ᠴᠢᠦ ᠶᠢᠨ ᠯᠠᠢ
ᠨᠡᠶᠢᠲᠡᠯᠡᠭᠰᠡᠨ ᠴᠠᠭ᠄
2018/5/8
        ᠴᠢᠦ ᠶᠢᠨ ᠯᠠᠢ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 9 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠠᠯᠠᠳ ᠬᠤᠰᠢᠭᠤᠨ ᠤ ᠬᠦᠮᠦᠨ᠂1985 ᠣᠨ ᠳᠤ ᠠᠵᠢᠯ ᠳᠤ ᠤᠷᠤᠵᠤ᠂1995 ᠣᠨ ᠤ 10 ᠰᠠᠷ᠎ᠠ ᠳᠤ ᠡᠪ ᠬᠠᠮᠲᠤ ᠨᠠᠮ ᠳᠤ ᠣᠷᠣᠪᠠ᠃         1985 ᠣᠨ ᠤ 7 ᠰᠠᠷ᠎ᠠ —1991 ᠣᠨ ᠤ 7 ᠰᠠᠷ᠎ᠠ ᠪᠤᠯᠲᠠᠯ᠎ᠠ     ᠳᠠᠯᠠᠳ ᠬᠤᠰᠢᠭᠤᠨ ᠤ ᠠᠰᠠᠷ ᠤᠨ ᠬᠤᠭᠤᠯᠠᠢ ᠰᠢᠶᠠᠩ ᠤᠨ ᠶᠠᠩ ᠵᠢᠶᠠ ᠬᠤᠤ ᠰᠤᠷᠭᠠᠭᠤᠯᠢ ᠳᠤ ᠪᠠᠭᠰᠢᠯᠠᠵᠤ ᠪᠠᠶᠢᠪᠠ︔         1991 ᠣᠨ ᠤ 7 ᠰᠠᠷ᠎ᠠ —1996 ᠣᠨ ᠤ 12 ᠰᠠᠷ᠎ᠠ ᠪᠤᠯᠲᠠᠯ᠎ᠠ    ᠳᠠᠯᠠᠳ ᠬᠤᠰᠢᠭᠤᠨ ᠤ ᠠᠵᠢᠯ ᠮᠡᠷᠭᠡᠵᠢᠯ ᠤᠨ ᠳᠤᠮᠳᠠ ᠰᠤᠷᠭᠠᠭᠤᠯᠢ ᠳᠤ ᠪᠠᠭᠰᠢᠯᠠᠵᠤ ᠪᠠᠶᠢᠪᠠ︔         1996 ᠣᠨ ᠤ 12 ᠰᠠᠷ᠎ᠠ —1999 ᠣᠨ ᠤ10 ᠰᠠᠷ᠎ᠠ ᠪᠤᠯᠲᠠᠯ᠎ᠠ    ᠳᠠᠯᠠᠳ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠷᠢᠨ ᠪᠢᠴᠢᠭᠡᠴᠢ ᠪᠠᠷ ᠠᠵᠢᠯᠯᠠᠵᠤ ᠪᠠᠶᠢᠪᠠ︔         1999 ᠣᠨ ᠤ10 ᠰᠠᠷ᠎ᠠ —2002 ᠣᠨ ᠤ 5 ᠰᠠᠷ᠎ᠠ ᠪᠤᠯᠲᠠᠯ᠎ᠠ    ᠳᠠᠯᠠᠳ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠮᠡᠳᠡᠭᠡ ᠵᠠᠩᠭᠢ ᠶᠢᠨ ᠳᠠᠰᠤᠭ ᠲᠤ ᠡᠷᠬᠢᠯᠡᠭᠴᠢ ᠪᠠᠷ ᠠᠵᠢᠯᠯᠠᠵᠤ ᠪᠠᠶᠢᠪᠠ︔         2002 ᠣᠨ ᠤ 5 ᠰᠠᠷ᠎ᠠ —2005 ᠣᠨ ᠤ 10 ᠰᠠᠷ᠎ᠠ ᠪᠤᠯᠲᠠᠯ᠎ᠠ     ᠳᠠᠯᠠᠳ ᠬᠤᠰᠢᠭᠤᠨ ᠵᠦᠩ ᠡᠾᠧ ᠰᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠪᠠᠷ ᠠᠵᠢᠯᠯᠠᠵᠤ ᠪᠠᠶᠢᠪᠠ︔         2005 ᠣᠨ ᠤ10 ᠰᠠᠷ᠎ᠠ —2007 ᠣᠨ ᠤ12 ᠰᠠᠷ᠎ᠠ ᠪᠤᠯᠲᠠᠯ᠎ᠠ    ᠵᠡᠭᠡᠰᠦᠲᠡᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠪᠠᠷ ᠠᠵᠢᠯᠯᠠᠵᠤ ᠪᠠᠶᠢᠪᠠ︔         2007 ᠣᠨ ᠤ 12 ᠰᠠᠷ᠎ᠠ —2015 ᠣᠨ ᠤ 6 ᠰᠠᠷ᠎ᠠ ᠪᠤᠯᠲᠠᠯ᠎ᠠ     ᠳᠠᠯᠠᠳ ᠬᠤᠰᠢᠭᠤᠨ ᠤ ᠵᠡᠭᠡᠰᠦᠲᠡᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔         2015 ᠣᠨ ᠤ 6 ᠰᠠᠷ᠎ᠠ —2016 ᠣᠨ ᠤ 1 ᠰᠠᠷ᠎ᠠ ᠪᠤᠯᠲᠠᠯ᠎ᠠ     ᠳᠠᠯᠠᠳ ᠬᠤᠰᠢᠭᠤᠨ ᠤ ᠤᠰᠤᠨ ᠤ ᠶᠠᠪᠤᠳᠠᠯ ᠤᠨ ᠲᠤᠪᠴᠢᠶᠠᠨ ᠤ ᠲᠤᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠪᠠ︔         2016 ᠣᠨ ᠤ 1 ᠰᠠᠷ᠎ᠠ ᠠᠴᠠ ᠣᠳᠣ ᠪᠤᠯᠲᠠᠯ᠎ᠠ      ᠳᠠᠯᠠᠳ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠡᠷᠬᠢᠯᠡᠭᠴᠢ᠂ ᠤᠰᠤᠨ ᠤ ᠶᠠᠪᠤᠳᠠᠯ ᠤᠨ ᠲᠤᠪᠴᠢᠶᠠᠨ ᠤ ᠲᠤᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠨ᠎ᠠ
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ