ᠣᠷᠳᠣᠰ ᠤᠨ ᠲᠠᠯ᠎ᠠ ᠨᠤᠲᠤᠭ ᠤᠨ ᠳᠤᠮᠳᠠ ᠪᠡᠶ᠎ᠡ ᠪᠠᠷ ᠨᠢᠭᠡᠨ ᠭᠤᠸ᠎ᠠ ᠦᠵᠡᠰᠬᠦᠯᠡᠩ ᠭᠠᠵᠠᠷ ᠤᠷᠤᠨ ᠪᠠᠶᠢᠳᠠᠭ᠂ ᠬᠦᠮᠦᠰ ᠡᠨᠡ ᠭᠠᠵᠠᠷ ᠢ ᠳᠤᠮᠳᠠᠳᠤ | ᠤᠯᠤᠰ ᠤᠨ ᠤᠮᠠᠷᠠᠲᠤ ᠤᠷᠤᠨ ᠤ ᠬᠦᠰᠡᠯᠡᠩ ᠤᠨ ᠳ᠋ᠧᠪᠠᠵᠠᠨ ᠤᠷᠤᠨ ᠭᠡᠳᠡᠭ᠂ ᠡᠨᠡ ᠬᠡᠰᠡᠭ ᠭᠠᠵᠠᠷ ᠨᠢ ᠠᠷᠤ ᠡᠮᠦᠨ᠎ᠡ ᠪᠠᠨ ᠦᠨᠳᠦᠷ᠂ ᠳᠤᠮᠳᠠ ᠪᠠᠨ ᠪᠣᠭᠤᠨᠢ ᠬᠤᠲᠤᠭᠤᠷ | ᠬᠡᠯᠪᠡᠷᠢᠲᠦ ᠭᠠᠵᠠᠷ ᠪᠠᠶᠢᠵᠤ᠂ ᠬᠤᠶᠠᠷ ᠲᠠᠯ᠎ᠠ ᠪᠠᠷ ᠨᠢ ᠠᠭᠤᠯᠠ ᠨᠢᠷᠤᠭᠤ ᠮᠤᠰᠬᠢᠷᠠᠯᠳᠤᠨ᠂ ᠳᠤᠮᠳᠠ ᠪᠠᠨ ᠵᠢᠷᠭᠤᠭᠠᠨ ᠨᠠᠭᠤᠷ ᠲᠠᠢ᠂ ᠶᠠᠭ ᠯᠠ ᠰᠤᠪᠤᠳ ᠱᠢᠷᠦ ᠶᠢ | ᠰᠢᠭᠡᠳᠬᠡᠭᠰᠡᠨ ᠮᠡᠲᠦ᠂ ᠠᠭᠤᠯᠠ ᠶᠢᠨ ᠪᠡᠯ ᠢᠶᠠᠷ ᠨᠠᠷᠠᠰᠤ ᠮᠠᠶᠢᠯᠠᠰᠤ ᠨᠤᠭᠤᠭᠠᠷᠠᠨ᠂ ᠭᠤᠣᠯ ᠭᠤᠷᠤᠬ᠎ᠠ ᠮᠢᠷᠠᠯᠵᠠᠨ᠂ ᠭᠤᠸ᠎ᠠ ᠵᠢᠮᠢᠰ ᠤᠨ ᠠᠩᠭᠢᠯᠤᠮ᠎ᠠ ᠦᠨᠦᠷ ᠦᠨᠦᠷᠲᠦᠵᠦ᠂ | ᠤᠯᠠᠨ ᠰᠢᠪᠠᠭᠤᠳ ᠳᠤᠩᠭᠤᠳᠤᠨ ᠬᠦᠳᠡᠭᠡ ᠬᠡᠭᠡᠷ᠎ᠡ ᠶᠢᠨ ᠦᠵᠡᠰᠬᠦᠯᠡᠩ ᠢ ᠭᠠᠶᠢᠬᠠᠭᠤᠯᠵᠤ᠂ ᠰᠦᠮ᠎ᠡ ᠶᠢᠨ ᠲᠤᠲᠤᠷ᠎ᠠ ᠶᠡᠭᠡ ᠤᠷᠳᠤᠨ ᠰᠡᠬᠦᠶᠢᠨ ᠰᠦᠨᠳᠡᠷᠯᠡᠵᠦ᠂ ᠬᠤᠩᠬᠤ | ᠳᠠᠮᠠᠷᠤᠤ ᠶᠢᠨ ᠳᠠᠭᠤᠨ ᠳᠤᠭᠤᠯᠳᠠᠵᠤ᠂ ᠠᠷᠴᠠ ᠬᠦᠵᠡ ᠶᠢᠨ ᠰᠣᠳᠣᠨ ᠦᠨᠦᠷ ᠳᠠᠩᠭᠢᠨᠠᠨ᠂ ᠬᠥᠬᠡ ᠤᠲᠤᠭ᠎ᠠ ᠰᠤᠭᠤᠨᠠᠭᠯᠠᠨ ᠬᠦᠮᠦᠨ ᠤ ᠶᠢᠷᠳᠢᠨᠴᠦ ᠶᠢᠨ ᠪᠤᠶᠠᠨᠲᠤ ᠤᠷᠤᠨ | ᠮᠡᠲᠤ᠃ ᠡᠨᠡ ᠪᠣᠯ ᠳᠠᠷᠤᠢ ᠦᠪᠦᠷ ᠮᠤᠩᠭᠤᠯ ᠤᠨ ᠭᠤᠸᠠᠨ ᠢ ᠯᠠᠮᠠ ᠶᠢᠨ ᠱᠠᠰᠢᠨ ᠤ ᠰᠤᠷᠭᠠᠯ ᠤᠨ ᠰᠤᠶᠤᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠪᠡᠯᠡ | ᠤᠷᠤᠭᠤᠯᠵᠤ ᠡᠭᠦᠰᠬᠡᠨ ᠪᠠᠶᠢᠭᠤᠯᠤᠭᠰᠠᠨ ᠵᠢᠢ ᠰᠢᠶᠠᠩ ᠹᠦ᠋ ᠵᠢᠤᠢ ᠰᠦᠮ᠎ᠡ ᠶᠢᠨ ᠰᠡᠯᠡᠭᠦᠴᠡᠯ ᠰᠤᠪᠢᠯᠠᠯ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ᠎ᠠ᠃ | | | | ᠵᠢᠢ ᠰᠢᠶᠠᠩ ᠹᠦ᠋ ᠵᠢᠤᠢ ᠰᠦᠮ᠎ᠡ ᠶᠢᠨ ᠵᠢᠭᠤᠯᠴᠢᠯᠠᠯ ᠤᠨ ᠦᠵᠡᠮᠵᠢ ᠶᠢᠨ ᠤᠷᠤᠨ ᠢ2006 ᠣᠨ ᠳᠤ ᠪᠠᠶᠢᠭᠤᠯᠵᠤ᠂ ᠣᠷᠳᠣᠰ ᠬᠤᠲᠠ ᠶᠢᠨ ᠳᠠᠯᠠᠳ ᠬᠤᠰᠢᠭᠤᠨ ᠤ | ᠱᠠᠭᠵᠢᠮᠤᠨᠢ ᠪᠠᠯᠭᠠᠰᠤᠨ ᠤ ᠱᠠ ᠪᠠ ᠽᠢ ᠲᠤᠰᠬᠤᠨ ᠳᠤ ᠪᠠᠶᠢᠷᠢᠯᠠᠵᠤ᠂ 1820 ᠮᠦ ᠭᠠᠵᠠᠷ ᠡᠵᠡᠯᠡᠵᠦ᠂ ᠪᠣᠭᠤᠲᠣ ᠠᠴᠠ 45 ᠺᠢᠯᠤᠮᠧᠲᠷ᠂ ᠤᠷᠳᠤᠰ ᠬᠤᠲᠠ ᠶᠢᠨ | ᠳ᠋ᠦᠩᠱᠧᠩ ᠲᠣᠭᠤᠷᠢᠭ ᠠᠴᠠ 38 ᠺᠢᠯᠤᠮᠧᠲᠷ᠂ ᠪᠣᠣ ᠮᠤᠤ ᠦᠨᠳᠦᠷ ᠬᠤᠷᠳᠤᠴᠠᠲᠤ ᠵᠠᠮ᠂ ᠪᠣᠣ ᠰᠢ ᠲᠡᠮᠦᠷ ᠵᠠᠮ ᠬᠠᠵᠠᠭᠤ ᠪᠠᠷ ᠨᠢ ᠦᠩᠭᠡᠷᠡᠵᠦ᠂ ᠭᠠᠵᠠᠷ ᠵᠦᠢ ᠶᠢᠨ | ᠪᠠᠶᠢᠷᠢᠯᠠᠯ ᠢᠶᠠᠷ ᠳᠠᠪᠠᠭᠤᠯᠢᠭ᠂ ᠵᠠᠮ ᠬᠠᠷᠢᠯᠴᠠᠭ᠎ᠠ ᠳᠦᠭᠦᠮ ᠲᠦᠳᠡ᠂ ᠬᠦᠬᠡᠬᠤᠲᠠ᠂ ᠪᠣᠭᠤᠲᠣ᠂ ᠣᠷᠳᠣᠰ ᠤᠨ ︽ᠠᠯᠲᠠᠨ ᠭᠤᠷᠪᠠᠯᠵᠢᠨ︾ ᠨᠢᠭᠡ ᠴᠠᠭ ᠤᠨ ᠠᠵᠤ | ᠠᠬᠤᠢ ᠶᠢᠨ ᠪᠦᠰᠡᠨ ᠳᠤ ᠬᠠᠷᠢᠶᠠᠯᠠᠭᠳᠠᠨ᠎ᠠ᠃ | | | | ᠲᠣᠰ ᠦᠵᠡᠮᠵᠢ ᠶᠢᠨ ᠤᠷᠤᠨ ᠨᠢ 2.1 ᠳ᠋ᠦᠩᠰᠢᠭᠤᠷ ᠵᠠᠷᠤᠴᠠᠭᠤᠯᠵᠤ᠂ ᠠᠷᠪᠠᠨ ᠬᠡᠳᠦᠨ ᠵᠢᠯ ᠤᠨ ᠠᠷᠠᠴᠢᠯᠠᠭ᠎ᠠ ᠳᠣᠣᠷ᠎ᠠ ᠦᠨᠦᠳᠦᠷ ᠤᠨ ᠵᠤᠭᠠᠴᠠᠵᠤ ᠪᠤᠷᠬᠠᠨ ᠳᠤ | ᠮᠦᠷᠭᠦᠬᠦ᠂ ᠰᠡᠯᠡᠭᠦᠨ ᠵᠤᠭᠠᠴᠠᠬᠤ᠂ ᠲᠠᠷᠢᠵᠦ ᠲᠡᠭᠦᠬᠦ ᠶᠢ ᠨᠢᠭᠡ ᠴᠤᠭᠴᠠᠴᠢᠯᠠᠭᠰᠠᠨ ᠵᠤᠭᠠᠴᠠᠯ ᠤᠨ ᠤᠷᠤᠨ ᠪᠤᠯᠤᠭᠰᠠᠨ ᠪᠠᠶᠢᠨ᠎ᠠ᠃ ᠦᠵᠡᠮᠵᠢ ᠶᠢᠨ ᠤᠷᠤᠨ ᠨᠢ | ᠴᠢᠳᠠᠮᠵᠢ ᠪᠠᠷ ᠢᠶᠠᠨ ᠭᠤᠷᠪᠠᠨ ᠬᠡᠰᠡᠭ ᠪᠤᠯᠭᠠᠨ ᠬᠤᠪᠢᠶᠠᠵᠠᠢ᠄ ᠯᠠᠮᠠ ᠶᠢᠨ ᠱᠠᠰᠢᠨ ᠤ ᠰᠤᠶᠤᠯ ᠢ ᠤᠯᠠᠮᠵᠢᠯᠠᠨ ᠪᠠᠳᠠᠷᠠᠭᠤᠯᠬᠤ ᠪᠠᠷ ᠭᠤᠣᠯ ᠪᠤᠯᠭᠠᠭᠰᠠᠨ ᠯᠠᠮᠠ ᠶᠢᠨ ᠱᠠᠰᠢᠨ ᠤ | ᠰᠦᠮ᠎ᠡ᠂ 500 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 3 ᠲᠦᠮᠡᠨ ᠲᠡᠭᠰᠢ ᠳᠦᠷᠪᠡᠯᠵᠢᠨ ᠮᠧᠲᠷ᠂ ᠳ᠋ᠠ ᠰᠢᠶᠦᠩ ᠪᠣᠣ ᠳ᠋ᠢᠶᠠᠨ ᠭᠡᠬᠦ ᠮᠡᠲᠦ ᠶᠢᠨ 18 | ᠲᠠᠰᠤᠯᠭ᠎ᠠ ᠶᠡᠭᠡ ᠪᠠᠭ᠎ᠠ ᠤᠷᠳᠤᠨ ᠬᠠᠷᠰᠢ ᠪᠠᠷ ᠪᠦᠷᠢᠯᠳᠦᠵᠡᠢ᠃ ᠤᠳᠤᠬᠢᠴᠢᠯᠠᠭᠰᠠᠨ ᠦᠵᠡᠮᠵᠢ ᠶᠢᠨ ᠲᠠᠷᠢᠶᠠᠯᠠᠩ ᠢᠶᠠᠷ ᠭᠤᠣᠯᠳᠠᠯᠭ᠎ᠠ ᠪᠤᠯᠭᠠᠭᠰᠠᠨ ᠲᠠᠷᠢᠮᠠᠯ᠂ ᠲᠡᠭᠦᠵᠦ | ᠴᠤᠭᠯᠠᠭᠤᠯᠬᠤ ᠮᠡᠳᠡᠷᠡᠮᠵᠢ ᠶᠢᠨ ᠤᠷᠤᠨ᠂ 1000 ᠮᠦ ᠭᠠᠵᠠᠷ ᠡᠵᠡᠯᠡᠵᠦ᠂ ᠠᠷᠤ ᠪᠡᠯ ᠨᠢ ᠵᠢᠮᠢᠰ ᠤᠨ ᠬᠦᠷᠢᠶᠡᠯᠡᠩ᠂ ᠡᠮᠦᠨ᠎ᠡ ᠪᠡᠯ ᠨᠢ ᠤᠯᠠᠷᠢᠯ ᠤᠨ ᠴᠢᠨᠠᠷᠲᠠᠢ ᠴᠡᠴᠡᠭ | ᠰᠤᠨᠢᠷᠬᠠᠬᠤ ᠦᠵᠡᠮᠵᠢ ᠶᠢᠨ ᠤᠷᠤᠨ᠂ ᠳᠤᠮᠳᠠ ᠬᠡᠰᠡᠭ ᠨᠢ ᠢᠳᠡᠰᠢᠨ ᠨᠤᠭᠤᠭ᠎ᠠ ᠶᠢᠨ ᠲᠠᠷᠢᠵᠦ ᠲᠦᠷᠢᠶᠡᠰᠦᠯᠡᠬᠦ ᠤᠷᠤᠨ ᠪᠠᠶᠢᠵᠤ ︔ ᠤᠮᠠᠷᠠᠲᠤ ᠶᠢᠨ ᠳᠦᠷᠪᠡᠯᠵᠢᠨ | ᠬᠦᠷᠢᠶ᠎ᠡ ᠪᠠᠷ ᠭᠤᠣᠯᠯᠠᠭᠤᠯᠤᠭᠰᠠᠨ ᠰᠡᠯᠡᠭᠦᠴᠡᠯ ᠤᠨ ᠵᠤᠭᠠᠴᠠᠯ ᠤᠨ ᠤᠷᠤᠨ᠂ 300 ᠮᠦ ᠲᠠᠯᠠᠪᠠᠢ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 1 ᠲᠦᠮᠡᠨ ᠲᠡᠭᠰᠢ | ᠳᠦᠷᠪᠡᠯᠵᠢᠨ ᠮᠧᠲᠷ ᠪᠠᠶᠢᠵᠦ᠂ 5 ᠳᠦᠷᠪᠡᠯᠵᠢᠨ ᠬᠦᠷᠢᠶ᠎ᠡ ᠪᠠᠷ ᠪᠦᠷᠢᠯᠳᠦᠵᠦ᠂ ᠨᠢᠭᠡ ᠯᠠ ᠳᠤᠤᠷ᠎ᠠ 300 ᠬᠦᠮᠦᠨ ᠤ ᠠᠮᠠᠷᠠᠵᠤ ᠵᠤᠭᠠᠴᠠᠬᠤ ᠶᠢ ᠪᠠᠳᠤᠯᠠᠵᠦ ᠴᠢᠳᠠᠨ᠎ᠠ᠃ | | | | 2008 ᠣᠨ ᠤ 11 ᠰᠠᠷ᠎ᠠ ᠪᠠ 2014 ᠵᠢᠯ ᠤᠨ 12 ᠰᠠᠷ᠎ᠠ ᠳᠤ᠂ ᠵᠠᠢ ᠰᠢᠶᠠᠩ ᠹᠦ᠋ ᠵᠢᠤᠢ ᠰᠦᠮ᠎ᠡ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠦᠨᠳᠦᠰᠦᠲᠡᠨ ᠤ ᠬᠡᠷᠡᠭ ᠡᠷᠬᠢᠯᠡᠬᠦ ᠱᠠᠰᠢᠨ ᠰᠤᠷᠲᠠᠬᠤᠨ ᠤ ᠲᠤᠪᠴᠢᠶᠠᠨ ᠳᠤ ᠮᠡᠳᠡᠭᠦᠯᠵᠦ ᠵᠦᠪᠰᠢᠶᠡᠷᠡᠭᠦᠯᠵᠦ᠂ ᠤᠷᠳᠤᠰ ᠬᠤᠲᠠ ᠶᠢᠨ ᠳᠠᠯᠠᠳ ᠬᠤᠰᠢᠭᠤᠨ ᠤ ᠱᠠᠰᠢᠨ | ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠨᠢ ᠲᠣᠰ ᠲᠣᠰ ᠬᠢᠲᠠᠳ᠂ ᠲᠥᠪᠡᠳ ᠤᠨ ᠪᠤᠷᠬᠠᠨ ᠱᠠᠰᠢᠨ ᠤ ᠰᠦᠮ᠎ᠡ ᠶᠢᠨ ᠭᠠᠵᠠᠷ ᠢᠶᠠᠷ ᠳᠠᠩᠰᠠᠯᠠᠭᠳᠠᠪᠠ᠃ 2016 | ᠣᠨ ᠤ 2 ᠰᠠᠷ᠎ᠠ ᠳᠤ᠂ ᠵᠢᠢ ᠰᠢᠶᠠᠩ ᠹᠦ᠋ ᠵᠢᠤᠢ ᠰᠦᠮ᠎ᠡ ᠨᠢ ᠤᠯᠤᠰ ᠤᠨ ᠵᠢᠭᠤᠯᠴᠢᠯᠠᠯ ᠤᠨ ᠲᠤᠪᠴᠢᠶᠠᠨ ᠳᠤ ᠤᠯᠤᠰ ᠤᠨ ᠲᠡᠰ ᠤᠨAAAA ᠲᠡᠰ ᠤᠨ ᠵᠢᠭᠤᠯᠴᠢᠯᠠᠯ ᠤᠨ | ᠤᠷᠤᠨ ᠪᠣᠯᠪᠠ᠃ ᠦᠪᠦᠷ ᠮᠤᠩᠭᠤᠯ ᠤᠨ ᠭᠤᠸᠠᠨ ᠢ ᠪᠤᠷᠬᠠᠨ ᠱᠠᠰᠢᠨ ᠤ ᠰᠤᠶᠤᠯ ᠤᠨ ᠵᠢᠭᠤᠯᠴᠢᠯᠠᠯ ᠤᠨ ᠬᠢᠵᠠᠭᠠᠷᠲᠤ ᠺᠤᠮᠫᠠᠨᠢ ᠶᠢᠨ ᠪᠦᠬᠦ ᠠᠵᠢᠯᠲᠠᠨ ᠪᠤᠷᠬᠠᠨ ᠱᠠᠰᠢᠨ ᠤ | ᠰᠤᠶᠤᠯ ᠢ ᠳᠡᠯᠭᠡᠷᠡᠭᠦᠯᠦᠨ ᠪᠠᠳᠠᠷᠠᠭᠤᠯᠬᠤ ᠪᠠᠷ ᠡᠭᠦᠷᠭᠡ ᠪᠠᠨ ᠪᠤᠯᠭᠠᠵᠤ᠂ ᠵᠢᠢ ᠰᠢᠶᠠᠩ ᠹᠦ᠋ ᠵᠢᠤᠢ ᠰᠦᠮ᠎ᠡ ᠶᠢ ᠰᠡᠯᠡᠭᠦᠴᠡᠨ ᠠᠮᠠᠷᠠᠬᠤ ᠪᠡᠶ᠎ᠡ ᠪᠠᠨ ᠰᠤᠪᠢᠯᠠᠬᠤ ᠦᠵᠡᠮᠵᠢ ᠶᠢᠨ | ᠤᠷᠤᠨ ᠢ ᠬᠦᠬᠡᠬᠤᠲᠠ᠂ ᠪᠤᠭᠤᠲᠤ᠂ ᠤᠷᠳᠤᠰ ᠤᠨ ᠠᠵᠤ ᠠᠬᠤᠢ ᠶᠢᠨ ᠤᠷᠤᠨ ᠤ ᠤᠨᠴᠠᠯᠢᠭ ᠪᠦᠬᠦᠢ ᠬᠦᠮᠦᠨ ᠰᠤᠶᠤᠯ ᠤᠨ ᠦᠵᠡᠮᠵᠢ ᠪᠠ ᠠᠮᠠᠷᠠᠨ ᠰᠡᠯᠡᠭᠦᠴᠡᠬᠦ ᠭᠠᠵᠠᠷ | ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠦ ᠪᠠᠶᠢᠨ᠎ᠠ︕ | | | |