ᠨᠢᠭᠡ᠂ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ ᠨᠢᠭᠡᠴᠡ ᠪᠦᠷ ᠤᠷᠴᠢᠨ ᠲᠤᠭᠤᠷᠢᠨ ᠢ ᠬᠠᠮᠠᠭᠠᠯᠠᠬᠤ᠂ | ᠤᠷᠴᠢᠨ ᠲᠤᠭᠤᠷᠢᠨ ᠢ ᠡᠪᠳᠡᠭᠰᠡᠨ ᠠᠵᠢᠯᠯᠠᠭ᠎ᠠ ᠶᠢ ᠬᠢᠨᠠᠨ ᠵᠠᠬᠢᠷᠬᠤ ᠬᠠᠷᠢᠭᠤᠴᠠᠯᠭ᠎ᠠ ᠲᠠᠢ ᠭᠡᠰᠡᠨ ᠢ | ᠳᠤᠳᠤᠷᠬᠠᠶᠢᠯᠠᠬᠤ ᠶᠢᠨ ᠳᠠᠭᠠᠦ ᠤᠷᠴᠢᠨ ᠲᠤᠭᠤᠷᠢᠨ ᠢ ᠬᠠᠮᠠᠭᠠᠯᠠᠬᠤ ᠳᠤᠪᠴᠢᠶᠠᠨ ᠤ ᠡᠭᠦᠷᠭᠡ ᠳᠤᠰᠢᠶᠠᠯ ᠢᠲ᠋ᠦ᠋ᠭᠦᠮ | ᠢᠶᠠᠷ ᠲᠠᠨᠢᠯᠴᠠᠭᠤᠯᠬᠤ ᠪᠤᠯᠪᠠᠦ︖ | ︽ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠴᠢᠨ ᠳᠤᠭᠤᠷᠢᠨ ᠢ ᠬᠠᠮᠠᠭᠠᠯᠠᠬᠤ ᠬᠠᠦᠯᠢ︾ | ᠤᠨ ᠠᠷᠪᠠᠳᠤᠭᠠᠷ ᠵᠤᠷᠪᠤᠰ ᠲᠤ ᠲᠤᠭᠲᠠᠭᠠᠭᠰᠠᠨ ᠢᠶᠠᠷ “ᠰᠢᠶᠡᠨ ᠤ ᠲᠡᠰ ᠠᠴᠠ ᠳᠡᠭᠡᠭᠰᠢᠬᠢ ᠵᠠᠰᠠᠭ ᠤᠨ ᠤᠷᠳᠤᠨ | ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ᠂ ᠬᠠᠮᠢᠶ᠎ᠠ ᠪᠦᠬᠦᠢ ᠬᠠᠦᠯᠢ ᠳᠤᠭᠳᠠᠭᠠᠯ ᠢ ᠦᠨᠳᠦᠰᠦᠯᠡᠨ ᠡᠬᠢ ᠪᠠᠶᠠᠯᠢᠭ | ᠢ ᠬᠠᠮᠠᠭᠠᠯᠠᠬᠤ ᠪᠠ ᠪᠤᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠤᠷᠴᠢᠨ ᠲᠤᠭᠤᠷᠢᠨ ᠢ ᠬᠠᠮᠠᠭᠠᠯᠠᠬᠤ ᠠᠵᠢᠯ ᠳᠤ | ᠬᠢᠨᠠᠯᠲᠠ ᠲᠠᠯᠪᠢᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃” ᠦᠭᠡᠷ᠎ᠡ ᠪᠠᠷ ᠬᠡᠯᠡᠪᠡᠯ᠂ ᠤᠷᠴᠢᠨ ᠲᠤᠭᠤᠷᠢᠨ ᠢ | ᠬᠠᠮᠠᠭᠠᠯᠠᠬᠤ ᠪᠠᠶᠢᠭᠤᠯᠭ᠎ᠠᠨᠢᠭᠡᠴᠡ ᠤᠷᠴᠢᠨ ᠲᠤᠭᠤᠷᠢᠨ ᠤ ᠪᠤᠬᠢᠷᠳᠤᠯ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ | ᠲᠠᠢ ᠪᠠᠷ ᠪᠠᠷᠠᠬᠤ ᠦᠭᠡᠢ᠂ ᠵᠠᠰᠠᠭ ᠤᠨ ᠤᠷᠳᠤᠨ ᠤ ᠪᠤᠰᠤᠳ ᠪᠠᠶᠢᠭᠤᠯᠭ᠎ᠠ ᠨᠢᠭᠡᠴᠡ ᠴᠤ ᠦᠪᠡᠷ ᠤᠨ ᠢᠶᠠᠨ ᠡᠭᠦᠷᠭᠡ | ᠲᠤᠰᠢᠶᠠᠯ ᠢᠶᠠᠨ ᠦᠨᠳᠦᠰᠦᠯᠡᠨ᠂ ᠤᠷᠴᠢᠨ ᠲᠤᠭᠤᠷᠢᠨ ᠤ ᠪᠤᠬᠢᠷᠳᠤᠯ ᠢ ᠬᠢᠨᠠᠨ ᠬᠠᠮᠢᠶᠠᠷᠬᠤ ᠡᠷᠬᠡ ᠲᠠᠢ᠃ ᠤᠷᠴᠢᠨ | ᠲᠤᠭᠤᠷᠢᠨ ᠢ ᠬᠠᠮᠠᠭᠠᠯᠠᠬᠤ ᠬᠠᠮᠢᠶ᠎ᠠ ᠪᠦᠬᠦᠢ ᠬᠠᠦᠯᠢ ᠳᠦᠷᠢᠮ ᠳᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠤᠷᠴᠢᠨ | ᠲᠤᠭᠤᠷᠢᠨ ᠢ ᠪᠤᠬᠢᠷᠳᠠᠭᠤᠯᠤᠭᠰᠠᠨ ᠠᠵᠢᠯᠯᠠᠭ᠎ᠠ ᠶᠢᠨ ᠬᠠᠮᠢᠶᠠᠷᠤᠯᠲᠠ ᠶᠢᠨ ᠡᠷᠭᠡ ᠪᠤᠯᠤᠨ ᠰᠢᠢᠳᠬᠡᠬᠦ ᠡᠷᠭᠡ ᠳᠤ | ᠳᠤᠳᠤᠷᠠᠬᠠᠢ ᠳᠤᠭᠳᠠᠭᠠᠯ ᠳᠤᠭᠳᠠᠭᠠᠵᠠᠢ᠃ ᠤᠷᠴᠢᠨ ᠲᠤᠭᠤᠷᠢᠨ ᠢ ᠬᠠᠮᠭᠠᠯᠠᠬᠤ ᠠᠵᠢᠯ ᠳᠤ᠂ ᠤᠷᠴᠢᠨ ᠲᠤᠭᠤᠷᠢᠨ | ᠢ ᠬᠠᠮᠠᠭᠠᠯᠠᠬᠤ ᠨᠢᠭᠡᠴᠡ ᠶᠢᠨ ᠬᠢᠨᠠᠨ ᠬᠠᠮᠢᠶᠠᠷᠬᠤ ᠠᠭᠤᠯᠭ᠎ᠠ ᠬᠠᠮᠤᠭ ᠠᠷᠪᠢᠨ ᠬᠠᠮᠤᠭ ᠦᠷᠭᠡᠨ ᠳᠡᠯᠭᠡᠷ᠂ ᠬᠡᠢ᠂ | ᠤᠰᠤ᠂ ᠬᠦᠷᠦᠰᠦ ᠰᠢᠷᠤᠢ᠂ ᠬᠠᠳᠠᠭᠤ ᠪᠡᠶᠡᠳᠦ ᠬᠠᠶᠠᠭᠳᠠᠮᠠᠯ ᠪᠤᠳᠠᠰ᠂ ᠠᠶᠤᠯᠲᠤ ᠬᠠᠶᠠᠭᠳᠠᠮᠠᠯ ᠪᠤᠳᠠᠰ᠂ ᠰᠠᠴᠤᠷᠠᠭ | ᠵᠡᠷᠭᠡ ᠲᠠᠯ᠎ᠠ ᠪᠠᠷ ᠪᠦᠷ ᠬᠤᠯᠪᠤᠭᠳᠠᠨ᠂ ᠪᠤᠰᠤᠳ ᠪᠠᠶᠢᠭᠤᠯᠭ᠎ᠠ ᠨᠢᠭᠡᠴᠡ ᠶᠢᠨ ᠤᠷᠴᠢᠨ ᠲᠤᠭᠤᠷᠢᠨ ᠢ ᠬᠠᠮᠠᠭᠠᠯᠠᠬᠤ | ᠬᠢᠨᠡᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠬᠠᠷᠢᠴᠠᠩᠭᠤᠢ ᠪᠠᠷ ᠳᠠᠩ ᠴᠣᠯᠭᠤᠢ ᠪᠠᠶᠢᠳᠠᠭ᠃ | ᠬᠤᠶᠠᠷ᠂ ᠣᠷᠴᠢᠨ ᠲᠤᠭᠤᠷᠢᠨ ᠢ ᠬᠠᠮᠠᠭᠠᠯᠠᠬᠤ ᠳᠤᠪᠴᠢᠶ᠎ᠠ ᠬᠡᠷᠬᠢᠨ ᠤᠷᠴᠢᠨ ᠲᠤᠭᠤᠷᠢᠨ ᠤ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠳᠡᠭ ᠪᠤᠢ︖ | ᠪᠢᠳᠠᠨ ᠤ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠶᠢᠨ ᠭᠤᠤᠯ ᠠᠷᠭ᠎ᠠ ᠵᠠᠮ | ᠭᠡᠪᠡᠯ᠄ “12369]”ᠪᠦᠬᠦ ᠤᠯᠤᠰ ᠤᠨ ᠤᠷᠴᠢᠨ ᠲᠤᠭᠤᠷᠢᠨ ᠢ ᠬᠠᠮᠠᠭᠠᠯᠠᠬᠤ ᠵᠠᠭᠠᠯᠳᠤᠯᠭ᠎ᠠ ᠶᠢᠨ ᠤᠳᠠᠰᠤ᠂ | 5212369 ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶᠡᠨ ᠤ ᠵᠠᠭᠠᠯᠳᠤᠯᠭ᠎ᠠ ᠶᠢᠨ ᠤᠳᠠᠰᠤ᠂ | ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶᠡᠨ ᠤ ᠸᠢᠴᠠᠲ ᠳᠠᠪᠴᠠᠩ ᠵᠢᠴᠢ96118 ᠠᠷᠠᠳ | ᠲᠤ ᠦᠢᠯᠡᠴᠢᠯᠡᠬᠦ ᠤᠳᠠᠰᠤᠨ ᠤ ᠰᠢᠯᠵᠢᠭᠦᠯᠦᠨ ᠭᠦᠢᠴᠡᠳᠬᠡᠬᠦ ᠬᠠᠭᠤᠳᠠᠰᠤ ᠵᠡᠷᠭᠡ᠃ | ᠪᠢᠲᠡ ᠪᠦᠬᠦ ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠲᠤᠤᠷᠯᠠᠯ ᠤᠨ ᠬᠡᠯᠪᠡᠷᠢ ᠲᠠᠢ | ᠪᠠᠷ ᠬᠠᠮᠢᠶᠠᠷᠤᠳᠠᠭ᠃ ᠶᠠᠭ ᠡᠶᠢᠮᠦ ᠠᠴᠠ᠂ ᠪᠢᠳᠡ ᠵᠠᠭᠠᠯᠳᠤᠯᠭ᠎ᠠ ᠶᠢ ᠳᠤᠰᠤᠭᠰᠠᠨ ᠤ ᠳᠠᠷᠠᠭ᠎ᠠ᠂ ᠴᠠᠭ ᠲᠤᠬᠠᠢ ᠳᠤᠨᠢ | ᠡᠯ᠎ᠡ ᠲᠣᠣᠷᠯᠠᠯ ᠤᠨ ᠳᠣᠳᠣᠷ᠎ᠠ ᠬᠠᠦᠯᠢ ᠬᠡᠷᠡᠭᠵᠢᠭᠦᠯᠵᠦ ᠪᠠᠶᠢᠭ᠎ᠠ ᠳᠤᠮᠳᠠ ᠠᠩᠭᠢ ᠳᠤ ᠬᠤᠪᠢᠶᠠᠷᠢᠯᠠᠨ ᠦᠭᠴᠦ᠂ | ᠬᠠᠦᠯᠢ ᠬᠡᠷᠡᠭᠵᠢᠭᠦᠯᠬᠦ ᠳᠤᠮᠳᠠ ᠠᠩᠭᠢ ᠬᠠᠷᠢᠭᠤᠴᠠᠨ ᠪᠠᠶᠢᠴᠠᠭᠠᠯᠲᠠ ᠬᠢᠵᠦ᠂ ᠬᠠᠷᠢᠭᠤᠯᠲᠠ ᠦᠭᠭᠦᠨ᠎ᠡ᠃ ᠪᠢᠲᠡ | ᠪᠠᠰᠠ ᠲᠤᠰᠬᠠᠶᠢᠯᠠᠨ ᠤᠷᠴᠢᠨ ᠲᠤᠭᠤᠷᠢᠨ ᠤ ᠵᠠᠬᠢᠳᠠᠯ ᠰᠣᠷᠪᠤᠯᠵᠢᠯᠠᠭ᠎ᠠ ᠤᠨ ᠵᠦᠷᠢᠴᠡᠯ ᠢ ᠰᠢᠢᠳᠪᠦᠷᠢᠯᠡᠬᠦ ᠸᠢᠴᠠᠲ | ᠤᠨ ᠪᠦᠯᠦᠭᠯᠡᠯ ᠪᠠᠶᠢᠭᠤᠯᠵᠦ᠂ ᠭᠤᠤᠯᠳᠠᠭᠤ ᠤᠴᠢᠷ ᠶᠠᠪᠤᠳᠠᠯ ᠢ ᠪᠠᠶᠢᠴᠠᠭᠠᠨ ᠲᠤᠳᠤᠯᠠᠬᠤ᠂ ᠤᠷᠴᠢᠨ ᠲᠤᠭᠤᠷᠢᠨ ᠤ | ᠵᠠᠬᠢᠳᠠᠯ ᠰᠤᠷᠪᠤᠯᠵᠢᠯᠠᠭ᠎ᠠ ᠢ ᠬᠢᠨᠡᠨ ᠰᠢᠢᠳᠪᠦᠷᠢᠯᠡᠬᠦ᠂ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ | ᠵᠦᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠬᠦ ᠢ ᠪᠠᠳᠤᠯᠠᠨ᠎ᠠ᠃ | 2016 ᠤᠨ ᠳᠤ᠂ ᠪᠢᠲᠡ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠬᠢᠭᠰᠡᠨ | ᠤᠴᠢᠷ ᠢ210 ᠤᠳᠠᠭ᠎ᠠ ᠳᠤᠰᠴᠤ᠂ ᠡᠭᠦᠨ ᠳᠤ96118 ᠠᠷᠠᠳ ᠲᠤ ᠦᠢᠯᠡᠴᠢᠯᠡᠬᠦ ᠣᠳᠠᠰᠣᠨ ᠳᠤ | ᠰᠢᠯᠵᠢᠭᠦᠯᠦᠨ ᠦᠭᠭᠦᠭᠰᠡᠨ ᠵᠠᠭᠠᠯᠳᠣᠯᠭ᠎ᠠ163 ᠤᠳᠠᠭ᠎ᠠ ᠬᠦᠷᠴᠦ᠂77.6% ᠢ ᠡᠵᠡᠯᠡᠵᠡᠢ᠃2017 ᠤᠨ ᠤ1 | —7 ᠰᠠᠷ᠎ᠠ ᠳᠤ᠂ᠨᠡᠶᠢᠲᠡ160 ᠤᠳᠠᠭ᠎ᠠ ᠲᠤᠰᠴᠦ᠂ ᠡᠭᠦᠨ ᠳᠤ ᠠᠷᠠᠳ ᠲᠤ ᠦᠢᠯᠡᠴᠢᠯᠡᠬᠦ ᠤᠳᠠᠰᠤᠨ ᠳᠤ | ᠰᠢᠯᠵᠢᠭᠦᠯᠦᠨ ᠦᠭᠭᠦᠭᠰᠡᠨ ᠵᠠᠭᠠᠯᠳᠤᠯᠭ᠎ᠠ110 ᠤᠳᠠᠭ᠎ᠠ ᠬᠦᠷᠴᠦ᠂68.7% ᠢ ᠡᠵᠡᠯᠡᠵᠡᠢ᠃ ᠡᠶᠢᠮᠦ ᠠᠴᠠ | ᠠᠷᠠᠳ ᠲᠤ ᠦᠢᠯᠡᠴᠢᠯᠡᠬᠦ ᠤᠳᠠᠰᠤ ᠪᠤᠯ ᠵᠠᠬᠢᠳᠠᠯ ᠰᠣᠷᠪᠤᠯᠵᠢᠯᠠᠭ᠎ᠠ ᠶᠢᠨ ᠵᠠᠭᠠᠯᠳᠤᠯᠭ᠎ᠠ ᠬᠢᠬᠦ ᠭᠤᠤᠯ ᠠᠷᠭ᠎ᠠ ᠵᠠᠮ | ᠪᠤᠯᠤᠨ᠎ᠠ ᠃96118 ᠠᠷᠠᠳ ᠲᠤ ᠦᠢᠯᠡᠴᠢᠯᠡᠬᠦ ᠤᠳᠠᠰᠤᠨ ᠤ ᠳᠤᠰᠬᠠᠭᠰᠠᠨ ᠪᠠᠶᠢᠳᠠᠯ ᠠᠴᠠ ᠦᠵᠡᠪᠡᠯ᠂ ᠪᠢᠳᠡᠨ | ᠤ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠢ ᠰᠢᠢᠳᠪᠦᠷᠢᠯᠡᠭᠰᠡᠨ ᠦᠷ᠎ᠡ ᠳ᠋ᠦᠩ ᠳᠤ ᠠᠷᠠᠳ ᠤᠯᠠᠨ ᠤ | ᠬᠠᠨᠤᠮᠵᠢ ᠶᠢᠨ ᠨᠤᠷᠮ᠎ᠠ95% ᠠᠴᠠ ᠳᠡᠭᠡᠭᠰᠢ ᠪᠠᠶᠢᠵᠦ᠂ ᠪᠢᠲᠠᠨ ᠳᠤ ᠨᠡᠩ ᠰᠠᠶᠢᠨ ᠴᠢᠷᠮᠠᠶᠢᠨ ᠠᠵᠢᠯᠯᠠᠬᠤ ᠡᠷᠴᠢ | ᠵᠤᠷᠢᠭ ᠢ ᠬᠦᠪᠴᠢᠯᠡᠭᠰᠡᠨ ᠪᠠᠶᠢᠨ᠎ᠠ᠃ | ᠭᠤᠷᠪᠠ᠂ ᠤᠷᠴᠢᠮ ᠤᠨ ᠡᠳᠦᠷ ᠪᠠᠯᠭᠠᠰᠤᠨ ᠳᠤ “ᠬᠤᠤᠷᠲᠤ ᠨᠤᠨᠳᠠᠭ” ᠤᠨ ᠦᠨᠦᠷ ᠦᠨᠦᠷᠳᠡᠭᠳᠡᠵᠦ | ᠪᠠᠶᠢᠬᠤ ᠠᠰᠠᠭᠤᠳᠠᠯ ᠤᠨ ᠲᠤᠬᠠᠢ᠂ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠬᠡᠷᠬᠢᠨ ᠰᠢᠢᠳᠪᠦᠷᠢᠯᠡᠭᠰᠡᠨ | ᠪᠤᠢ︖ | ᠪᠢ ᠪᠠᠰᠠ ᠱᠠᠭᠵᠢᠮᠤᠨᠢ ᠪᠠᠯᠭᠠᠰᠤᠨ ᠳᠤ ᠰᠠᠭᠤᠵᠦ ᠪᠠᠶᠢᠳᠠᠭ᠂ ᠵᠠᠷᠢᠮ ᠳᠤ ᠪᠠᠨ ᠡᠶᠢᠮᠦᠷᠬᠦᠦ ᠬᠠᠮᠠᠷ | ᠱᠠᠷᠬᠢᠷᠠᠮᠠ ᠦᠨᠦᠷ ᠦᠨᠦᠷᠳᠡᠳᠡᠭ᠃ ᠡᠨᠡᠬᠦ “ᠬᠤᠤᠷᠲᠤ ᠨᠤᠨᠳᠠᠭ” ᠤᠨ ᠬᠠᠮᠠᠷ ᠱᠠᠷᠬᠢᠷᠠᠮᠠ ᠦᠨᠦᠷ ᠪᠤᠯ ᠰᠢᠨ | ᠸᠧᠢ ᠶᠤᠸᠠᠨ ᠠᠮᠢᠳᠤ ᠪᠤᠳᠠᠰ ᠬᠢᠮᠢ ᠶᠢᠨ ᠬᠢᠵᠠᠭᠠᠷᠲᠤ ᠺᠤᠮᠫᠠᠨᠢ ᠶᠢᠨ ᠢᠰᠬᠡᠯᠲᠡ ᠶᠢᠨ ᠶᠠᠪᠤᠴᠠ ᠳᠤᠮᠳᠠ | ᠢᠯᠭᠠᠷᠠᠭᠤᠯᠤᠨ ᠭᠠᠷᠭᠠᠭᠰᠠᠨ ᠶᠤᠮ᠂ ᠲᠡᠷᠡ ᠨᠢ ᠵᠢᠩᠬᠢᠨᠢ ᠬᠤᠤᠷᠳᠤ ᠨᠤᠨᠳᠠᠭ ᠤᠨ ᠦᠨᠦᠷ ᠪᠢᠰᠢ᠃ᠰᠢᠨ ᠸᠧᠢ | ᠶᠤᠸᠠᠨ ᠠᠮᠢᠳᠤ ᠪᠤᠳᠠᠰ ᠬᠢᠮᠢ ᠶᠢᠨ ᠬᠢᠵᠠᠭᠠᠷᠲᠤ ᠺᠤᠮᠫᠠᠨᠢ ᠨᠢ2004 ᠤᠨ ᠳᠤ ᠪᠠᠶᠢᠭᠤᠯᠤᠭᠳᠠᠵᠦ᠂ ᠭᠤᠤᠯ ᠠᠮᠢᠳᠤ | ᠪᠤᠳᠠᠰ ᠤᠨ ᠢᠰᠬᠡᠯᠲᠡ ᠶᠢᠨ ᠮᠡᠷᠭᠡᠵᠢᠯ ᠢ ᠠᠰᠢᠭᠯᠠᠨ ᠠᠷᠸᠢᠺᠠ ᠪᠺᠲ᠋ᠧᠷᠢ ᠶᠢᠨ ᠲᠦᠭᠦᠬᠡᠢ ᠮᠠᠲ᠋ᠧᠷᠢᠶᠠᠯ ᠤᠨᠡᠮ ᠢ | ᠦᠢᠯᠡᠳᠪᠦᠷᠢᠯᠡᠳᠡᠭ᠃ ᠦᠢᠯᠡᠳᠪᠦᠷᠢ ᠳᠤ ᠬᠡᠷᠡᠭᠯᠡᠬᠦ ᠭᠤᠤᠯ ᠲᠦᠭᠦᠬᠡᠢ ᠮᠠᠲ᠋ᠧᠷᠢᠶᠠᠯ ᠪᠤᠯ ᠬᠡᠷᠡᠭᠯᠡᠭᠡᠨ ᠤ ᠡᠷᠳᠡᠨᠢ | ᠰᠢᠰᠢ ᠶᠢᠨ ᠴᠠᠷᠳᠠᠭᠤᠯ᠂ ᠬᠡᠷᠡᠭᠯᠡᠭᠡᠨ ᠤ ᠯᠤᠬᠠᠱᠧᠩ ᠪᠤᠤᠪᠤ ᠶᠢᠨ ᠨᠤᠨᠳᠠᠭ᠂ ᠰᠢᠷ᠎ᠠ ᠪᠤᠷᠴᠠᠭ ᠤᠨ ᠪᠤᠤᠪᠤ ᠶᠢᠨ | ᠨᠤᠨᠳᠠᠭ ᠪᠤᠯᠤᠨ ᠬᠡᠷᠡᠭᠯᠡᠭᠡᠨ ᠤ ᠦᠵᠦᠮ ᠤᠨ ᠰᠢᠬᠢᠷ ᠪᠤᠯᠤᠨ᠎ᠠ᠃ᠠᠷᠸᠢᠺᠠ ᠪᠠᠺᠲ᠋ᠧᠷᠢ ᠨᠢ ᠠᠮᠢᠳᠤ ᠪᠤᠳᠠᠰ ᠤᠨ | ᠢᠰᠬᠡᠯᠲᠡ ᠶᠢᠨ ᠨᠢᠶᠠᠨ ᠳᠠᠷᠣᠭᠴᠢ ᠵᠢᠨᠲ᠋ᠦ᠋ᠷᠦᠯ ᠤᠨ ᠲᠠᠷᠢᠶᠠᠮᠠᠯ ᠤᠨ ᠡᠮ ᠪᠤᠯᠤᠨ᠎ᠠ᠃ ᠢᠰᠬᠡᠯᠲᠡ ᠶᠢᠨ ᠶᠠᠪᠤᠴᠠ | ᠳᠤ ᠡᠨᠡᠬᠦ ᠤᠨᠴᠠᠭᠠᠢ ᠦᠨᠦᠷ ᠨᠢ ᠭᠡᠷᠡᠯ ᠦᠵᠡᠭᠰᠡᠭᠡᠷ ᠵᠠᠳᠠᠷᠠᠯᠲᠠ ᠡᠭᠦᠰᠳᠡᠭ᠂ ᠬᠦᠮᠦᠨ ᠤ ᠪᠡᠶ᠎ᠡ ᠳᠤ ᠬᠤᠤᠷ ᠦᠭᠡᠢ | ᠃ ᠪᠢᠲᠡ ᠬᠤᠰᠢᠭᠤᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠠᠴᠠ ᠯᠠᠪᠯᠠᠪᠠᠯ᠂ ᠲᠤᠰ ᠺᠤᠮᠫᠠᠨᠢ ᠨᠢ300 | ᠭᠠᠷᠤᠢ ᠠᠵᠢᠯᠳᠠᠨ ᠲᠠᠢ ᠪᠠᠶᠢᠵᠦ᠂ ᠪᠠᠶᠢᠭᠤᠯᠤᠭᠳᠠᠭᠰᠠᠨ ᠠᠴᠠ ᠠᠪᠤᠭᠠᠳ ᠤᠳᠤ ᠪᠤᠯᠳᠠᠯ᠎ᠠ12 ᠵᠢᠯ ᠤᠨ ᠳᠤᠷᠰᠢ | ᠵᠢᠯ ᠪᠦᠷᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠳᠡᠭ᠂ ᠭᠡᠪᠡᠴᠦ ᠡᠨᠡᠬᠦ ᠬᠠᠮᠠᠷ ᠱᠠᠷᠬᠢᠷᠠᠮᠠ | ᠦᠨᠦᠷ ᠲᠠᠢ ᠬᠤᠯᠪᠤᠭᠳᠠᠬᠤ ᠡᠪᠡᠳᠴᠢᠨ ᠢ ᠤᠨᠤᠰᠢᠯᠠᠵᠦ ᠭᠠᠷᠤᠭᠰᠠᠨ ᠤᠳᠠᠭ᠎ᠠ ᠦᠭᠡᠢ᠃ | 7 ᠰᠠᠷ᠎ᠠ ᠶᠢᠨ27 ᠤ ᠡᠳᠦᠷ ᠮᠠᠨ ᠤ ᠪᠠᠶᠢᠭᠤᠯᠭ᠎ᠠ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠭᠡᠨ᠂ ᠡᠷᠡᠭᠦᠯ ᠬᠠᠮᠠᠭᠠᠯᠠᠯ ᠪᠠ ᠲᠤᠯᠤᠪᠯᠡᠭᠡ ᠲᠠᠢ ᠪᠠᠷ ᠬᠡᠦᠬᠡᠳ ᠠᠪᠬᠤ ᠳᠤᠪᠴᠢᠶ᠎ᠠ᠂ | ᠠᠷᠠᠳ ᠲᠤ ᠦᠢᠯᠡᠴᠢᠯᠡᠬᠦ ᠰᠢᠭᠤᠳ ᠣᠳᠠᠰᠤ᠂ ᠵᠡᠭᠡᠯᠢ ᠭᠤᠳᠤᠮᠵᠢ ᠨᠡᠶᠢᠬᠡᠮ ᠲᠤᠭᠤᠷᠢᠭ᠂ ᠰᠠᠭᠤᠭᠠᠯᠢ ᠠᠷᠠᠳ ᠤᠨ | ᠲᠤᠭᠤᠷᠢᠭ ᠤᠨ ᠦᠮᠴᠢᠳᠡᠨ ᠤ ᠲᠦᠯᠦᠭᠡᠯᠡᠭᠴᠢ ᠵᠡᠷᠭᠡ30 ᠭᠠᠷᠦᠢ ᠬᠦᠮᠦᠰ ᠤᠷᠤᠯᠴᠠᠨ᠂ᠰᠢᠨ ᠸᠧᠢ ᠶᠤᠸᠠᠨ | ᠠᠮᠢᠳᠤ ᠪᠤᠳᠠᠰ ᠬᠢᠮᠢ ᠶᠢᠨ ᠬᠢᠵᠠᠭᠠᠷᠲᠤ ᠺᠤᠮᠫᠠᠨᠢ ᠳᠤ ᠤᠴᠢᠵᠦ ᠲᠤᠭᠤᠷᠢᠨ ᠪᠠᠶᠢᠴᠠᠭᠠᠯᠲᠠ ᠬᠢᠵᠡᠢ᠃ | ᠲᠦᠯᠦᠭᠡᠯᠡᠭᠴᠢᠳ ᠲᠦᠭᠦᠬᠡᠢ ᠮᠠᠲ᠋ᠧᠷᠢᠶᠠᠯ ᠤᠨ ᠬᠦᠮᠦᠷᠭᠡ ᠳᠤ ᠬᠠᠳᠠᠭᠠᠯᠠᠭᠰᠠᠨ ᠡᠷᠳᠡᠨᠢ ᠰᠢᠰᠢ ᠶᠢᠨ ᠴᠠᠷᠳᠠᠭᠤᠯ᠂ | ᠯᠤᠬᠠᠱᠧᠩ ᠤᠨ ᠴᠠᠷᠳᠠᠭᠤᠯ ᠪᠤᠯᠤᠨ ᠬᠡᠷᠡᠭᠯᠡᠭᠡᠨ ᠤ ᠦᠵᠦᠮ ᠤᠨ ᠰᠢᠬᠢᠷ ᠵᠡᠷᠭᠡ ᠲᠦᠭᠦᠭᠡᠢ ᠮᠠᠲ᠋ᠧᠷᠢᠶᠠᠯ ᠢ | ᠨᠠᠷᠢᠯᠢᠭᠲ᠋ᠤᠭᠤᠷᠢᠨ ᠦᠵᠡᠬᠦ ᠶᠢᠨ ᠳᠠᠭᠠᠦ ᠳᠤ ᠪᠠᠰᠠᠦᠢᠯᠡᠳᠪᠦᠷᠢᠯᠡᠯ ᠤᠨ ᠮᠡᠷᠭᠡᠵᠢᠯ ᠵᠢᠴᠢ ᠬᠠᠶᠠᠭᠳᠠᠮᠠᠯ ᠬᠡᠢ ᠶᠢ | ᠰᠡᠷᠭᠡᠶᠢᠯᠡᠨ ᠵᠠᠰᠠᠬᠤ ᠲᠦᠬᠦᠭᠡᠷᠦᠮᠵᠢ ᠶᠢ ᠲᠤᠭᠤᠷᠢᠨ ᠪᠠᠶᠢᠴᠠᠭᠠᠵᠦ᠂ ᠰᠢᠨ ᠸᠧᠢ ᠶᠤᠸᠠᠨ ᠤ ᠦᠢᠯᠡᠳᠪᠦᠷᠢᠯᠡᠯ ᠤᠨ | ᠪᠠᠶᠢᠳᠠᠯ ᠪᠤᠯᠤᠨ ᠬᠠᠶᠠᠭᠳᠠᠮᠠᠯ ᠬᠡᠢ ᠢ ᠰᠡᠷᠭᠡᠶᠢᠯᠡᠨ ᠵᠠᠰᠠᠬᠤ ᠲᠤᠬᠠᠢ ᠤᠯᠠᠮ ᠭᠦᠨᠵᠡᠭᠡᠢ ᠤᠶᠢᠯᠠᠭᠠᠯᠲᠠ ᠲᠠᠢ ᠪᠤᠯᠪᠠ᠃ | ᠠᠮᠢᠳᠤ ᠪᠤᠳᠠᠰ ᠤᠨᠢᠰᠬᠡᠯᠲᠡ ᠶᠢᠨ ᠦᠨᠦᠷ ᠨᠢ ᠤᠨᠴᠠᠭᠠᠢ᠂ ᠨᠠᠮ ᠵᠠᠰᠠᠭ ᠠᠴᠠ ᠡᠨᠡᠬᠦ ᠠᠰᠠᠭᠤᠳᠠᠯ ᠢ | ᠴᠢᠬᠤᠯᠠᠴᠢᠯᠡᠨ ᠦᠵᠡᠨ ᠠᠩᠬᠠᠷᠣᠯ ᠳᠤ ᠪᠠᠨ ᠠᠪᠴᠦ᠂ ᠠᠵᠦ ᠠᠬᠤᠶᠢᠯᠠᠯ ᠴᠣ᠋ ᠨᠡᠶᠢᠬᠡᠮ ᠳᠤ ᠬᠠᠷᠢᠭᠤᠴᠠᠬᠤ | ᠦᠵᠡᠯᠲᠡ ᠠᠴᠠ ᠭᠠᠷᠳᠠᠨ᠂ ᠳᠤᠰᠬᠠᠶᠢᠯᠠᠨᠮᠠᠭᠤᠬᠠᠢ ᠦᠨᠦᠷ ᠢ ᠠᠷᠭᠠᠴᠠᠭᠠᠬᠤ ᠲᠦᠬᠦᠭᠡᠷᠦᠮᠵᠢ ᠶᠢ ᠤᠭᠰᠠᠷᠠᠨ᠂ | ᠮᠠᠭᠤᠬᠠᠢ ᠦᠨᠦᠷ ᠢ ᠬᠤᠷᠢᠶᠠᠨ ᠠᠪᠴᠦ ᠰᠢᠳᠪᠦᠷᠢᠯᠡᠭᠰᠡᠨ ᠪᠠᠶᠢᠨ᠎ᠠ᠃ ᠬᠤᠷᠢᠶᠠᠨ ᠠᠪᠴᠦ ᠰᠢᠢᠳᠪᠦᠷᠢᠯᠡᠭᠰᠡᠨ ᠤ | ᠳᠠᠷᠠᠭ᠎ᠠ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠤᠯᠤᠰ ᠤᠨ ᠬᠠᠮᠢᠶ᠎ᠠ ᠪᠦᠬᠦᠢ ᠭᠠᠳᠠᠭᠰᠢᠯᠠᠭᠤᠯᠬᠤ ᠪᠠᠷᠢᠮᠵᠢᠶ᠎ᠠ | ᠠᠴᠠ ᠲᠤᠤᠷ᠎ᠠ ᠪᠠᠶᠢᠵᠦ᠂ ᠭᠡᠪᠡᠴᠦ ᠠᠭᠤᠷ ᠠᠮᠢᠰᠬᠤᠯ᠂ ᠲᠤᠨᠤᠭ ᠲᠦᠬᠦᠭᠡᠷᠦᠮᠵᠢ᠂ ᠬᠦᠮᠦᠨ ᠤ ᠠᠵᠢᠯᠯᠠᠭ᠎ᠠ ᠵᠡᠷᠭᠡ | ᠡᠯᠧᠮᠧᠨ᠋ᠲ ᠠᠴᠠ ᠪᠤᠯᠵᠦ᠂ ᠵᠠᠷᠢᠮ ᠦᠶ᠎ᠡ ᠳᠤ ᠪᠠᠨ ᠪᠠᠰᠠ ᠢᠯᠡᠷᠬᠡᠢ ᠦᠨᠦᠷᠳᠡᠬᠦ ᠮᠠᠭᠠᠳ᠃ ᠪᠢᠲᠡ ᠬᠦᠰᠡᠬᠦ ᠨᠢ᠂ | ᠲᠠ ᠨᠠᠷ ᠬᠡᠷᠪᠡ ᠢᠯᠡᠷᠭᠡᠢ ᠮᠠᠭᠤᠬᠠᠢ ᠦᠨᠦᠷ ᠦᠨᠦᠷᠳᠡᠬᠦ ᠶᠢ ᠰᠡᠷᠡᠵᠦ ᠤᠯᠪᠠᠯ ᠴᠠᠭ ᠳᠠᠷᠦᠢ ᠳᠤ ᠨᠢ ᠪᠢᠳᠡᠨ | ᠲᠠᠢ96118 ᠤᠳᠠᠰᠤ ᠪᠤᠶᠤ12369 ᠤᠳᠠᠰᠤ ᠪᠠᠷ ᠬᠠᠷᠢᠯᠴᠠᠵᠦ᠂ ᠪᠢᠲᠡᠠᠵᠦ ᠠᠬᠤᠶᠢᠯᠠᠯ | ᠳ᠋ᠤ᠋ᠲ᠋ᠠᠷᠣᠶᠢᠬᠠᠨᠮᠡᠳᠡᠭᠳᠡᠨ᠂ᠲᠦᠬᠦᠭᠡᠷᠦᠮᠵᠢ ᠤᠨ ᠢᠶᠠᠨ ᠠᠵᠢᠯᠯᠠᠬᠤ ᠪᠠᠶᠢᠳᠠᠯ ᠳᠤ ᠪᠠᠶᠢᠴᠠᠭᠠᠯᠲᠠ ᠬᠢᠬᠦ ᠶᠢ ᠱᠠᠭᠠᠷᠳᠠᠨ᠂ | ᠪᠠᠰᠠ ᠴᠢᠮᠡᠭᠡ ᠮᠡᠳᠡᠭᠡ ᠬᠠᠩᠭᠠᠭᠰᠠᠨ ᠬᠦᠮᠦᠨ ᠳᠤ ᠵᠤᠬᠢᠬᠤ ᠱᠠᠩᠨᠠᠯ ᠮᠦᠩᠭᠦ ᠤᠯᠭᠤᠨ ᠬᠦᠬᠢᠭᠦᠯᠬᠦ ᠠᠷᠭ᠎ᠠ ᠢ | ᠬᠡᠷᠡᠭᠵᠢᠭᠦᠯᠦᠨ᠎ᠡ᠃ | ᠲᠦᠷᠪᠡ᠂96118 ᠠᠷᠠᠳ ᠲᠤ ᠦᠢᠯᠡᠴᠢᠯᠡᠬᠦ ᠤᠳᠠᠰᠤ ᠶᠢ ᠬᠡᠷᠬᠢᠨ ᠤᠶᠢᠯᠠᠭᠠᠵᠦ ᠪᠠᠶᠢᠭ᠎ᠠ ᠪᠤᠢ︖ |
|
| | | ᠮᠠᠨ ᠤ ᠪᠠᠶᠢᠭᠤᠯᠭ᠎ᠠ ᠨᠢ ᠬᠡᠳᠦᠶᠢᠪᠡᠷ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠬᠢᠨᠠᠨ ᠬᠠᠮᠢᠶᠠᠷᠬᠤ | ᠬᠠᠦᠯᠢ ᠬᠡᠷᠡᠭᠵᠢᠭᠦᠯᠬᠦ ᠪᠠᠶᠢᠭᠤᠯᠭ᠎ᠠ ᠪᠤᠯᠪᠠᠴᠦ᠂ ᠠᠵᠢᠯᠳᠠᠨ ᠤ ᠲᠤᠭᠠᠨ ᠤ ᠬᠢᠵᠠᠭᠠᠷᠯᠠᠯ᠂ ᠬᠤᠰᠢᠭᠤᠨ ᠤ ᠨᠤᠳᠤᠭ | ᠳᠡᠪᠢᠰᠭᠡᠷ ᠦᠷᠭᠡᠨ ᠠᠭᠤᠳᠠᠮ ᠠᠴᠠ ᠪᠤᠯᠵᠦ᠂ ᠬᠢᠨᠠᠨ ᠬᠠᠮᠢᠶᠠᠷᠤᠯᠲᠠ ᠶᠢᠨ ᠲᠠᠯ᠎ᠠ ᠪᠠᠷ ᠬᠦᠷᠦᠯᠴᠡᠬᠦ ᠦᠭᠡᠢ ᠪᠠᠶᠢᠳᠠᠯ | ᠤᠷᠤᠰᠢᠬᠤ ᠨᠢ ᠳᠠᠮᠵᠢᠭ ᠦᠭᠡᠢ᠃96118 ᠠᠷᠠᠳ ᠲᠤ ᠦᠢᠯᠡᠴᠢᠯᠡᠬᠦ ᠤᠳᠠᠰᠣ ᠨᠢ ᠠᠷᠠᠳ ᠤᠯᠠᠨ ᠪᠤᠯᠤᠨ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶᠠᠨ ᠤ ᠬᠤᠭᠤᠷᠤᠨᠲᠤ ᠲᠤᠰᠬᠠᠶᠢᠯᠠᠨ ᠴᠢᠮᠡᠭᠡ ᠮᠡᠳᠡᠭᠡ ᠨᠡᠪᠳᠡᠷᠡᠬᠦ | ᠳᠠᠪᠴᠠᠩ ᠢ ᠪᠠᠶᠢᠭᠤᠯᠤᠭᠰᠠᠨ ᠠᠴᠠ ᠬᠤᠶᠢᠰᠢ᠂ ᠦᠷᠭᠡᠨᠤᠯᠠᠨ ᠠᠷᠠᠳ ᠲᠦᠮᠡᠨ ᠤᠷᠴᠢᠨ ᠲᠤᠭᠤᠷᠢᠨ ᠢ ᠡᠪᠳᠡᠭᠰᠡᠨ | ᠠᠵᠢᠯᠯᠠᠭ᠎ᠠ ᠶᠢ ᠴᠠᠭ ᠲᠤᠬᠠᠢ ᠳᠤ ᠨᠢ96118 ᠠᠷᠠᠳ ᠲᠤ ᠦᠢᠯᠡᠴᠢᠯᠡᠬᠦ ᠳᠠᠪᠴᠠᠩ ᠳᠤ ᠲᠤᠰᠬᠠᠭᠰᠠᠨ ᠤ | ᠳᠠᠷᠠᠭ᠎ᠠ᠂ ᠳᠡᠳᠡᠨ ᠲᠠᠷᠤᠶᠢᠬᠠᠨ ᠮᠠᠨ ᠤ ᠪᠠᠶᠢᠭᠤᠯᠭ᠎ᠠ ᠳᠤ ᠰᠢᠯᠵᠢᠭᠦᠯᠦᠨ ᠦᠭᠴᠦ᠂ ᠱᠠᠭᠠᠷᠳᠠᠨ ᠭᠦᠢᠴᠡᠳᠬᠡᠭᠦᠯᠦᠨ᠎ᠡ | ᠃ ᠡᠨᠡᠬᠦ ᠠᠵᠢᠯᠯᠠᠭ᠎ᠠ ᠨᠢ ᠦᠷᠭᠡᠨ ᠤᠯᠠᠨ ᠠᠷᠠᠳ ᠲᠦᠮᠡᠨ ᠳᠤ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ | ᠰᠡᠳᠦᠨ ᠦᠭᠬᠦ ᠶᠢᠨ ᠳᠠᠭᠠᠦ ᠳᠤ ᠪᠢᠳᠡᠨ ᠤ ᠤᠷᠴᠢᠨ ᠲᠤᠭᠤᠷᠢᠨ ᠤ ᠬᠠᠦᠯᠢ ᠬᠡᠷᠡᠭᠵᠢᠭᠦᠯᠬᠦ ᠠᠵᠢᠯᠯᠠᠭ᠎ᠠ ᠳᠤ | ᠰᠦᠪᠡᠭᠴᠢ ᠬᠠᠩᠭᠠᠨ ᠦᠭᠴᠦ᠂ ᠤᠷᠴᠢᠨ ᠲᠤᠭᠤᠷᠢᠨ ᠢ ᠡᠪᠳᠡᠭᠰᠡᠨ ᠠᠵᠢᠯᠯᠠᠭ᠎ᠠ ᠳᠤ ᠴᠤᠬᠢᠯᠲᠠ ᠦᠭᠴᠦ᠂ ᠠᠷᠠᠳ | ᠤᠯᠠᠨ ᠤ ᠬᠠᠦᠯᠢ ᠳᠤ ᠨᠡᠶᠢᠴᠡᠭᠰᠡᠨ ᠤᠷᠴᠢᠨ ᠲᠤᠭᠤᠷᠢᠨ ᠤ ᠡᠷᠬᠡ ᠠᠰᠢᠭ ᠢ ᠬᠠᠮᠠᠭᠠᠯᠠᠬᠤ ᠳᠤ ᠬᠤᠪᠢ ᠨᠡᠮᠡᠷᠢ | ᠦᠵᠡᠭᠦᠯᠵᠡᠢ ᠃ | ︽ᠪᠦᠭᠦᠲᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠤᠷᠴᠢᠨ ᠲᠤᠭᠤᠷᠢᠨ ᠢ ᠬᠠᠮᠠᠭᠠᠯᠠᠬᠤ ᠬᠠᠦᠯᠢ︾ | ᠤᠨ ᠳᠠᠪᠢᠨ ᠭᠤᠷᠪᠠᠳᠣᠭᠠᠷ ᠵᠤᠷᠪᠤᠰ ᠲᠤ ᠲᠤᠭᠳᠠᠭᠠᠭᠰᠠᠨ ᠢᠶᠠᠷ᠄“ ᠠᠷᠠᠳ ᠢᠷᠭᠡᠨ᠂ ᠬᠠᠦᠯᠢ ᠶᠢᠨ ᠡᠷᠬᠡᠳᠡᠨ | ᠪᠤᠯᠤᠨ ᠪᠤᠰᠤᠳ ᠪᠠᠶᠢᠭᠤᠯᠭ᠎ᠠ ᠨᠢᠭᠡᠴᠨ ᠬᠠᠦᠯᠢ ᠶᠤᠰᠤᠭᠠᠷ ᠤᠷᠴᠢᠨ ᠲᠤᠭᠤᠷᠢᠨ ᠤ ᠮᠡᠳᠡᠭᠡᠵᠠᠩᠭᠢ ᠢ ᠤᠶᠢᠯᠠᠭᠠᠨ | ᠮᠡᠳᠡᠬᠦ᠂ ᠣᠷᠴᠢᠨ ᠲᠤᠭᠤᠷᠢᠨ ᠢ ᠬᠠᠮᠠᠭᠠᠯᠬᠤ ᠠᠵᠢᠯᠯᠠᠭ᠎ᠠ ᠳᠤ ᠬᠢᠨᠠᠯᠲᠠ ᠲᠠᠯᠪᠢᠬᠤ ᠳᠤ ᠤᠷᠤᠯᠴᠠᠬᠤ ᠡᠷᠬᠡ ᠲᠠᠢ ᠃ | ”ᠡᠭᠦᠨ ᠠᠴᠠ ᠦᠵᠡᠬᠦ ᠳᠤ᠂ ᠠᠷᠠᠳ ᠲᠦᠮᠡᠨ ᠤᠤᠷᠤᠯᠴᠠᠯᠭᠠ ᠪᠤᠯᠤᠨ ᠤᠷᠴᠢᠨ ᠲᠤᠭᠤᠷᠢᠨ ᠢ ᠬᠠᠮᠠᠭᠠᠯᠠᠬᠤ | ᠠᠵᠢᠯᠯᠠᠭ᠎ᠠ ᠳᠤ ᠬᠢᠨᠠᠯᠲᠠ ᠲᠠᠯᠪᠢᠬᠤ ᠨᠢ ᠨᠢᠭᠡᠨᠲᠡᠬᠠᠦᠯᠢ ᠶᠢᠨ ᠬᠦᠴᠦᠨ ᠲᠠᠢ ᠪᠤᠯᠵᠠᠢ᠃ ᠤᠷᠴᠢᠨ ᠲᠤᠭᠤᠷᠢᠨ ᠢ | ᠬᠠᠮᠠᠭᠠᠯᠠᠬᠤ ᠠᠵᠢᠯᠯᠠᠭ᠎ᠠ ᠳᠤ ᠬᠦᠮᠦᠨ ᠪᠦᠬᠦᠨ ᠪᠦᠷ ᠡᠭᠦᠷᠭᠡ ᠬᠠᠷᠢᠭᠤᠴᠠᠯᠠᠭ᠎ᠠ ᠲᠠᠢ᠂ ᠪᠢᠲᠠ ᠦᠷᠭᠡᠨ ᠤᠯᠠᠨ | ᠠᠷᠠᠳ ᠲᠦᠮᠡᠨ96118 ᠠᠷᠠᠳ ᠲᠤ ᠦᠢᠯᠡᠴᠢᠯᠡᠬᠦ ᠤᠳᠠᠰᠤᠨ ᠳᠠᠪᠴᠠᠩ ᠪᠠᠷ ᠳᠠᠮᠵᠢᠨ᠂ ᠤᠷᠴᠢᠨ ᠲᠤᠭᠤᠷᠢᠨ ᠢ | ᠡᠪᠳᠡᠭᠰᠡᠨ ᠠᠵᠢᠯᠯᠠᠭ᠎ᠠ ᠳᠤ ᠰᠦᠪᠡᠭᠴᠢ ᠬᠠᠩᠭᠠᠨ ᠦᠭᠴᠦ᠂ ᠤᠷᠴᠢᠨ ᠲᠤᠭᠤᠷᠢᠨ ᠢ ᠬᠠᠮᠠᠭᠠᠯᠠᠬᠤ ᠠᠵᠢᠯᠯᠠᠭ᠎ᠠ ᠳᠤ | ᠢᠳᠡᠪᠬᠢᠯᠡᠨᠤᠷᠤᠯᠴᠠᠨ᠂ ᠪᠢᠳᠡᠨ ᠤ ᠠᠵᠢᠯ ᠳᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ | ᠲᠠᠪᠤ᠂ ᠲᠡᠭᠦᠰᠬᠡᠯ ᠤᠨ ᠦᠭᠡ | ᠰᠢ ᠶᠢᠨ ᠫᠢᠩ ᠶᠡᠷᠦᠩᠬᠡᠢ ᠱᠦᠵᠢ᠄“ᠬᠦᠬᠡ ᠠᠭᠤᠯᠠ ᠬᠦᠬᠡᠮᠳᠦᠭ ᠤᠰᠤ ᠪᠤᠯ ᠠᠯᠳᠠ ᠮᠦᠩᠭᠦᠨ | ᠠᠭᠤᠯᠠ ᠣᠰᠣ ᠮᠦᠨ”ᠭᠡᠵᠦ ᠬᠡᠯᠡᠵᠦ ᠦᠩᠭᠡᠷᠡᠵᠡᠢ᠃ ᠤᠷᠴᠢᠨ ᠲᠤᠭᠤᠷᠢᠨ ᠢ ᠬᠠᠮᠠᠭᠠᠯᠠᠬᠤ ᠠᠵᠢᠯᠳᠠᠨ | ᠪᠤᠯᠤᠭᠰᠠᠨ ᠤ ᠬᠤᠪᠢ ᠳᠤ᠂ᠡᠷᠬᠡᠪᠰᠢ ᠶᠡᠷᠦᠩᠬᠡᠢ ᠱᠦᠵᠢ ᠶᠢᠨ ᠵᠢᠭᠠᠪᠦᠷᠢ ᠪᠠᠷ ᠪᠢᠳᠡᠨ ᠤ ᠠᠵᠢᠯ ᠤᠨ ᠬᠦᠳᠡᠯᠭᠡᠬᠦ | ᠬᠦᠴᠦᠨ ᠪᠤᠯᠭᠠᠨ᠂ ᠣᠷᠴᠢᠨ ᠲᠤᠭᠤᠷᠢᠨ ᠢ ᠬᠠᠮᠠᠭᠠᠯᠠᠬᠤ ᠠᠵᠢᠯ ᠢ ᠴᠢᠩᠭᠠᠳᠬᠠᠵᠦ᠂ ᠤᠷᠴᠢᠨ ᠲᠤᠭᠤᠷᠢᠨ ᠢ | ᠡᠪᠳᠡᠭᠰᠡᠨ ᠠᠵᠢᠯᠯᠠᠭ᠎ᠠ ᠳᠤ ᠬᠦᠴᠦᠳᠡᠢ ᠴᠤᠬᠢᠯᠲᠠ ᠦᠭᠴᠦ᠂ ᠪᠢᠳᠡᠨ ᠤ ᠤᠷᠤᠰᠢᠨ ᠠᠮᠢᠳᠤᠷᠠᠬᠤ ᠤᠷᠴᠢᠨ | ᠲᠤᠭᠤᠷᠢᠨ ᠢᠶᠠᠨ ᠰᠠᠶᠢᠳᠤᠷ ᠬᠠᠮᠠᠭᠠᠯᠠᠨ᠎ᠠ᠃ ᠬᠠᠮᠤᠭ ᠡᠴᠦᠰ ᠲᠤ ᠬᠦᠰᠡᠬᠦ ᠨᠢ᠂ ᠦᠷᠭᠡᠨ ᠤᠯᠠᠨ ᠰᠤᠨᠤᠰᠤᠭᠴᠢᠳ | ᠨᠠᠶᠢᠵᠠ ᠨᠠᠷ ᠮᠢᠨᠢ ᠤᠷᠴᠢᠨ ᠲᠤᠭᠤᠷᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠯᠡᠨ ᠤᠷᠤᠯᠴᠠᠵᠦ᠂ ᠪᠢᠳᠡᠨ ᠤ | ᠲᠡᠭᠷᠢ ᠨᠢ ᠨᠡᠩ ᠴᠡᠩᠬᠡᠷ᠂ ᠤᠰᠤ ᠨᠢ ᠨᠡᠩ ᠳᠤᠩᠭᠠᠯᠠᠭ᠂ ᠠᠭᠠᠷ ᠢᠶᠠᠨ ᠨᠡᠩ ᠰᠤᠷᠭᠤᠭ ᠪᠠᠶᠢᠯᠭᠠᠬᠤ ᠶᠢᠨ ᠲᠦᠯᠦᠭᠡ | ᠬᠠᠮᠲᠤ ᠪᠠᠷ ᠴᠢᠷᠮᠠᠶᠢᠵᠠᠭᠠᠶ᠎ᠠ᠃ | ᠳᠠᠯᠠᠳ ᠬᠤᠰᠢᠭᠤᠨ ᠤ ᠱᠠᠭᠵᠢᠮᠤᠨᠢ ᠪᠠᠯᠭᠠᠰᠤᠨ ᠤ ᠳᠤᠰᠬᠤᠨ ᠤ ᠠᠷᠠᠳ ᠤᠨ ᠲᠣᠰᠬᠠᠭᠰᠠᠨ ᠢᠶᠠᠷ᠄ | ᠤᠷᠴᠢᠮ ᠤᠨ ᠭᠠᠵᠠᠷ ᠤᠷᠤᠨ ᠤ ᠠᠷᠸᠢᠺᠠ ᠪᠺᠲ᠋ᠧᠷᠢ ᠶᠢᠨ ᠦᠢᠯᠡᠳᠪᠦᠷᠢ ᠶᠢᠨ ᠲᠠᠷᠢᠶᠠᠨ ᠡᠮ ᠤᠨ ᠦᠨᠦᠷ ᠲᠦᠢᠯ | ᠤᠨ ᠦᠳᠬᠡᠨ ᠪᠠᠶᠢᠵᠦ᠂ ᠤᠶᠢᠴᠠᠭᠠᠶᠢᠯᠠᠨ ᠰᠠᠯᠬᠢᠨ ᠲᠠᠢ ᠡᠳᠦᠷ ᠨᠡᠩ ᠬᠦᠨᠲᠦ ᠨᠤᠴᠢᠲᠠᠢ ᠪᠠᠶᠢᠳᠠᠭ᠃ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠡ᠄ ᠲᠤᠰ ᠬᠡᠢ ᠨᠢ ᠬᠦᠮᠦᠨ ᠤ ᠪᠡᠶ᠎ᠡ ᠳᠤ ᠬᠤᠤᠷ ᠦᠭᠡᠢ᠂ | ᠭᠡᠷᠡᠯ ᠦᠵᠡᠭᠰᠡᠭᠡᠷ ᠵᠠᠳᠠᠷᠠᠳᠠᠭ᠃ ᠲᠤᠰ ᠺᠤᠮᠫᠠᠨᠢ ᠨᠢ ᠰᠡᠷᠭᠡᠶᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠨ᠂ | ᠲᠦᠯᠦᠪᠯᠡᠭᠰᠡᠨ ᠢᠶᠠᠷ ᠵᠢᠯ ᠤᠨ ᠡᠴᠦᠰ ᠲᠤ ᠪᠦᠷᠢᠮᠦᠰᠦᠨ ᠰᠡᠷᠭᠡᠶᠢᠯᠡᠨ ᠵᠠᠰᠠᠵᠦ ᠳᠠᠭᠤᠰᠦᠨᠠ᠃ | ᠱᠠᠭᠵᠢᠮᠤᠨᠢ ᠪᠠᠯᠭᠠᠰᠤᠨ ᠤ ᠪᠠᠢ ᠭᠦᠢ ᠲᠤᠰᠬᠤᠨ ᠤ ᠴᠠᠭᠠᠰᠤ ᠦᠢᠯᠡᠳᠪᠦᠷᠢᠯᠡᠬᠦ ᠦᠢᠯᠡᠳᠪᠦᠷᠢ ᠶᠢᠨ ᠵᠡᠭᠦᠨ | ᠬᠡᠷᠡᠮ ᠤᠨ ᠬᠠᠵᠠᠭᠤ ᠳᠤ ᠨᠢᠭᠡ ᠠᠮᠤ ᠬᠠᠭᠤᠷᠬᠤᠦᠢᠯᠡᠳᠪᠦᠷᠢ ᠪᠠᠶᠢᠵᠦ᠂ ᠤᠳᠠᠭ᠎ᠠ ᠪᠤᠯᠭᠠᠨ ᠠᠮᠤ ᠬᠠᠭᠤᠷᠬᠤ | ᠦᠶᠡᠰ ᠶᠡᠭᠡ ᠬᠡᠮᠵᠢᠶᠡᠨ ᠤ ᠲᠤᠭᠤᠰᠤ ᠰᠢᠷᠦᠢ ᠶᠢᠨ ᠪᠤᠬᠢᠷᠳᠤᠯ ᠡᠭᠦᠰᠬᠡᠳᠡᠭ ᠭᠡᠵᠦ ᠤᠳᠠᠰᠣ ᠢᠷᠡᠨ ᠠᠪᠤᠷᠠᠯ | ᠭᠤᠶᠤᠵᠦ ᠪᠠᠶᠢᠪᠠ᠃ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠡ᠄ ᠪᠢᠳᠡᠨ ᠤ ᠪᠠᠶᠢᠴᠠᠭᠠᠯᠲᠠ ᠵᠢᠨᠶᠡᠭᠡ ᠠᠩᠭᠢ ᠡᠨᠡᠬᠦ | ᠢᠳᠡᠭᠡᠨ ᠤ ᠦᠢᠯᠡᠳᠪᠦᠷᠢ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠡᠢ᠃ ᠲᠤᠰ ᠦᠢᠯᠡᠳᠪᠦᠷᠢ ᠨᠢ ᠠᠮᠤ | ᠬᠠᠭᠤᠷᠬᠤ ᠦᠶ᠎ᠡ ᠳᠤ᠂ᠬᠦᠮᠦᠷᠭᠡ ᠳᠤ ᠨᠢ ᠶᠡᠭᠡ ᠬᠡᠮᠵᠢᠶᠡᠨ ᠤ ᠠᠮᠤ ᠪᠤᠳᠠᠭᠠᠨ ᠤ ᠬᠠᠯᠢᠰᠤ ᠪᠤᠢ᠃ ᠪᠢᠳᠡᠨ ᠤ | ᠪᠠᠶᠢᠴᠠᠭᠠᠯᠲᠠ ᠶᠢᠨ ᠶᠡᠭᠡ ᠠᠩᠭᠢ ᠦᠢᠯᠡᠳᠪᠦᠷᠢ ᠶᠢᠨ ᠲᠠᠷᠤᠭ᠎ᠠ ᠳᠤ ᠨᠢ ᠲᠤᠨᠤᠭ ᠲᠦᠬᠦᠭᠡᠷᠦᠮᠵᠢ ᠪᠠᠨ | ᠰᠠᠶᠢᠵᠢᠷᠠᠭᠤᠯᠵᠦ᠂ ᠤᠳᠤᠭ᠎ᠠ ᠲᠤᠭᠤᠰᠤ ᠶᠢ ᠰᠡᠷᠭᠡᠶᠢᠯᠡᠬᠦ ᠲᠤᠤᠷ ᠤᠭᠰᠠᠷᠠᠬᠤ ᠬᠡᠷᠡᠭᠲᠡᠢ ᠬᠡᠵᠦ ᠱᠠᠭᠠᠷᠳᠠᠵᠠᠢ᠃ ︵ | ᠨᠢᠭᠡᠨᠲᠡᠲ᠋ᠤᠰ ᠬᠡᠷᠡᠭ ᠢ ᠲᠤᠰᠬᠠᠭᠰᠠᠨ ᠲᠤᠬᠠᠢ ᠶᠢᠨ ᠬᠦᠮᠦᠨ ᠳᠤ ᠨᠢ ᠮᠡᠳᠡᠭᠳᠡᠪᠡ︶ | ᠳᠠᠯᠠᠳ ᠬᠤᠰᠢᠭᠤᠨ ᠤ ᠨᠢᠭᠡ ᠠᠪᠤᠭᠠᠢ ᠶᠢᠨ ᠤᠳᠠᠰᠤ ᠢᠷᠡᠭᠦᠯᠵᠦ ᠳᠤᠰᠬᠠᠭᠰᠠᠨ ᠢᠶᠠᠷ᠄ ᠠᠰᠠᠷ ᠤᠨ | ᠬᠤᠭᠤᠯᠠᠶᠢᠲᠤ ᠶᠢᠨ ᠰᠦᠢᠳᠬᠡᠯ ᠬᠤᠷᠢᠶᠠᠬᠤ ᠦᠷᠲᠡᠭᠡᠨ ᠠᠴᠠ ᠵᠡᠭᠦᠨᠰᠢ500 ᠮᠧᠲᠷ ᠵᠠᠶᠢᠲᠠᠢ ᠨᠢᠭᠡ ᠦᠢᠯᠡᠳᠪᠦᠷᠢ | ᠪᠠᠶᠢᠨ᠎ᠠ᠂ ᠶᠡᠭᠡ ᠮᠠᠭᠤᠬᠠᠢ ᠦᠨᠦᠷ ᠦᠨᠦᠷᠳᠦᠳᠡᠭ᠂ ᠪᠠᠶᠢᠴᠠᠭᠠᠯᠲᠠ ᠬᠢᠵᠦ ᠲᠤᠲᠤᠯᠠᠬᠤ ᠶᠢ ᠬᠦᠰᠡᠵᠦ ᠪᠠᠶᠢᠨ᠎ᠠ᠃ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠡ᠄ ᠲᠤᠰ ᠪᠢᠴᠢᠬᠠᠨ ᠦᠢᠯᠡᠳᠪᠦᠷᠢ ᠨᠢ ᠶᠠᠮᠠᠷ ᠴᠤ ᠭᠠᠷ | ᠭᠦᠢᠴᠡᠳᠬᠡᠯ ᠦᠭᠡᠢ᠂ ᠮᠠᠨ ᠤ ᠲᠤᠪᠴᠢᠶ᠎ᠡ ᠨᠢᠭᠡᠨᠲᠡ ᠦᠢᠯᠡᠳᠪᠦᠷᠢ ᠶᠢ ᠵᠠᠷᠯᠢᠭ ᠢᠶᠠᠷ ᠵᠤᠭᠰᠤᠭᠠᠨᠲ᠋ᠠᠩᠰᠠᠯᠠᠵᠦ ᠂ | ᠲᠤᠬᠠᠢ ᠶᠢᠨ ᠬᠦᠮᠦᠨ ᠳᠤ ᠨᠢ ᠮᠡᠳᠡᠭᠳᠡᠪᠡ᠃ | ᠳᠠᠯᠠᠳ ᠬᠤᠰᠢᠭᠤᠨ ᠤ ᠽᠠᠨᠳᠠᠨᠵᠦ ᠰᠤᠮᠤᠨ ᠤ ᠱᠢ ᠡᠾᠦ᠋ᠸᠧ ᠽᠢ ᠳᠤᠰᠬᠤᠨ ᠤ ᠳ᠋ᠦᠩ ᠭᠡᠦ ᠱᠧ ᠶᠢᠨ | ᠲᠤᠰᠬᠤᠨ ᠤ ᠠᠷᠠᠳ ᠤᠨ ᠤᠳᠠᠰᠤ ᠢᠷᠡᠭᠦᠯᠦᠨ ᠳᠤᠰᠬᠠᠭᠰᠠᠨ ᠢᠶᠠᠷ᠄ ᠰᠧ ᠯᠢᠶᠠᠨ ᠴᠤᠭᠯᠠᠭᠤᠯᠤᠨ ᠵᠦᠭᠡᠭᠡᠪᠦᠷᠢᠯᠡᠬᠦ | ᠦᠷᠳᠡᠭᠡ2015 ᠤᠨ ᠳᠤ ᠡᠬᠢᠯᠡᠨ ᠦᠢᠯᠡᠳᠪᠦᠷᠢᠯᠡᠭᠰᠡᠨᠡᠴᠠ ᠬᠤᠶᠢᠰᠢ᠂ ᠲᠤᠰᠬᠤᠨ ᠤ ᠠᠷᠠᠳ ᠲᠤ ᠪᠤᠬᠢᠷᠳᠤᠯ | ᠪᠤᠢ ᠪᠤᠯᠭᠠᠪᠠ᠃ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠡ᠄ 1. ᠢᠯᠡᠴᠢᠯᠡᠨ ᠮᠡᠳᠡᠭᠦᠯᠦᠭᠴᠢ ᠶᠢᠨ ᠳᠤᠰᠬᠠᠭᠰᠠᠨ | ᠢᠶᠠᠷ ᠴᠤᠭᠯᠠᠭᠤᠯᠤᠨ ᠵᠦᠭᠡᠭᠡᠪᠦᠷᠢᠯᠡᠬᠦ ᠦᠷᠳᠡᠭᠡ ᠨᠢ ᠱᠧᠨ ᠬᠤᠸᠠ ᠪᠦᠯᠦᠭᠯᠡᠯ ᠤᠨ ᠬᠠᠩᠭᠢᠨ ᠳᠠᠬᠢ ᠬᠤᠪᠢᠶᠠᠷᠢ | ᠺᠤᠮᠫᠠᠨᠢ ᠶᠢᠨ ᠬᠢ ᠪᠠᠶᠢᠵᠦ᠂ ᠳᠠᠯᠠᠳ ᠬᠤᠰᠢᠭᠤᠨ ᠤ ᠽᠠᠨᠳᠠᠨᠵᠦ ᠰᠤᠮᠤᠨ ᠤ ᠱᠢ ᠡᠾᠦ᠋ᠸᠧ ᠽᠢ ᠳᠤᠰᠬᠤᠨ ᠤ ᠡᠤ | ᠵᠢᠶᠠ ᠸᠠᠨ ᠱᠧ ᠳᠤ ᠪᠠᠶᠢᠷᠢᠯᠠᠵᠦ ᠪᠠᠶᠢᠳᠠᠭ᠃ ᠭᠤᠤᠯᠳᠠᠭᠤ ᠨᠡᠭᠦᠷᠡᠰᠦ ᠳᠡᠭᠡᠭᠡᠪᠦᠷᠢᠯᠡᠬᠦ ᠭᠠᠯᠳᠤ ᠲᠡᠷᠭᠡᠨ ᠱᠤᠭᠤᠮ ᠢ | ᠡᠵᠡᠩᠨᠡᠳᠡᠭ ᠃2016 ᠤᠨ ᠤ12 ᠰᠠᠷ᠎ᠠ ᠶᠢᠨ31 ᠤ ᠡᠳᠦᠷ᠂ ᠳᠠᠯᠠᠳ ᠬᠤᠰᠢᠭᠤᠨ ᠤ ᠣᠷᠴᠢᠨ ᠲᠤᠭᠤᠷᠢᠨ ᠢ | ᠬᠠᠮᠠᠭᠠᠯᠠᠬᠤ ᠳᠤᠪᠴᠢᠶ᠎ᠠ ᠡᠨᠡᠬᠦ ᠠᠵᠢᠯ ᠲᠦᠷᠦᠯ ᠢ ᠭᠡᠪᠰᠢᠭᠦᠯᠬᠦ ᠬᠠᠮᠢᠶᠠᠷᠤᠯᠲᠠ ᠶᠢᠨ ᠠᠵᠢᠯ ᠳᠤ ᠤᠷᠤᠭᠤᠯᠵᠠᠢ᠃ | 2. ᠲᠤᠰᠴᠤᠭᠯᠠᠭᠤᠯᠤᠨ ᠵᠦᠭᠡᠭᠡᠪᠦᠷᠢᠯᠡᠬᠦ ᠦᠷᠳᠡᠭᠡ ᠨᠢ ᠰᠠᠯᠬᠢᠨ ᠢ ᠬᠠᠯᠬᠠᠯᠠᠨ ᠲᠤᠭᠤᠰᠤ ᠶᠢ ᠰᠠᠷᠭᠡᠶᠢᠯᠡᠬᠦ | ᠬᠦᠮᠦᠷᠭᠡ ᠳᠤ ᠪᠠᠨ100 ᠲᠤᠨ ᠲᠦᠭᠦᠬᠡᠢ ᠨᠡᠭᠦᠷᠡᠰᠦ ᠬᠠᠳᠠᠭᠠᠯᠠᠨ᠂ ᠲᠤᠭᠤᠰᠤ ᠬᠠᠯᠬᠠᠯᠠᠬᠤ ᠲᠤᠤᠷ ᠤᠨ ᠦᠨᠳᠦᠷ | ᠨᠢ15 ᠮᠧᠲᠷ᠂ ᠬᠦᠷᠢᠶᠡᠨ ᠤ ᠤᠷᠳᠤ ᠨᠢ ᠪᠠᠷᠤᠭ430 ᠮᠧᠲᠷ ᠪᠠᠶᠢᠳᠠᠭ᠃ | 3. ᠲᠤᠰᠴᠤᠭᠯᠠᠭᠤᠯᠤᠨ ᠵᠦᠭᠡᠭᠡᠪᠦᠷᠢᠯᠡᠬᠦ ᠦᠷᠳᠡᠭᠡ ᠨᠢ ᠭᠠᠵᠠᠷ ᠲᠤᠤᠷᠠᠬᠢ ᠪᠤᠵᠠᠷ ᠤᠰᠤ ᠶᠢ | ᠭᠠᠳᠠᠭᠰᠢᠯᠠᠭᠤᠯᠬᠤ ᠲᠦᠬᠦᠭᠡᠷᠦᠮᠵᠢ ᠪᠤᠯᠤᠨ ᠠᠮᠢᠳᠤᠷᠠᠯ ᠤᠨ ᠬᠠᠶᠠᠨᠳᠠᠮᠠᠯ ᠤᠰᠤ ᠶᠢ ᠭᠠᠳᠠᠭᠰᠢᠯᠠᠭᠤᠯᠬᠤ ᠦᠷᠳᠡᠭᠡ | ᠲᠠᠢ ᠪᠠᠶᠢᠵᠦ᠂ ᠡᠳᠦᠷ ᠲᠤ7 ᠲᠤᠨᠡᠳᠦᠷ ᠲᠤᠳᠤᠮ ᠤᠨ ᠪᠤᠬᠢᠷᠳᠤᠯ ᠤᠰᠤ ᠢ ᠭᠠᠳᠠᠭᠰᠢᠯᠠᠭᠤᠯᠵᠤ᠂ ᠪᠤᠵᠠᠷᠤᠰᠤ | ᠶᠢ ᠭᠠᠳᠠᠭᠰᠢᠯᠠᠭᠤᠯᠬᠤ ᠦᠷᠳᠡᠭᠡ ᠪᠠᠷ ᠳᠠᠮᠵᠢᠨ ᠭᠠᠳᠠᠭᠰᠢᠯᠠᠭᠤᠯᠤᠨ᠂ ᠲᠡᠭᠡᠭᠡᠪᠦᠷᠢ᠂ ᠨᠡᠭᠦᠷᠡᠰᠦᠨ ᠲᠠᠯᠠᠪᠤᠷ ᠤᠨ | ᠲᠤᠭᠤᠰᠤᠨ ᠤ ᠬᠡᠮᠵᠢᠶ᠎ᠡ ᠶᠢ ᠳᠤᠷᠤᠭᠰᠢᠯᠠᠭᠤᠯᠬᠤ ᠪᠠ ᠦᠢᠯᠡᠳᠪᠦᠷᠢ ᠶᠢᠨ ᠨᠤᠭᠤᠭᠠᠷᠠᠭᠤᠯᠤᠯᠲᠠ ᠳᠤ ᠬᠡᠷᠡᠭᠯᠡᠳᠡᠭ᠃ | ᠦᠢᠯᠡᠳᠪᠦᠷᠢ ᠶᠢᠨ ᠡᠮᠦᠨ᠎ᠡ ᠭᠡᠰᠡᠭ ᠲᠤ ᠨᠢᠭᠡ500 ᠬᠠᠪᠲᠠᠭᠠᠢ ᠳᠡᠭᠰᠢ ᠲᠦᠷᠪᠡᠯᠵᠢᠨ ᠱᠦᠢᠨᠢ ᠪᠤᠷᠤᠭᠠᠨ ᠤᠰᠤ | ᠭᠤᠭᠤᠵᠢᠬᠤ ᠠᠴᠠ ᠰᠡᠷᠭᠡᠶᠢᠯᠡᠬᠦ ᠣᠰᠣ ᠬᠤᠷᠢᠶᠠᠬᠤ ᠴᠦᠬᠦᠷᠦᠮ ᠪᠠᠶᠢᠳᠠᠭ᠃ | ᠰᠢᠢᠳᠪᠦᠷᠢᠯᠡᠬᠦ ᠰᠠᠨᠠᠯ᠄ ᠤᠷᠴᠢᠨ ᠲᠤᠭᠤᠷᠢᠨ ᠤ ᠬᠡᠪᠰᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠲᠤᠭᠤᠰᠤ | ᠰᠡᠷᠭᠡᠶᠢᠯᠡᠬᠦ ᠲᠤᠤᠷ ᠤᠨ ᠲᠤᠳᠤᠷ᠎ᠠ ᠨᠡᠭᠦᠷᠡᠰᠦ ᠬᠠᠳᠠᠭᠠᠯᠠᠬᠤ ᠶᠢ ᠡᠷᠡᠰ ᠬᠤᠷᠢᠭᠯᠠᠨ᠎ᠠ ︔ ᠪᠤᠵᠠᠷ ᠤᠰᠤ ᠶᠢ | ᠭᠠᠳᠠᠭᠰᠢᠯᠠᠭᠤᠯᠬᠤ ᠦᠷᠳᠡᠭᠡᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠦ᠂ ᠪᠤᠵᠠᠷ ᠤᠰᠤ ᠭᠠᠳᠠᠭᠰᠢᠯᠠᠭᠤᠯᠬᠤ | ᠦᠷᠳᠡᠭᠡᠨ ᠤ ᠬᠡᠪ ᠤᠨ ᠪᠠᠶᠢᠳᠠᠯ ᠢᠶᠠᠷ ᠡᠷᠭᠢᠯᠳᠦᠬᠦ ᠢ ᠪᠠᠲᠤᠯᠠᠨ᠎ᠠ︔ ᠦᠢᠯᠡᠳᠪᠦᠷᠢ ᠪᠤᠯᠤᠨ ᠵᠠᠮ ᠤᠨ ᠬᠤᠶᠠᠷ ᠬᠠᠪᠢ | ᠶᠢᠨ ᠤᠰᠤ ᠰᠠᠴᠤᠯᠲᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠬᠡᠷᠪᠡ ᠵᠠᠭᠠᠯᠳᠤᠭᠴᠢ ᠪᠤᠬᠢᠷᠳᠤᠯ ᠤᠨ | ᠰᠦᠢᠳᠬᠡᠯ ᠤᠨᠲ᠋ᠤᠬᠠᠢ ᠱᠠᠭᠠᠷᠳᠠᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠵᠠᠭᠠᠯᠳᠤᠯᠭ᠎ᠠ ᠬᠢᠵᠦ ᠪᠤᠯᠤᠨ᠎ᠠ᠃ | ᠪᠠᠢ ᠨᠢ ᠵᠢᠩ ᠪᠠᠯᠭᠠᠰᠤᠨ ᠤ ᠤᠪᠤᠭᠠᠨ ᠰᠢᠯᠢ ᠲᠤᠰᠬᠤᠨ ᠤ ᠢᠦᠢ ᠱᠤ᠋ ᠬᠤᠤ ᠱᠧ ᠶᠢᠨ ᠳᠤᠰᠬᠤᠨ ᠤ | ᠠᠷᠠᠳ ᠤᠨ ᠳᠤᠰᠬᠠᠭᠰᠠᠨ ᠢᠶᠠᠷ᠄ ᠶᠢᠨ ᠲᠠᠢ ᠨᠡᠭᠦᠷᠡᠰᠦᠨ ᠠᠭᠤᠷᠬᠠᠢ ᠤᠷᠤᠢ ᠳᠤ ᠪᠠᠨ ᠤᠯᠠᠨ ᠲᠡᠷᠭᠡ ᠠᠵᠢᠯ | ᠡᠬᠢᠯᠡᠭᠦᠯᠵᠦ᠂ ᠱᠤᠤᠬᠢᠶ᠎ᠠ ᠳᠠᠭᠤ ᠪᠤᠯᠤᠨ ᠲᠤᠭᠤᠰᠤ ᠨᠤᠨᠳᠠᠭ ᠬᠦᠨᠳᠦ ᠨᠤᠴᠢᠲᠠᠢ ᠪᠠᠶᠢᠵᠦ᠂ ᠤᠨᠳᠠᠵᠤ ᠠᠮᠠᠷᠠᠬᠤ ᠶᠢ | ᠨᠦᠯᠦᠭᠡᠯᠡᠵᠦ ᠪᠠᠶᠢᠨ᠎ᠠ᠃ ᠲᠤᠬᠠᠢ ᠶᠢᠨ ᠬᠦᠮᠦᠨᠤᠷᠤᠢ ᠠᠵᠢᠯ ᠡᠬᠢᠯᠡᠭᠦᠯᠬᠦ ᠢ ᠵᠤᠭᠰᠤᠭᠠᠵᠦ᠂ ᠡᠳᠦᠷ ᠲᠤ ᠨᠢ | ᠢᠯᠡᠭᠦᠬᠡᠨ ᠤᠰᠤ ᠰᠠᠴᠤᠵᠦ ᠪᠤᠬᠢᠷᠳᠤᠯ ᠢ ᠪᠠᠭᠠᠰᠬᠠᠬᠤ ᠶᠢ ᠬᠦᠰᠡᠵᠦ ᠪᠠᠶᠢᠨ᠎ᠠ᠃ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ᠄ ᠨᠢᠭᠡᠨᠲᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠳᠤ | ᠮᠡᠳᠡᠭᠳᠡᠨ᠂ ᠤᠷᠤᠢ ᠶᠢᠨ22 ᠴᠠᠭ ᠠᠴᠠ ᠬᠤᠶᠢᠰᠢ ᠳᠠᠬᠢᠨ ᠦᠢᠯᠡᠳᠪᠦᠷᠢ ᠡᠬᠢᠯᠡᠬᠦ ᠶᠢ ᠡᠷᠡᠰ ᠬᠤᠷᠢᠭᠯᠠᠨ᠎ᠠ᠃ ︵ | ᠨᠢᠭᠡᠨᠲᠡ ᠪᠠᠶᠢᠳᠠᠯ ᠢ ᠲᠤᠰᠬᠠᠭᠰᠠᠨ ᠲᠤᠬᠠᠢ ᠶᠢᠨ ᠬᠦᠮᠦᠨ ᠳᠤ ᠮᠡᠳᠡᠭᠳᠡᠪᠡ︶ |