ᠸᠠᠨ ᠲᠦᠩ ᠠᠮᠢ ᠠᠬᠤᠢ ᠶᠢᠨ ᠵᠢᠭᠤᠯᠴᠢᠯᠠᠯ ᠤᠨ ᠤᠷᠤᠨ ᠨᠢ ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤᠨ ᠤ ᠬᠠᠶᠢᠯᠠᠰᠤ ᠲᠤᠰᠬᠤᠨ ᠳᠤ ᠪᠠᠶᠢᠳᠠᠭ᠂ ᠪᠦᠬᠦ | ᠲᠠᠯᠠᠪᠠᠢ ᠨᠢ 12030 ᠮᠦ ᠪᠠᠶᠢᠵᠤ᠂ ᠲᠡᠷᠡ ᠨᠢ 2009 ᠣᠨ ᠳᠤ ᠪᠠᠶᠢᠭᠤᠯᠤᠭᠰᠠᠨ ᠸᠠᠨ ᠲᠦᠩ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠬᠦ ᠤᠷᠤᠨ ᠳᠤ ᠰᠠᠭᠤᠷᠢᠯᠠᠨ᠂ ᠤᠳᠤᠬᠠᠨ ᠪᠣᠯᠬᠤ ᠳᠤ ᠤᠯᠤᠰ ᠤᠨ AAAA ᠲᠡᠰ ᠤᠨ ᠵᠢᠭᠤᠯᠴᠢᠯᠠᠯ ᠤᠨ ᠤᠷᠤᠨ ᠪᠤᠯᠤᠭᠰᠠᠨ ᠪᠠᠶᠢᠨ᠎ᠠ᠃ ᠠᠳᠡ ᠪᠠᠭ᠋ᠠᠷᠬᠠᠯ ᠢ | ᠲᠠᠲᠠᠭᠰᠠᠨ ᠣᠷᠳᠣᠰ ᠬᠤᠷᠢᠮ᠂ ᠮᠤᠷᠢᠲᠤ ᠪᠠᠭᠠᠲᠤᠷ ᠪᠤᠯᠤᠨ ᠫᠷᠦᠸᠠᠩᠰ ᠤᠨ ᠵᠢᠭᠠᠯ ᠥᠬᠢᠨ ᠤ ᠭᠤᠶᠢᠳᠠ ᠦᠯᠢᠭᠡᠷ ᠲᠠᠬᠢ ᠭᠠᠷᠤᠭᠰᠠᠨ ᠰᠣᠪᠣᠳ ᠡᠪᠡᠰᠦᠨ ᠤ ᠬᠦᠷᠢᠶᠡᠯᠡᠩ᠂ | ᠭᠦᠨ ᠵᠤᠵᠠᠭᠠᠨ ᠲᠡᠷᠢᠶᠠᠯᠠᠩ ᠤᠨ ᠰᠤᠶᠤᠯ ᠤᠨ ᠮᠦᠽᠧᠢ᠂ ᠡᠷᠬᠢᠮᠰᠦᠭ ᠢᠵᠠᠭᠤᠷᠲᠠᠨ ᠤ ᠤᠰᠤᠨ ᠳᠡᠭᠡᠷᠡᠬᠢ ᠭᠤᠯᠹ ᠪᠦᠮᠪᠦᠭᠡᠨ ᠤ ᠲᠠᠯᠠᠪᠤᠷ᠂ ᠪᠡᠬᠡᠯᠢᠭ ᠳᠤᠯᠠᠭᠠᠨ ᠮᠤᠩᠭᠤᠯ | ᠭᠡᠷ᠂ ᠬᠠᠯᠠᠭᠤᠨ ᠷᠠᠰᠢᠶᠠᠨ ᠤ ᠤᠰᠤᠨ ᠶᠢᠷᠲᠡᠨᠴᠦ᠂ ᠬᠠᠮᠲᠤ ᠨᠡᠶᠢᠲᠡ ᠶᠢᠨ ᠤᠬᠠᠮᠰᠠᠷ ᠢ ᠴᠢᠩᠭᠠᠳᠬᠠᠬᠤ ᠳᠠᠪᠲᠠᠨ ᠪᠤᠯᠪᠠᠰᠤᠷᠠᠭᠤᠯᠬᠤ ᠲᠠᠯᠠᠪᠤᠷ᠂ ᠪᠣᠬᠢᠷᠳᠤᠯ ᠦᠭᠡᠢ | ᠤᠷᠭᠠᠨᠢᠭ ᠵᠢᠮᠢᠰ ᠨᠤᠭᠤᠭ᠎ᠠ ᠲᠡᠭᠦᠬᠦ ᠬᠦᠷᠢᠶᠡᠯᠡᠩ᠂ ᠤᠷᠭᠢᠯᠤᠮ᠎ᠠ ᠬᠦᠭᠵᠢᠯ ᠲᠠᠢ ᠲᠦᠳᠡᠭ ᠭᠠᠯ ᠤᠨ ᠦᠳᠡᠰᠢᠯᠡᠭᠡ ᠵᠡᠷᠭᠡ ᠪᠠᠶᠢᠳᠠᠭ᠃ ᠠᠳᠡ ᠪᠣᠯ ᠲᠤᠭᠤᠷᠢᠨ ᠦᠵᠡᠬᠦ᠂ | ᠰᠤᠶᠤᠯ ᠵᠢᠭᠤᠯᠴᠢᠯᠠᠯ᠂ ᠲᠠᠷᠢᠶᠠᠯᠠᠩ ᠤᠨ ᠲᠡᠭᠦᠵᠦ ᠴᠤᠭᠯᠠᠭᠤᠯᠬᠤ᠂ ᠳᠠᠪᠲᠠᠨ ᠪᠤᠯᠪᠠᠰᠤᠷᠠᠬᠤ᠂ ᠪᠤᠬᠢᠷᠳᠤᠯ ᠦᠭᠡᠢ ᠢᠳᠡᠭᠡᠨ ᠤᠮᠳᠠᠭᠠᠨ᠂ ᠬᠤᠷᠠᠯ ᠡᠷᠬᠢᠯᠡᠬᠦ᠂ | ᠬᠤᠨᠤᠭᠯᠠᠬᠤ ᠵᠡᠷᠭᠡ ᠤᠯᠠᠨ ᠴᠢᠳᠠᠮᠵᠢ ᠶᠢ ᠨᠢᠭᠡ ᠴᠤᠭᠴᠠᠴᠢᠯᠠᠭᠰᠠᠨ ᠲᠤᠮᠤ ᠬᠡᠯᠪᠡᠷᠢ ᠶᠢᠨ ᠠᠮᠢ ᠠᠬᠤᠢ ᠶᠡᠷᠦᠩᠬᠡᠶᠢᠯᠡᠭᠰᠡᠨ ᠵᠢᠭᠤᠯᠴᠢᠯᠠᠯ ᠤᠨ ᠤᠷᠤᠨ ᠪᠣᠯᠬᠤ ᠶᠤᠮ᠃ | | |