ᠳᠠᠯᠠᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠨᠢ ᠶᠠᠳᠠᠭᠤ ᠶᠢ ᠳᠡᠳᠬᠦᠬᠦ ᠴᠠᠷ᠎ᠠ ᠬᠦᠷᠢᠶᠡᠨ ᠤ | ᠢᠯᠵᠠᠷᠠᠯ ᠪᠠ ᠠᠵᠢᠯ ᠤᠨ ᠰᠤᠷᠲᠠᠯ ᠤᠨ ᠲᠤᠬᠠᠢ ᠲᠣᠰᠬᠠᠢ ᠴᠡᠭᠴᠡᠯᠡᠯᠲᠡ ᠶᠢ ᠬᠢᠵᠦ᠂ ᠵᠠᠰᠠᠭ ᠤᠨ ᠤᠷᠳᠤᠨ ᠤ ᠥᠷᠢ ᠥᠭᠴᠡᠭᠡ ᠶᠢ ᠠᠷᠢᠯᠭᠠᠬᠤ᠂ ᠪᠤᠬᠢᠷᠳᠤᠯ ᠢ | ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠠᠵᠢᠯᠯᠠᠭ᠎ᠠ᠂ ᠲᠥᠪ ᠤᠨ ᠨᠠᠢᠮᠠᠨ ᠵᠤᠷᠪᠤᠰ ᠲᠤᠭᠲᠠᠭᠠᠯ ᠤᠨ ᠵᠣᠷᠢᠭ ᠰᠠᠨᠠᠭ᠎ᠠ ᠶᠢ ᠲᠣᠣᠱᠠᠯᠠᠭᠤᠯᠬᠤ᠂ ᠬᠡᠯᠪᠡᠷᠢ ᠶᠢᠨ | ᠦᠵᠡᠯ᠂ ᠨᠤᠶᠠᠨᠴᠢ ᠰᠤᠷᠲᠠᠯ ᠤᠨ ︽ᠠᠷᠪᠠᠨ ᠢᠯᠡᠷᠡᠯ︾ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ᠂ ︽ᠦᠩᠭᠡᠷᠡᠬᠦ ᠭᠠᠯᠠᠭᠤᠨ ᠤ ᠥᠳᠥ ᠶᠢ ᠥᠭᠲᠡᠭᠡᠬᠦ︾ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠠᠷᠢᠯᠭᠠᠬᠤ ᠬᠦᠳᠡᠯᠭᠡᠭᠡᠨ᠂ ︽ᠲᠠᠯᠪᠢᠵᠤ᠂ | ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢᠨ ᠠᠵᠢᠯ᠂ ᠦᠨᠳᠦᠰᠦᠨ ᠱᠠᠲᠤᠨ ᠤ ︽ᠨᠠᠮ ᠤᠨ ᠠᠵᠢᠯ᠂ ᠵᠠᠰᠠᠭ ᠤᠨ ᠶᠠᠪᠤᠳᠠᠯ᠂ ᠲᠤᠰᠬᠤᠨ ᠤ ᠶᠠᠪᠤᠳᠠᠯ︾ | ᠤᠨ ᠨᠡᠶᠢᠲᠡᠯᠡᠬᠦ ᠠᠵᠢᠯ ᠤᠨ ᠳᠤᠮᠳᠠᠬᠢ ᠬᠢᠨᠠᠨ ᠬᠠᠮᠢᠶᠠᠷᠬᠤ ᠰᠠᠬᠢᠯᠭ᠎ᠠ ᠪᠠᠲᠤ ᠶᠢ ᠪᠠᠲᠤᠳᠬᠠᠬᠤ ᠬᠠᠷᠢᠭᠤᠴᠠᠯᠭ᠎ᠠ ᠶᠢ ᠴᠢᠩᠭᠠᠳᠬᠠᠨ᠎ᠠ᠃ | ᠭᠤᠣᠯᠳᠠᠭᠤ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠠ ᠬᠡᠷᠡᠭ | ᠡᠷᠬᠢᠯᠡᠬᠦ ᠭᠠᠵᠠᠷ᠂᠂ᠬᠠᠮᠢᠶ᠎ᠠ ᠪᠦᠬᠦᠢ ᠡᠷᠬᠡ ᠲᠤᠰᠢᠶᠠᠯᠲᠤ ᠰᠠᠯᠠᠭ᠎ᠠ ᠮᠦᠴᠢᠷ ᠵᠢᠴᠢ ᠠᠵᠢᠯᠲᠠᠨ ᠤ ᠡᠷᠬᠡ ᠲᠤᠰᠢᠶᠠᠯ ᠢᠶᠠᠨ ᠭᠦᠢᠴᠡᠳᠬᠡᠬᠦ ᠦᠶ᠎ᠡ ᠳᠤ ᠤᠳᠠᠭᠠᠨ | ᠦᠢᠯᠡᠳᠬᠦ᠂ ᠡᠰᠡ ᠦᠢᠯᠡᠳᠬᠦ᠂ ᠬᠤᠳᠠᠯ ᠦᠢᠯᠡᠳᠬᠦ᠂ ᠳᠤᠷ᠎ᠠ ᠪᠠᠷ ᠢᠶᠠᠨ ᠦᠢᠯᠡᠳᠬᠦ ︽ᠳᠥᠷᠪᠡᠨ ᠠᠵᠢᠯᠯᠠᠭ᠎ᠠ︾ ᠶᠢ ᠪᠠᠶᠢᠴᠠᠭᠠᠨ᠎ᠠ᠂ ᠶᠠᠳᠠᠭᠤ ᠶᠢ ᠳᠡᠳᠬᠦᠬᠦ᠂ ᠮᠠᠯ | ᠲᠠᠷᠢᠶᠠᠯᠠᠩ ᠳᠤ ᠬᠤᠯᠪᠤᠭᠳᠠᠬᠤ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠬᠠᠷᠢᠶᠠᠨ ᠤ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ᠂ ᠬᠠᠷ᠎ᠠ | ᠪᠦᠯᠦᠭᠲᠡᠨ ᠪᠠ ᠬᠠᠷᠭᠢᠰ ᠬᠦᠴᠦᠨ ᠲᠠᠢ ᠬᠤᠯᠪᠤᠭᠳᠠᠭᠰᠠᠨ ᠢᠯᠵᠠᠷᠠᠯ᠂ ᠬᠠᠷᠭᠢᠰ ᠬᠦᠴᠦᠨ ᠤ ︽ᠬᠠᠮᠠᠭᠠᠯᠠᠭᠴᠢ ᠰᠢᠬᠦᠷ︾ ᠪᠤᠯᠤᠭᠰᠠᠨ ᠵᠡᠷᠭᠡ ᠠᠰᠠᠭᠤᠳᠠᠯ᠂ | ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠬᠡᠯᠪᠡᠷᠢ ᠶᠢᠨ ᠦᠵᠡᠯ᠂ ᠨᠤᠶᠠᠨᠴᠢ ᠰᠤᠷᠲᠠᠯ᠂ ᠲᠥᠪ ᠴᠢᠩᠭ᠎ᠠ ᠪᠣᠳᠠᠲᠠᠢ ᠪᠤᠰᠤ᠂ ᠬᠤᠳᠠᠯ | ᠬᠠᠭᠤᠷᠮᠠᠭ ᠵᠦᠢᠯ ᠢ ᠬᠢᠬᠦ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ᠎ᠠ᠃ ︽ᠲᠠᠯᠪᠢᠵᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢᠨ ᠠᠵᠢᠯ ᠤᠨ | ᠳᠤᠮᠳᠠᠬᠢ ᠳᠦᠷᠢᠮᠵᠢᠭᠦᠨ ᠪᠤᠰᠤ ᠪᠠᠶᠢᠳᠠᠯ ᠪᠠ ᠠᠰᠠᠭᠤᠳᠠᠯ ᠢ ᠴᠢᠩᠭ᠎ᠠ ᠪᠠᠶᠢᠴᠠᠭᠠᠵᠤ ᠰᠢᠢᠳᠪᠦᠷᠢᠯᠡᠨ᠂ ︽ᠨᠠᠮ ᠤᠨ ᠠᠵᠢᠯ᠂ ᠵᠠᠰᠠᠭ ᠤᠨ ᠶᠠᠪᠤᠳᠠᠯ᠂ ᠲᠤᠰᠬᠤᠨ ᠤ | ᠶᠠᠪᠤᠳᠠᠯ︾ ᠢ ᠢᠯᠡ ᠪᠤᠯᠭᠠᠬᠤ ᠦᠭᠡᠢ᠂ ᠬᠤᠳᠠᠯ ᠢᠶᠠᠷ ᠨᠡᠶᠢᠲᠡᠯᠡᠬᠦ᠂ ᠢᠯᠡ ᠪᠤᠯᠭᠠᠬᠤ ᠠᠵᠢᠯ ᠢ ᠭᠦᠢᠴᠡᠳ ᠬᠢᠬᠦ ᠦᠭᠡᠢ ᠶᠢᠨ ᠠᠷᠤ ᠳᠠᠬᠢ ᠢᠯᠵᠠᠷᠠᠯ ᠤᠨ | ᠠᠰᠠᠭᠤᠳᠠᠯ ᠪᠠ ᠰᠤᠷᠲᠠᠯ ᠤᠨ ᠠᠰᠠᠭᠤᠳᠠᠯ ᠢ ᠰᠢᠢᠳᠬᠡᠨ ᠵᠠᠰᠠᠪᠤᠷᠢᠯᠠᠵᠤ᠂ ᠠᠷᠠᠳ ᠤᠯᠠᠨ ᠤ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ | ᠦᠨᠦᠳᠦᠷ ᠠᠴᠠ ᠡᠬᠢᠯᠡᠨ᠂ ᠦᠷᠭᠡᠨ ᠤᠯᠠᠨ ᠠᠷᠠᠳ ᠲᠦᠮᠡᠨ ᠤ ᠵᠠᠬᠢᠳᠠᠯ᠂ ᠤᠲᠠᠰᠤ᠂ ᠰᠤᠷᠪᠤᠯᠵᠢᠯᠠᠭ᠎ᠠ ᠶᠢᠨ ᠬᠡᠯᠪᠡᠷᠢ ᠪᠠᠷ ᠬᠤᠰᠢᠭᠤᠨ ᠤ ᠰᠠᠬᠢᠯᠭ᠎ᠠ | ᠪᠠᠲᠤ ᠶᠢ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠦᠪᠯᠡᠯ ᠳᠤ ᠢᠯᠡᠴᠢᠯᠡᠨ ᠮᠡᠳᠡᠭᠦᠯᠬᠦ ᠶᠢ ᠤᠷᠢᠶᠠᠯᠠᠵᠤ ᠪᠠᠶᠢᠨ᠎ᠠ᠃ | ᠢᠯᠡᠴᠢᠯᠡᠨ ᠮᠡᠳᠡᠭᠦᠯᠬᠦ ᠤᠲᠠᠰᠤ᠄ ︵0477︶12388/5160039 | ᠢᠯᠡᠴᠢᠯᠡᠨ ᠮᠡᠳᠡᠭᠦᠯᠬᠦ ᠰᠦᠯᠵᠢᠶ᠎ᠡ᠄ http://www.dltjwjc.gov.cn/wyjb/ | ᠢᠯᠡᠴᠢᠯᠡᠨ ᠮᠡᠳᠡᠭᠦᠯᠬᠦ ᠭᠠᠵᠠᠷ᠄ ᠬᠤᠰᠢᠭᠤᠨ ᠤ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ | ᠰᠤᠷᠪᠤᠯᠵᠢᠯᠠᠭ᠎ᠠ ᠶᠢᠨ ᠠᠯᠪᠠᠨ ᠭᠡᠷ( ᠳᠠᠯᠠᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠠᠰᠠᠷ ᠤᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠤᠨ ᠬᠦᠯᠢᠶᠡᠨ ᠠᠪᠬᠤ ᠠᠯᠪᠠᠨ ᠭᠡᠷ ᠤᠨ 105 ᠲᠠᠰᠤᠭ᠂ ᠰᠢᠥᠳᠠᠨ ᠨᠤᠮᠧᠷ 014300︶ | | | | |