᠶ᠎ᠠ ᠶᠢ ᠪᠤᠳᠠᠲᠠᠢ ᠡᠷᠬᠢᠯᠡᠨ ᠬᠠᠮᠢᠶᠠᠷᠤᠨ᠎ᠠ᠃        ᠬᠤᠯᠪᠤᠭ᠎ᠠ ᠠᠪᠬᠤ  ᠪᠠᠶᠢᠭᠤᠯᠭ᠎ᠠ᠄ ᠳᠠᠯᠠᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠦᠪᠯᠡᠯᠭᠡᠨ ᠤ ᠳᠠᠯᠠᠳ ᠬᠤᠰᠢᠭᠤᠨ ᠤ ᠵᠦᠪᠯᠡᠯ᠂ ᠳᠠᠯᠠᠳ ᠬᠤᠰᠢᠭᠤᠨ ᠤ ᠬᠢᠨᠠᠨ ᠪᠠᠶᠢᠴᠠᠭᠠᠬᠤ ᠺᠤᠮᠢᠰ᠂ ᠠᠷᠠᠳ ᠤᠨ ᠵᠠᠪᠰᠡᠭᠲᠦ ᠬᠦᠴᠦᠨ ᠤ ᠬᠡᠯᠲᠡᠰ᠂ ᠡᠩᠬᠡᠪᠡᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠪᠠᠶᠢᠭᠤᠯᠤᠮᠵᠢ ᠶᠢᠨ ᠤᠷᠤᠨ ᠲᠣᠭᠠᠨ ᠤ ᠵᠦᠪᠯᠡᠯ ᠤᠨ ᠠᠯᠪᠠᠨ ᠭᠡᠷ᠂ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠷᠳᠤᠰ ᠬᠤᠲᠠ ᠶᠢᠨ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠡᠩᠬᠡᠪᠡᠢ ᠠᠮᠢ ᠠᠬᠤᠢ ᠶᠢᠨ ᠵᠢᠱᠢᠶ᠎ᠡ ᠦᠵᠡᠭᠦᠯᠬᠦ ᠲᠤᠭᠤᠷᠢᠭ ‍ᠤᠨ‌ᠬᠤᠪᠢᠶᠠᠷᠢ ᠲᠤᠪᠴᠢᠶ᠎ᠠ᠂ ᠨᠡᠶᠢᠲᠡ ᠶᠢᠨ ᠡᠬᠢ ᠰᠤᠷᠪᠤᠯᠵᠢ ᠶᠢᠨ ᠰᠤᠯᠢᠯᠴᠠᠭᠠᠨ ᠤ ᠲᠥᠪ᠂ ᠪᠡᠯᠡᠳᠬᠡᠯ ᠠᠯᠪᠠᠨ ᠤ 90 ᠳ᠋ᠦ᠋ᠭᠡᠷ ᠬᠤᠷᠢᠶᠠᠨ ᠤ ᠬᠤᠶᠠᠳᠤᠭᠠᠷ ᠪᠠᠲᠯᠢᠶᠤᠨ᠂ ᠠᠷᠠᠳ ᠤᠨ ᠪᠠᠩᠬᠢ ᠶᠢᠨ ᠳᠠᠯᠠᠳ ᠬᠤᠰᠢᠭᠤᠨ ᠤ ᠬᠤᠪᠢᠶᠠᠷᠢ ᠪᠠᠩᠬᠢ᠂ ᠤᠷᠳᠤᠰ ᠬᠤᠲᠠ ᠶᠢᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠠᠯᠠᠳ ᠤᠨ ᠬᠡᠷᠡᠭ ᠡᠷᠬᠢᠯᠡᠬᠦ ᠭᠠᠵᠠᠷ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠳᠠᠯᠠᠳ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠬᠤᠪᠢᠶᠠᠷᠢ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠳᠠᠯᠠᠳ ᠳᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠦᠢᠯᠡᠰ ᠤᠨ ᠳᠠᠯᠠᠳ ᠳᠠᠬᠢ ᠬᠤᠪᠢᠶᠠᠷᠢ ᠪᠠᠩᠬᠢ᠂ ᠲᠡᠷᠢᠶᠡᠯᠡᠩ ᠤᠨ ᠦᠢᠯᠡᠰ ᠤᠨ ᠬᠦᠭᠵᠢᠯᠲᠡ ᠶᠢᠨ ᠪᠠᠩᠬᠢ ᠶᠢᠨ ᠳᠠᠯᠠᠳ ᠳᠠᠬᠢ ᠬᠤᠪᠢᠶᠠᠷᠢ ᠪᠠᠩᠬᠢ᠂ ᠳᠠᠯᠠᠳ ᠬᠤᠰᠢᠭᠤᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ᠂ ᠳᠤᠮᠳᠠᠳᠤ ᠤᠯᠤᠰ ᠤᠨ ᠰᠢᠤᠳᠠᠨ ᠬᠠᠳᠠᠭᠠᠯᠠᠮᠵᠢ ᠶᠢᠨ ᠪᠠᠩᠬᠢ ᠳᠠᠯᠠᠳ ᠬᠤᠰᠢᠭᠤᠨ ᠤ ᠬᠤᠪᠢᠶᠠᠷᠢ ᠪᠠᠩᠬᠢ᠂ ᠤᠯᠤᠰ ᠠᠴᠠ ᠨᠡᠭᠡᠭᠡᠭᠰᠡᠨ ᠬᠦᠳᠡᠭᠡ ᠲᠤᠰᠬᠤᠨ ᠤ ᠪᠠᠩᠬᠢ᠂ ᠤᠷᠳᠤᠰ ᠤᠨ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠳᠠᠯᠠᠳ ᠬᠤᠰᠢᠭᠤᠨ ᠤ ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠤᠨ ᠬᠤᠪᠢ ᠤᠷᠤᠭᠤᠯᠤᠭᠰᠠᠨ ᠺᠤᠮᠫᠠᠨᠢ ᠶᠢᠨ ᠳᠠᠯᠠᠳ ᠬᠤᠰᠢᠭᠤᠨ ᠤ ᠬᠤᠪᠢᠶᠠᠷᠢ ᠺᠤᠮᠫᠠᠨᠢ᠂ ᠰᠢᠨ ᠬᠤᠸᠠ ᠨᠣᠮ ᠤᠨ ᠳᠡᠯᠭᠡᠭᠦᠷ᠃        ᠸᠠᠩ ᠫᠢᠩ      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠠᠰᠠᠭ ᠤᠨ ᠤᠷᠳᠤᠨ ᠳᠡᠳ᠋ ᠬᠤᠰᠢᠭᠤ ᠳᠠᠷᠤᠭ᠎ᠠ        ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠠᠵᠤ ᠠᠬᠤᠢ᠂ ᠦᠭᠡᠷᠡᠴᠢᠯᠡᠯᠲᠡ ᠬᠦᠭᠵᠢᠯᠲᠡ᠂ ᠠᠶᠤᠯᠭᠦᠢ ᠦᠢᠯᠡᠳᠪᠦᠷᠢᠯᠡᠯ ᠪᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ ᠬᠡᠪᠴᠢᠶ᠎ᠠ᠄ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶ᠎ᠠ ︵ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠠᠮᠤ ᠪᠤᠳᠠᠭᠠᠨ ᠤ ᠲᠤᠪᠴᠢᠶ᠎ᠠ︶᠂ ᠠᠵᠤ ᠠᠬᠤᠢ ᠬᠤᠳᠠᠯᠳᠤᠭ᠎ᠠ ᠪᠠ ᠮᠡᠳᠡᠭᠡ ᠵᠠᠩᠭᠢᠴᠢᠯᠠᠯᠲᠠ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠨᠡᠭᠦᠷᠡᠰᠦᠨ ᠤ ᠲᠤᠪᠴᠢᠶ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠭᠤᠷᠬᠠᠢ ᠶᠢᠨ ᠬᠦᠭᠵᠢᠯᠲᠡ ᠶᠢᠨ ᠲᠤᠬᠢᠷᠠᠭᠤᠯᠤᠯᠲᠠ ᠵᠢᠨ‌ᠦᠢᠯᠡᠴᠢᠯᠡᠭᠡᠨ ᠤ ᠲᠥᠪ᠂ ᠮᠠ ᠯᠠᠨ ᠬᠤᠤ ᠳᠡᠭᠡᠳᠦ ᠰᠢᠨᠵᠢᠯᠡᠭᠡ ᠮᠡᠷᠭᠡᠵᠢᠯ ᠤᠨ ᠠᠮᠢ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ᠂ ᠹᠧᠩ ᠱᠦᠢ ᠯᠢᠶᠠᠩ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ᠃        ᠬᠤᠯᠪᠤᠭ᠎ᠠ ᠠᠪᠬᠤ ᠪᠠᠶᠢᠭᠤᠯᠭ᠎ᠠ᠄ ᠳᠠᠯᠠᠳ ᠬᠤᠰᠢᠭᠤᠨ ᠤ ᠠᠵᠤ  ᠠᠬᠤᠢ ᠶᠢᠨ  ᠨᠡᠭᠡᠭᠡᠨ ᠬᠦᠭᠵᠢᠭᠦᠯᠬᠦ ᠤᠷᠤᠨ ᠤ ᠬᠠᠮᠢᠶᠠᠷᠤᠯᠲᠠ ᠶᠢᠨ ᠵᠦᠪᠯᠡᠯ᠂ ᠳᠠᠯᠠᠳ ᠬᠤᠰᠢᠭᠤᠨ ᠤ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠪᠠ ᠢᠨᠲ᠋ᠧᠷ ᠰᠦᠯᠵᠢᠶᠡᠨ ᠤ ᠠᠵᠤ ᠠᠬᠤᠢ ᠶᠢᠨ ᠦᠢᠯᠡᠴᠢᠯᠡᠭᠡᠨ ᠤ ᠲᠥᠪ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠰᠢᠨᠵᠢᠯᠡᠭᠡ ᠲᠧᠭᠨᠢᠭ ᠤᠨ ᠡᠪᠯᠡᠯ᠂ ᠣᠷᠳᠣᠰ ᠬᠤᠲᠠ ᠶᠢᠨ ᠴᠠᠬᠢᠯᠭᠠᠨ ᠦᠢᠯᠡᠰ ᠤᠨ ᠲᠤᠪᠴᠢᠶᠠᠨ ᠤ ᠳᠠᠯᠠᠳ ᠤᠨ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠳᠠᠯᠠᠳ ᠳᠠᠬᠢ ᠪᠠᠶᠢᠴᠠᠭᠠᠯᠲᠠ ᠶᠢᠨ ᠠᠩᠭᠢ᠂ ᠳᠠᠯᠠᠳ ᠬᠤᠰᠢᠭᠤᠨ ᠤ ᠴᠠᠬᠢᠯᠭᠠᠨ ᠭᠠᠷᠭᠠᠬᠤ ᠦᠢᠯᠡᠳᠪᠦᠷᠢ᠂ ᠨᠠᠪᠴᠢᠨ ᠲᠠᠮᠠᠬᠢᠨ ᠤ ᠲᠤᠰᠬᠠᠢ ᠪᠤᠷᠤᠯᠠᠭᠤᠯᠬᠤ ᠲᠤᠪᠴᠢᠶ᠎ᠠ᠂ ᠲᠠᠪᠤᠰᠤᠨ ᠦᠢᠯᠡᠰ ᠤᠨ ᠺᠤᠮᠫᠠᠨᠢ᠂ ᠴᠢᠯᠠᠭᠤᠨ ᠲᠤᠰᠤᠨ ᠤ ᠺᠤᠮᠫᠠᠨᠢ᠃         ᠸᠠᠩ ᠱᠤᠸᠠᠢ      ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ         ᠬᠤᠰᠢᠭᠤ ᠳᠠᠷᠤᠭ᠎ᠠ ᠳᠤ ᠬᠠᠪᠰᠦᠷᠤᠨ ᠬᠤᠲᠠ ᠬᠦᠳᠡᠭᠡ ᠶᠢᠨ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠤᠨ ᠬᠠᠮᠢᠶᠠᠷᠤᠯᠲᠠ᠂ ᠤᠷᠴᠢᠨ ᠠᠬᠤᠢ ᠶᠢᠨ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠭ᠎ᠠ᠂ ᠵᠠᠭᠡᠯᠢ ᠭᠤᠳᠤᠮᠵᠢ ᠵᠡᠷᠭᠡ ᠠᠵᠢᠯ ᠢ ᠬᠠᠷᠢᠭᠤᠴᠠᠨ᠎ᠠ᠃         ᠬᠤᠪᠢᠳᠠᠨ ᠬᠠᠮᠢᠶᠠᠷᠬᠤ ᠬᠡᠪᠴᠢᠶ᠎ᠠ᠄ ᠤᠷᠤᠨ ᠭᠡᠷ ᠪᠠ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠪᠦᠳᠦᠭᠡᠨ‌‍ᠪᠠᠶᠢᠭᠤᠯᠤᠯᠲᠠ ᠶᠢᠨ ᠲᠤᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠶᠠᠪᠤᠭᠤᠯᠵᠤ ᠬᠠᠤᠯᠢ ᠬᠡᠷᠡᠭᠵᠢᠭᠦᠯᠬᠦ ᠲᠤᠪᠴᠢᠶ᠎ᠠ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ᠂ ᠭᠡᠷ ᠪᠠᠶᠢᠰᠢᠩ ᠢ ᠲᠠᠲᠠᠪᠦᠷᠢᠯᠠᠨ ᠲᠦᠪᠬᠢᠨᠡᠭᠦᠯᠬᠦ ᠲᠤᠪᠴᠢᠶ᠎ᠠ᠂ ᠭᠡᠷ ᠪᠠᠶᠢᠰᠢᠩ ᠤᠨ ᠬᠦᠷᠦᠩᠭᠡ ᠶᠢᠨ ᠬᠠᠮᠢᠶᠠᠷᠤᠯᠲᠠ ᠶᠢᠨ ᠲᠥᠪ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ︵ᠵᠠᠬᠢᠳᠠᠯ ᠰᠤᠷᠪᠤᠯᠵᠢᠯᠠᠭ᠎ᠠ ᠬᠦᠯᠢᠶᠠᠨ ᠠᠪᠬᠤ ᠲᠥᠪ︶᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠠᠯᠠᠳ ᠬᠤᠰᠢᠭᠤᠨ ᠤ ᠺᠠᠢ ᠳ᠋ᠠ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ᠃         ᠬᠤᠯᠪᠤᠭ᠎ᠠ ᠠᠪᠬᠤ ᠪᠠᠶᠢᠭᠤᠯᠭ᠎ᠠ᠄ ᠰᠢᠤᠳᠠᠨ ᠺᠤᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠳᠠᠯᠠᠳ ᠬᠤᠰᠢᠭᠤᠨ ᠤ ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠤᠭᠠᠨ ᠤ ᠳᠠᠯᠠᠳ ᠬᠤᠰᠢᠭᠤᠨ ᠤ ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠨᠢᠭᠡᠳᠦᠭᠰᠡᠨ ᠬᠤᠯᠪᠤᠭᠠᠨ ᠤ ᠳᠠᠯᠠᠳ ᠬᠤᠰᠢᠭᠤᠨ ᠤ ᠬᠤᠪᠢᠶᠠᠷᠢ ᠺᠤᠮᠫᠠᠨᠢ᠂ ᠤᠷᠳᠣᠰ ᠬᠤᠲᠠ ᠶᠢᠨ ᠤᠷᠤᠨ ᠰᠠᠭᠤᠴᠠ ᠶᠢᠨ ᠨᠡᠶᠢᠲᠠ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠲᠠ ᠶᠢᠨ ᠲᠥᠪ ᠤᠨ ᠳᠠᠯᠠᠳ ᠬᠤᠰᠢᠭᠤᠨ ᠤ ᠬᠠᠮᠢᠶᠠᠷᠤᠯᠲᠠ ᠶᠢᠨ ᠭᠠᠵᠠᠷ᠃          ᠬᠤᠸᠠᠩ ᠵᠢᠶᠠᠨ ᠵᠢᠶᠦ᠋ᠨ       ᠵᠠᠰᠠᠭ ‍ᠤᠨ‌ᠤᠷᠳᠤᠨ ᠤ ᠳᠡᠳ᠋ ᠬᠤᠰᠢᠭᠤ ᠳᠠᠷᠤᠭ᠎ᠠ          ᠬᠤᠰᠢᠭᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠠᠵᠤ ᠠᠬᠤᠢ ᠶᠢᠨ ᠠᠵᠢᠯ ᠢ ᠬᠠᠷᠢᠭᠤᠴᠠᠨ᠎ᠠ᠃          ᠬᠤᠪᠢᠳᠠᠨ ᠬᠠᠮᠢᠶᠠᠷᠬᠤ ᠬᠡᠪᠴᠢᠶ᠎ᠠ᠄ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ  ︵ᠶᠠᠳᠠᠭᠤ ᠶᠢ ᠳᠡᠳᠬᠦᠬᠦ ᠨᠠᠭᠡᠭᠡᠨ ᠬᠦᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ᠂  ᠶᠠᠳᠠᠭᠤ ᠶᠢ ᠳᠡᠳᠬᠦᠬᠦ ᠦᠢᠯᠡᠴᠢᠯᠡᠭᠡᠨ ᠤ ᠲᠥᠪ᠂ ᠲᠠᠷᠢᠶᠠᠯᠠᠩ ᠤᠨ ᠮᠠᠰᠢᠨ ᠮᠧᠬᠠᠨᠢᠭ ᠤᠨ ᠲᠤᠪᠴᠢᠶ᠎ᠠ᠂  ᠮᠠᠯ ᠤᠨ ᠡᠮᠴᠢ ᠶᠢᠨ ᠲᠤᠪᠴᠢᠶ᠎ᠠ︶᠂ ᠤᠢ ᠰᠢᠭᠤᠢ ᠶᠢᠨ ᠲᠤᠪᠴᠢᠶ᠎ᠠ᠂ ᠤᠰᠤᠨ ᠤ ᠶᠠᠪᠤᠳᠠᠯ ᠤᠨ ᠲᠤᠪᠴᠢᠶ᠎ᠠ ︵ᠤᠰᠤ ᠰᠢᠷᠤᠢ ᠶᠢᠨ ᠬᠠᠮᠠᠭᠠᠯᠠᠯᠲᠠ ᠶᠢᠨ ᠲᠤᠪᠴᠢᠶ᠎ᠠ︶᠂ ᠲᠠᠷᠢᠶᠠᠯᠠᠩ ᠤᠨ ᠦᠢᠯᠡᠰ ᠤᠨ ᠶᠡᠷᠦᠩᠬᠡᠶᠢᠯᠡᠭᠰᠡᠨ ᠨᠡᠭᠡᠭᠡᠨ ᠬᠦᠭᠵᠢᠭᠦᠯᠬᠦ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠩᠭᠠᠯᠭ᠎ᠠ ᠪᠤᠷᠤᠯᠠᠭᠤᠯᠭ᠎ᠠ ᠶᠢᠨ ᠬᠤᠷᠰᠢᠶ᠎ᠠ᠂ ᠭᠤᠸᠠᠩ ᠬᠤᠢ ᠤᠰᠤᠨ ᠠᠰᠢᠭᠯᠠᠯᠲᠠ ᠶᠢᠨ ᠪᠡᠯᠡ ᠤᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠦᠪᠦᠷ ᠮᠤᠩᠭᠤᠯ ᠤᠨ ︽ᠮᠦᠩᠬᠡ︾ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠪᠡᠯᠡ ᠤᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠃          ᠬᠤᠯᠪᠤᠭ᠎ᠠ ᠠᠪᠬᠤ ᠪᠠᠶᠢᠭᠤᠯᠭ᠎ᠠ᠄ ᠲᠠᠷᠢᠶᠠᠯᠠᠩ ᠠᠵᠤ ᠦᠢᠯᠡᠳᠪᠦᠷᠢ ᠶᠢᠨ ᠬᠡᠯᠲᠡᠰ᠂ ᠤᠷᠳᠤᠰ ᠬᠤᠲᠠ ᠶᠢᠨ ᠦᠢᠵᠢᠭᠤᠯᠭ᠎ᠠ ᠶᠢᠨ ᠶᠡᠷᠦᠩᠬᠢ ᠦᠢᠯᠡᠳᠪᠦᠷᠢ᠂ ᠴᠠᠭ ᠠᠭᠤᠷ ᠤᠨ ᠲᠤᠪᠴᠢᠶ᠎ᠠ᠃          ᠯᠢ ᠵᠢᠶᠦ᠋ᠨ      ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ          ᠬᠤᠰᠢᠭᠤ ᠳᠠᠷᠤᠭ᠎ᠠ ᠳᠤ ᠬᠠᠪᠰᠤᠷᠤᠨ‌ᠨᠡᠶᠢᠬᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠲᠤᠲᠤᠭᠠᠳᠤ ᠶᠢ ᠬᠠᠮᠠᠭ᠋ᠯᠠᠬᠤ᠂ ᠬᠠᠤᠯᠢ ᠴᠠᠭᠠᠵᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠠᠵᠢᠯ ᠢ  ᠬᠠᠷᠢᠭᠤᠴᠠᠨ᠎ᠠ᠃          ᠬᠤᠪᠢᠳᠠᠨ ᠬᠠᠮᠢᠶᠠᠷᠬᠤ ᠬᠡᠪᠴᠢᠶ᠎ᠠ᠄ ᠲᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ︵ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠢᠳᠡᠭᠡᠨ ᠤ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ︶᠃          ᠬᠤᠯᠪᠤᠭ᠎ᠠ ᠠᠪᠬᠤ ᠪᠠᠶᠢᠭᠤᠯᠭ᠎ᠠ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠠᠪᠰᠡᠭᠲᠦ ᠴᠠᠭᠳᠠᠭᠠᠨ ᠤ ᠳᠤᠮᠳᠠ ᠠᠩᠭᠢ᠂ ᠭᠠᠯ ᠤᠨ ᠰᠡᠷᠭᠡᠶᠢᠯᠡᠯᠲᠡ ᠶᠢᠨ ᠶᠡᠭᠡ ᠠᠩᠭᠢ᠂ ᠤᠷᠳᠣᠰ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠠᠯᠠᠳ ᠬᠤᠰᠢᠭᠤᠨ ᠤ ᠶᠡᠭᠡ ᠠᠩᠭᠢ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠶᠡᠷᠦᠩᠬᠢ ᠠᠩᠭᠢ ᠶᠢᠨ ᠳᠡᠭᠡᠳᠤ ᠬᠤᠷᠳᠤᠴᠠᠲᠤ ᠵᠠᠰᠠᠮᠠᠯ ᠵᠠᠮ ᠤᠨ ᠬᠤᠪᠢᠶᠠᠷᠢ ᠠᠩᠭᠢ ᠶᠢᠨ ᠳᠠᠯᠠᠳ ᠬᠤᠰᠢᠭᠤᠨ ᠤ ᠶᠡᠭᠡ ᠠᠩᠭᠢ᠂ ᠤᠷᠳᠣᠰ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠠᠲᠤᠨ ᠭᠤᠣᠯ ᠤᠨ ᠶᠡᠭᠡ ᠠᠩᠭᠢ᠃          ᠳ᠋ᠦ᠋ ᠰᠢᠶᠤᠤ ᠶᠠᠨ      ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ          ᠬᠤᠰᠢᠭᠤ ᠳᠠᠷᠤᠭ᠎ᠠ ᠳᠤ ᠬᠠᠪᠰᠤᠷᠤᠨ ᠬᠦᠮᠦᠨ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠂ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠦᠨᠳᠦᠰᠦᠲᠡᠨ ᠤ ᠱᠠᠰᠢᠨ ᠰᠤᠷᠲᠠᠬᠤᠨ᠂ ᠰᠤᠶᠤᠯ ᠵᠢᠭᠤᠯᠴᠢᠯᠠᠯ ᠷᠠᠳᠢᠤ᠋ ᠲᠧᠯᠸᠢᠰ ᠵᠡᠷᠭᠡ ᠠᠵᠢᠯ ᠢ ᠬᠠᠷᠢᠭᠤᠴᠠᠨ᠎ᠠ᠃         ᠬᠤᠪᠢᠳᠠᠨ ᠬᠠᠮᠢᠶᠠᠷᠬᠤ ᠬᠡᠪᠴᠢᠶ᠎ᠠ᠄ ᠬᠦᠮᠦᠨ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠪᠠ ᠲᠦᠯᠦᠪᠯᠡᠭᠡᠲᠤ ᠦᠷᠡᠵᠢᠯ ᠤᠨ ᠲᠤᠪᠴᠢᠶ᠎ᠠ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠦᠨᠳᠦᠰᠦᠲᠡᠨ ᠤ ᠱᠠᠰᠢᠨ ᠰᠤᠷᠲᠠᠬᠤᠨ ᠤ ᠶᠠᠪᠤᠳᠠᠯ ᠤᠨ ᠲᠤᠪᠴᠢᠶ᠎ᠠ᠂ ᠰᠤᠶᠤᠯ ᠵᠢᠭᠤᠯᠴᠢᠯᠠᠯ ᠷᠠᠳᠢᠤ᠋ ᠺᠢᠨᠤ᠋ ᠲᠧᠯᠸᠢᠰ ᠶᠢᠨ ᠲᠤᠪᠴᠢᠶ᠎ᠠ᠂ ᠲᠠᠮᠦᠷ ᠵᠠᠮ ᠤᠨ ᠪᠠᠶᠢᠭᠤᠯᠤᠯᠲᠠ ᠶᠢᠨ ᠲᠤᠪᠴᠢᠶ᠎ᠠ᠂ ᠰᠤᠶᠤᠯ ᠵᠢᠭᠤᠯᠴᠢᠯᠠᠯ ᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠤᠪᠴᠢᠶ᠎ᠠ᠂ ᠵᠢᠭᠤᠯᠴᠢᠯᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠵᠠᠰᠠᠭ ᠵᠠᠬᠢᠷᠭᠠᠨ ᠤ ᠰᠤᠷᠭᠠᠭᠤᠯᠢ᠂ ᠳᠠᠯᠠᠳ ᠬᠤᠰᠢᠭᠤᠨ ᠤ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭ᠎ᠠ ᠶᠢᠨ ᠺᠤᠮᠫᠠᠨᠢ᠂ ᠦᠪᠦᠷ ᠮᠤᠩᠭᠤᠯ ᠤᠨ ᠱᠧᠩ ᠵᠢᠩ ᠰᠤᠶᠤᠯ ᠵᠢᠭᠤᠯᠴᠢᠯᠠᠯ ᠤᠨ ᠬᠦᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠃         ᠬᠤᠯᠪᠤᠭ᠎ᠠ ᠠᠪᠬᠤ ᠪᠠᠶᠢᠭᠤᠯᠭ᠎ᠠ᠄ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ᠂ ᠵᠤᠬᠢᠶᠠᠯᠴᠢ ᠤᠷᠠᠯᠢᠭᠴᠢ ᠶᠢᠨ ᠬᠤᠯᠪᠤᠭ᠎ᠠ᠂ ᠵᠡᠮᠳᠡᠭᠴᠦᠳ ᠤᠨ ᠬᠤᠯᠪᠤᠭ᠎ᠠ᠂ ᠤᠯᠠᠭᠠᠨ ᠵᠠᠯᠮᠠᠭᠠᠶᠢᠲᠠᠨ ᠤ ᠡᠪᠯᠡᠯ᠂ ᠳᠠᠩᠰᠠ ᠡᠪᠬᠡᠮᠡᠯ ᠤᠨ ᠲᠤᠪᠴᠢᠶ᠎ᠠ  ︵ᠳᠠᠩᠰᠠ ᠡᠪᠬᠡᠮᠡᠯ ᠤᠨ ᠭᠠᠵᠠᠷ᠂ ᠲᠡᠤᠬᠡᠨ ᠲᠡᠮᠲᠡᠭᠯᠡᠯ ᠤᠨ ᠠᠯᠪᠠᠨ ᠭᠡᠷ︶᠂ ᠰᠤᠨᠢᠨ ᠮᠡᠳᠡᠭᠡᠨ ᠤ ᠲᠥᠪ ︵ᠷᠠᠳᠢᠣ᠋ ᠲᠧᠯᠸᠢᠰ ᠤᠨ ᠬᠤᠷᠢᠶ᠎ᠠ︶᠂ ᠤᠷᠳᠤᠰ ᠬᠤᠲᠠ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠳᠠᠯᠠᠳ ᠬᠤᠰᠢᠭᠤᠨ ᠤ ᠰᠠᠯᠪᠦᠷᠢ ᠬᠤᠷᠢᠶ᠎ᠠ᠂ ᠤᠷᠳᠣᠰ ᠬᠤᠲᠠ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠤᠪᠴᠢᠶᠠᠨ ᠤ ᠳᠠᠯᠠᠳ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠬᠤᠪᠢᠶᠠᠷᠢ ᠪᠠᠷᠢᠯᠭ᠎ᠠ ᠶᠢᠨ ᠲᠤᠭᠤᠷᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠡᠪᠯᠡᠯ᠂ ᠷᠠᠳᠢᠣ᠋ ᠲᠧᠯᠸᠢᠰ ᠤᠨ ᠰᠤᠷᠠᠭ ᠵᠠᠩᠭᠢ ᠰᠦᠯᠵᠢᠶᠡᠨ ᠤ ᠬᠢᠵᠠᠭᠠᠷᠲᠤ ᠺᠤᠮᠫᠠᠨᠢ᠃         ᠯᠢᠦ ᠽᠢ ᠷᠦᠩ      ᠭᠠᠵᠠᠷ ᠤᠨ ᠲᠡᠰ ᠤᠨ ᠤᠳᠤᠷᠢᠳᠤᠯᠭ᠎ᠠ ᠶᠢᠨ ᠪᠤᠰᠤ ᠲᠤᠰᠢᠶᠠᠯ         ᠬᠤᠰᠢᠭᠤ ᠳᠠᠷᠤᠭ᠎ᠠ ᠶᠢᠨ ᠠᠵᠢᠯ ᠢ ᠬᠠᠪᠰᠤᠷᠤᠨ᠎ᠠ᠃         ᠺᠠᠩ ᠴᠢᠩ ᠯᠢᠶᠠᠩ     ᠳᠡᠳ᠋ ᠭᠠᠵᠠᠷ ᠤᠨ ᠲᠡᠰ ᠤᠨ ᠤᠳᠤᠷᠢᠳᠤᠯᠭ᠎ᠠ ᠶᠢᠨ ᠪᠤᠰᠣ ᠲᠤᠰᠢᠶᠠᠯ         ᠬᠤᠰᠢᠭᠤ ᠳᠠᠷᠤᠭ᠎ᠠ ᠶᠢᠨ ᠠᠵᠢᠯ ᠢ ᠬᠠᠪᠰᠤᠷᠤᠨ᠎ᠠ᠃                                   ᠳᠠᠯᠠᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ                                          2017ᠣᠨ ᠤ12 ᠰᠠᠷ᠎ᠠ ᠶᠢᠨ28 ᠤ ᠡᠳᠦᠷ
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ