ᠴᠢ᠊᠂ ᠳᠠᠯᠠᠨᠲᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠄ ᠤᠨᠢᠨ ᠳᠡᠭᠡᠷ᠎ᠡ ᠨᠢ | ᠶᠠᠳᠠᠭᠤ ᠶᠢ ᠳᠡᠳᠬᠦᠬᠦ ᠶᠢᠨ ᠮᠦᠨ ᠴᠢᠨᠠᠷ ᠢ ᠡᠵᠡᠮᠰᠢᠵᠦ᠂ ᠶᠠᠳᠠᠭᠤ ᠠᠴᠠ ᠠᠩᠭᠢᠵᠢᠷᠠᠭᠤᠯᠬᠤ ᠳᠠᠶᠢᠨ ᠤ ᠠᠮᠵᠢᠯᠲᠠ ᠶᠢ | ᠤᠯᠤᠨ᠎ᠠ | ᠸᠠᠩ ᠢᠦᠢ ᠵᠦᠸᠧ᠄ ᠴᠢᠨᠡᠭᠡᠯᠢᠭ ᠴᠢᠨᠡᠭᠡᠯᠢᠭ ᠪᠤᠰᠤ ᠨᠢ ᠨᠤᠲᠤᠭ ᠤᠨ ᠬᠦᠮᠦᠨ ᠢ ᠦᠵᠡᠵᠦ᠂ ᠶᠠᠳᠠᠭᠤ | ᠬᠦᠴᠢᠷᠳᠡᠯᠲᠡᠢ ᠨᠤᠲᠤᠭ ᠤᠨ ᠠᠷᠠᠳ ᠶᠠᠳᠠᠭᠤ ᠠᠴᠠ ᠠᠩᠭᠢᠵᠢᠷᠠᠵᠤ ᠳᠡᠶᠢᠯᠡᠬᠦ ᠡᠰᠡᠭᠦ ᠶᠢ ᠦᠵᠡᠨ᠎ᠡ ᠭᠡᠳᠡᠭ᠃ ᠲᠠ | ᠳᠠᠯᠠᠳ ᠬᠤᠰᠢᠭᠤᠨ ᠤ ᠪᠤᠳᠠᠲᠠᠢ ᠪᠠᠶᠢᠳᠠᠯ ᠢ ᠳᠦᠭᠦᠮᠬᠡᠨ ᠲᠠᠨᠢᠯᠴᠠᠭᠤᠯᠤᠨ᠎ᠠ ᠤᠤ︖ | ᠴᠢ᠊᠂ ᠳᠠᠯᠠᠨᠲᠠᠢ᠄ ᠳᠠᠯᠠᠳ ᠬᠤᠰᠢᠭᠤᠨ ᠤ ᠪᠦᠬᠦ ᠬᠦᠮᠦᠨ ᠠᠮᠠ ᠨᠢ 37 ᠲᠥᠮᠡ᠂ ᠡᠭᠦᠨ ᠳᠤ ᠬᠦᠳᠡᠭᠡ | ᠲᠤᠰᠬᠤᠨ ᠮᠠᠯᠵᠢᠬᠤ ᠤᠷᠤᠨ ᠤ ᠬᠦᠮᠦᠨ ᠠᠮᠠ ᠨᠢ 30.2 ᠲᠥᠮᠡ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ | ᠨᠢ14.5 ᠲᠦᠮᠡ ᠪᠠᠶᠢᠨ᠎ᠠ᠃ 2018 ᠣᠨ ᠳᠤ᠂ ᠪᠦᠬᠦ ᠬᠤᠰᠢᠭᠤᠨ ᠤ ᠳᠠᠩᠰᠠ ᠪᠠᠶᠢᠭᠤᠯᠤᠭᠰᠠᠨ ᠶᠠᠳᠠᠭᠤ | ᠬᠦᠴᠢᠷᠳᠡᠯᠲᠡᠢ ᠡᠷᠦᠬᠡ ᠨᠢ 282 ᠡᠷᠦᠬᠡ᠂ ᠶᠠᠳᠠᠭᠤ ᠬᠦᠴᠢᠷᠳᠡᠯᠲᠡᠢ ᠬᠦᠮᠦᠨ ᠠᠮᠠ ᠨᠢ 635 ᠬᠦᠮᠦᠨ᠂ | 2016 ᠣᠨ ᠳᠤ ᠶᠠᠳᠠᠭᠤ ᠠᠴᠠ ᠠᠩᠭᠢᠵᠢᠷᠠᠭᠤᠯᠤᠭᠰᠠᠨ ᠪᠣᠯᠪᠠᠴᠤ ᠤᠯᠠᠮ ᠨᠢᠭᠡ ᠠᠯᠬᠤᠮ ᠲᠤᠰᠠᠯᠠᠬᠤ ᠴᠢᠬᠤᠯᠲᠠᠢ | ᠡᠷᠦᠬᠡ 1767 ᠡᠷᠦᠬᠡ᠂ 4512 ᠬᠦᠮᠦᠨ ᠪᠠᠶᠢᠨ᠎ᠠ᠃ | ᠸᠠᠩ ᠢᠦᠢ ᠵᠦᠸᠧ᠄ ︽ᠤᠨᠤᠪᠴᠢᠲᠠᠢ ᠪᠠᠷ ᠶᠠᠳᠠᠭᠤ ᠶᠢ ᠳᠡᠳᠬᠦᠵᠦ᠂ ᠤᠨᠤᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ︾ ᠨᠢ ᠨᠢᠭᠡᠨᠲᠡ ᠤᠳᠤᠬᠠᠨ ᠤ ᠨᠡᠶᠢᠬᠡᠮ ᠨᠡᠶᠢᠲᠡ ᠪᠠᠷ ᠢᠶᠠᠨ ᠮᠠᠰᠢ ᠠᠩᠬᠠᠷᠴᠤ ᠪᠠᠶᠢᠭ᠎ᠠ ᠬᠠᠯᠠᠮᠰᠢᠯ | ᠦᠭᠡ ᠪᠣᠯᠬᠤ ᠶᠤᠮ᠃ ᠨᠢᠳᠦᠨ ᠡᠮᠦᠨ᠎ᠡ᠂ ᠶᠠᠳᠠᠭᠤ ᠶᠢ ᠳᠡᠳᠬᠦᠬᠦ ᠠᠵᠢᠯ ᠪᠣᠯ ᠲᠡᠳᠡᠭᠡᠷ ᠰᠠᠭᠤᠷᠢ ᠪᠠᠷ ᠬᠠᠮᠤᠭ | ᠨᠢᠮᠭᠡᠨ᠂ ᠨᠦᠬᠦᠴᠡᠯ ᠢᠶᠠᠷ ᠬᠠᠮᠤᠭ ᠠᠨᠠᠢ᠂ ᠬᠦᠴᠢᠷ ᠢᠶᠠᠷ ᠬᠠᠮᠤᠭ ᠶᠡᠭᠡ ᠪᠡᠷᠬᠡ ᠠᠵᠢᠯ ᠢ ᠵᠢᠭᠠᠵᠤ ᠪᠠᠶᠢᠭ᠎ᠠ ᠶᠤᠮ᠃ | ᠤᠳᠤᠬᠠᠨ ᠳᠤ᠂ ᠳᠠᠯᠠᠳ ᠬᠤᠰᠢᠭᠤ ᠨᠢ ᠡᠨᠡ ᠤᠳᠠᠭᠠᠨ ᠤ ᠶᠠᠳᠠᠭᠤ ᠠᠴᠠ ᠠᠩᠭᠢᠵᠢᠷᠠᠭᠤᠯᠬᠤ ᠳᠠᠶᠢᠨ ᠤ ᠢᠯᠠᠯᠲᠠ ᠶᠢ | ᠣᠯᠬᠤ ᠶᠢᠨ ᠲᠥᠯᠥᠭᠡ ᠶᠠᠮᠠᠷ ᠶᠠᠮᠠᠷ ᠠᠵᠢᠯ ᠢ ᠬᠢᠭᠰᠡᠨ ᠪᠣᠢ︖ | ᠴᠢ᠊᠂ ᠳᠠᠯᠠᠨᠲᠠᠢ᠄ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠤ ᠢᠯᠠᠯᠲᠠ ᠶᠢ | ᠣᠯᠬᠤ ᠶᠢᠨ ᠲᠥᠯᠥᠭᠡ᠂ ᠳᠠᠯᠠᠳ ᠬᠤᠰᠢᠭᠤ ᠨᠢ ᠨᠠᠮ ᠤᠨ ᠪᠦᠲᠦᠭᠡᠨ ᠪᠠᠶᠢᠭᠤᠯᠤᠯᠲᠠ ᠪᠠ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ᠂ ᠤᠨᠤᠪᠴᠢᠲᠠᠢ ᠭᠡᠮᠡᠬᠦ ᠦᠭᠡᠨ ᠤ ᠴᠢᠬᠤᠯᠠ ᠠᠭᠤᠯᠭ᠎ᠠ ᠶᠢ ᠡᠵᠡᠮᠰᠢᠵᠦ᠂ | ᠶᠠᠳᠠᠭᠤ ᠶᠢ ᠳᠡᠳᠬᠦᠬᠦ ᠪᠠ ᠬᠦᠳᠡᠭᠡ ᠲᠤᠰᠬᠤᠨ ᠤ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠤᠶᠠᠯᠳᠤᠭᠤᠯᠤᠨ᠂ ︽ᠳᠥᠷᠪᠡᠨ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ | ᠪᠠᠲᠤᠯᠠᠭ᠎ᠠ᠂ ᠭᠤᠷᠪᠠ ᠶᠢ ᠪᠦᠷᠬᠦᠭᠦᠯᠬᠦ︾ ᠶᠢ ᠴᠢᠩᠭ᠎ᠠ ᠠᠳᠬᠤᠵᠤ᠂ ᠪᠦᠬᠦ ᠨᠡᠶᠢᠬᠡᠮ ᠢᠶᠠᠷ ᠢᠶᠠᠨ ᠤᠷᠤᠯᠴᠠᠭᠰᠠᠨ ︽ | 3+ 2︾ ᠤᠨ ᠬᠠᠮᠵᠢᠯᠴᠠᠭᠠᠨ ᠤ ᠰᠢᠰᠲ᠋ᠧᠮ ᠢ ᠪᠠᠶᠢᠭᠤᠯᠤᠨ᠎ᠠ᠃ | ᠰᠢᠶᠠᠨ ᠤ ᠲᠡᠰ ᠤᠨ ᠤᠳᠤᠷᠢᠳᠤᠯᠭ᠎ᠠ ᠶᠢ ᠴᠢᠩᠭ᠎ᠠ ᠱᠠᠭᠠᠷᠳᠠᠨ᠂ ᠪᠠᠶᠢᠭᠤᠯᠭ᠎ᠠ ᠶᠢᠨ ᠨᠢᠭᠡᠳᠦᠭᠡᠷ ᠭᠠᠷ ᠢ | ᠬᠠᠮᠵᠢᠨ᠂ ᠡᠯ᠎ᠡ ᠰᠤᠮᠤ ᠪᠠᠯᠭᠠᠰᠤ ᠨᠢ ᠴᠦᠮ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠵᠢᠯᠤᠭᠤᠳᠤᠯᠭ᠎ᠠ ᠶᠢᠨ ᠲᠥᠪ ᠪᠠ ᠠᠯᠪᠠᠨ ᠭᠡᠷ ᠢ ᠪᠠᠶᠢᠭᠤᠯᠵᠤ᠂ᠡᠯ᠎ᠡ ᠭᠠᠴᠠᠭ᠎ᠠ ᠲᠤᠰᠬᠤᠨ ᠨᠢ ᠴᠤ ᠭᠡᠰᠡᠨ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠰᠬᠠᠢ ᠪᠠᠶᠢᠭᠤᠯᠤᠮᠵᠢ ᠶᠢ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠰᠬᠠᠢ ᠬᠦᠮᠦᠨ ᠢ ᠲᠤᠬᠢᠷᠠᠭᠤᠯᠵᠠᠢ᠃ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠡᠯ᠎ᠡ ᠰᠤᠮᠤ ᠪᠠᠯᠭᠠᠰᠤ᠂ ᠡᠯ᠎ᠡ ᠲᠤᠰᠬᠠᠢ ᠮᠡᠷᠭᠡᠵᠢᠯ ᠰᠠᠯᠠᠭ᠎ᠠ ᠮᠦᠴᠢᠷ ᠨᠢ | ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠦᠵᠤ᠂ ︽ | ᠴᠡᠷᠢᠭ ᠤᠨ ᠵᠠᠷᠯᠢᠭ︾ ᠲᠤᠭᠲᠠᠭᠠᠬᠤ ᠬᠡᠷᠡᠭᠲᠡᠢ᠃ ᠬᠠᠮᠲᠤ ᠳᠤ ᠨᠢ ᠢᠯᠡ ᠪᠠᠷ ᠪᠠᠶᠢᠴᠠᠭᠠᠵᠤ᠂ ᠨᠢᠭᠤᠴᠠ ᠪᠠᠷ | ᠰᠤᠷᠪᠤᠯᠵᠢᠯᠠᠬᠤ ᠵᠡᠷᠭᠡ ᠠᠷᠭ᠎ᠠ ᠪᠠᠷ ᠲᠤᠭᠲᠠᠭᠰᠠᠨ ᠬᠤᠭᠤᠴᠠᠭ᠎ᠠ ᠦᠭᠡᠢ ᠪᠠᠷ ᠡᠯ᠎ᠡ ᠰᠤᠮᠤ ᠪᠠᠯᠭᠠᠰᠤᠨ ᠤ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠤ ᠨᠡᠶᠢᠳᠠᠪᠤᠷᠢᠵᠢᠭᠤᠯᠤᠯᠲᠠ ᠶᠢᠨ ᠪᠠᠶᠢᠳᠠᠯ ᠢ | ᠤᠶᠢᠯᠭᠠᠨ᠂ ᠬᠢᠨᠠᠨ ᠪᠠᠶᠢᠴᠠᠭᠠᠳ ᠤᠯᠤᠭᠰᠠᠨ ᠠᠰᠠᠭᠤᠳᠠᠯ ᠢᠶᠠᠨ ᠨᠠᠷᠢᠨ ᠳᠠᠩᠰᠠ ᠶᠢᠨ ᠬᠡᠯᠪᠡᠷᠢ ᠪᠠᠷ ᠬᠠᠮᠢᠶᠠᠷᠴᠤ᠂ | ᠬᠤᠭᠤᠴᠠᠭ᠎ᠠ ᠲᠤᠭᠲᠠᠭᠠᠨ ᠬᠢᠨᠠᠨ ᠪᠡᠶᠡᠯᠡᠭᠦᠯᠦᠨ᠎ᠡ᠃ | ︽ᠭᠤᠷᠪᠠᠨ ᠪᠠᠲᠤᠯᠠᠭ᠎ᠠ᠂ ᠭᠤᠷᠪᠠ ᠶᠢ ᠪᠦᠷᠬᠦᠭᠦᠯᠬᠦ︾ ᠶᠠᠳᠠᠭᠤ ᠠᠴᠠ ᠠᠩᠭᠢᠵᠢᠷᠠᠭᠤᠯᠬᠤ ᠠᠷᠭ᠎ᠠ | ᠬᠡᠮᠵᠢᠶ᠎ᠡ ᠶᠢ ᠰᠠᠶᠢᠲᠤᠷ ᠠᠳᠬᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠤ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠬᠤ ᠶᠢ ᠪᠠᠲᠤᠯᠠᠨ᠎ᠠ᠃ ᠡᠮ ᠡᠮᠨᠡᠯᠭᠡ ᠪᠠᠲᠣᠯᠭ᠎ᠠ ᠶᠢᠨ ᠲᠠᠯ᠎ᠠ ᠪᠠᠷ᠂ | ᠦᠨᠳᠦᠰᠦᠨ ᠡᠮᠨᠡᠯᠭᠡ ᠶᠢᠨ ᠪᠠᠲᠣᠯᠭ᠎ᠠ᠂ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ᠂ ᠶᠠᠳᠠᠭᠤ ᠠᠴᠠ | ᠠᠩᠭᠢᠵᠢᠷᠠᠬᠤ ᠳᠠᠭᠠᠳᠬᠠᠯ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠶᠠᠳᠠᠭᠤ ᠠᠴᠠ | ᠠᠩᠭᠢᠵᠢᠷᠠᠭᠤᠯᠬᠤ ᠡᠮ ᠡᠮᠨᠡᠯᠭᠡ ᠶᠢᠨ ᠲᠤᠰᠠᠯᠠᠮᠵᠢ ᠪᠠ ᠨᠡᠶᠢᠬᠡᠮ ᠤᠨ ᠠᠪᠤᠷᠠᠨ ᠲᠤᠰᠠᠯᠠᠮᠵᠢ ᠵᠡᠷᠭᠡ ︽ᠵᠢᠷᠭᠤᠭᠠᠨ | ᠲᠠᠰ︾ ᠤᠨ ᠪᠠᠲᠣᠯᠭ᠎ᠠ ᠪᠠᠷ ᠳᠠᠮᠵᠢᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠳᠦᠷᠢᠮ ᠳᠤ ᠨᠡᠶᠢᠴᠡᠭᠰᠡᠨ ᠡᠮ | ᠡᠮᠨᠡᠯᠭᠡ ᠶᠢᠨ ᠰᠦᠢᠳᠬᠡᠯ ᠤᠨ ᠳᠠᠩᠰᠠ ᠲᠠᠶᠢᠯᠠᠬᠤ ᠬᠠᠷᠢᠴᠠᠯ ᠶᠢ ᠶᠡᠭᠡ ᠪᠠᠷ ᠳᠡᠭᠡᠭᠰᠢᠯᠡᠭᠦᠯᠦᠨ᠎ᠡ᠃ ᠶᠠᠳᠠᠭᠤ | ᠬᠦᠴᠢᠷᠳᠡᠯᠲᠡᠢ ᠬᠦᠮᠦᠨ ᠠᠮᠠ ᠶᠢᠨ ︽ᠤᠷᠢᠳᠠᠪᠠᠷ ᠡᠪᠡᠳᠴᠢᠨ ᠦᠵᠡᠭᠦᠯᠵᠦ᠂ ᠳᠠᠷᠠᠭ᠎ᠠ ᠨᠢ ᠵᠤᠭᠤᠰ ᠲᠤᠰᠢᠶᠠᠬᠤ︾ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠡᠮ ᠡᠮᠨᠡᠯᠭᠡ ᠶᠢᠨ | ᠰᠦᠢᠳᠬᠡᠯ ᠤᠨ ᠳᠠᠩᠰᠠ ᠲᠠᠶᠢᠯᠠᠬᠤ ᠳᠤ ︽ᠨᠢᠭᠡ ᠯᠠ ᠴᠤᠩᠬᠤ ᠪᠠᠷ ᠦᠢᠯᠡᠴᠢᠯᠠᠬᠦ︾ ᠦᠢᠯᠡᠴᠢᠯᠡᠭᠡᠨ ᠤ ᠴᠤᠩᠬᠤ ᠶᠢ | ᠪᠠᠶᠢᠭᠤᠯᠤᠨ᠎ᠠ᠃ ᠤᠳᠤᠬᠠᠨ ᠳᠤ᠂ ᠲᠥᠪᠯᠡᠷᠡᠭᠦᠯᠦᠨ ᠵᠠᠰᠠᠬᠤ ᠶᠠᠳᠠᠭᠤ ᠬᠦᠴᠢᠷᠳᠡᠯᠲᠡᠢ ᠬᠦᠮᠦᠨ ᠤ ᠶᠡᠭᠡ ᠡᠪᠡᠳᠴᠢᠨ | ᠲᠠᠢ ᠡᠪᠡᠳᠴᠢᠲᠡᠨ 23 ᠨᠡᠷ᠎ᠡ ᠪᠠᠶᠢᠵᠦ᠂ ᠬᠦᠨᠳᠦ ᠡᠪᠡᠳᠴᠢᠨ ᠲᠠᠢ ᠡᠪᠡᠳᠴᠢᠲᠡᠨ 38 ᠨᠡᠷ᠎ᠡ ᠪᠠᠶᠢᠵᠤ᠂ ᠤᠳᠠᠭᠠᠨ | ᠴᠢᠨᠠᠷᠲᠠᠢ ᠡᠪᠡᠳᠴᠢᠲᠡᠨ ᠪᠦᠭᠦᠳᠡᠭᠡᠷ ᠢᠶᠠᠨ ᠭᠡᠷ ᠪᠦᠯᠢ ᠶᠢᠨ ᠡᠮᠴᠢ ᠶᠢᠨ ᠭᠡᠷ᠎ᠡ ᠪᠠᠶᠢᠭᠤᠯᠵᠤ ᠦᠢᠯᠡᠴᠢᠯᠡᠬᠦ | ᠦᠢᠯᠡᠴᠢᠯᠡᠭᠡ ᠶᠢ ᠡᠳ᠋ᠯᠡᠪᠡ᠃ ᠡᠨᠡ ᠵᠢᠯ ᠡᠳ᠋ ᠤᠨ ᠵᠠᠰᠠᠭ ᠠᠴᠠ 18 ᠲᠥᠮᠡ ᠲᠦᠭᠦᠷᠡᠭ ᠤᠨ ᠲᠤᠰᠬᠠᠢ ᠮᠦᠩᠭᠦ | ᠲᠤᠬᠢᠷᠠᠭᠤᠯᠤᠨ᠂ ᠶᠠᠳᠠᠭᠤ ᠬᠦᠴᠢᠷᠳᠡᠯᠲᠡᠢ ᠬᠦᠮᠦᠰ ᠲᠤ ᠦᠨ᠎ᠡ ᠲᠥᠯᠦᠪᠦᠷᠢ ᠦᠭᠡᠢ ᠪᠠᠷ ᠪᠡᠶᠡᠨ ᠤ ᠪᠠᠶᠢᠴᠠᠭᠠᠯᠲᠠ | ᠬᠢᠵᠦ ᠪᠠᠶᠢᠨ᠎ᠠ᠃ ᠰᠤᠷᠭᠠᠨ ᠬᠦᠮᠦᠵᠢᠯ ᠤᠨ ᠲᠠᠯ᠎ᠠ ᠪᠠᠷ᠂ ᠰᠤᠷᠭᠠᠨ ᠬᠦᠮᠦᠵᠢᠯ᠂ ᠠᠷᠠᠳ ᠤᠨ ᠶᠠᠪᠤᠳᠠᠯ᠂ ᠶᠠᠳᠠᠭᠤ ᠶᠢ | ᠳᠡᠳᠬᠦᠬᠦ ᠵᠡᠷᠭᠡ ᠪᠡᠯᠡ ᠮᠦᠩᠭᠦ ᠶᠢ ᠨᠡᠶᠢᠳᠬᠡᠵᠦ᠂ ᠶᠠᠳᠠᠭᠤ ᠬᠦᠴᠢᠷᠳᠡᠯᠲᠡᠢ ᠭᠡᠷ ᠡᠷᠦᠬᠡ ᠶᠢᠨ ᠰᠤᠷᠬᠤ ᠨᠠᠰᠤᠨ ᠠᠴᠠ | ᠡᠮᠦᠨ᠎ᠡ ᠰᠤᠷᠭᠠᠨ ᠬᠦᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠷᠲᠡᠯ᠎ᠡ᠂ ᠰᠠᠭᠤᠷᠢ ᠰᠤᠷᠭᠠᠨ | ᠬᠦᠮᠦᠵᠢᠯ ᠠᠴᠠ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠳᠡᠮᠵᠢᠯᠭᠡ ᠦᠵᠡᠭᠦᠯᠬᠦ | ᠰᠢᠰᠲ᠋ᠧᠮ ᠢ ᠪᠠᠶᠢᠭᠤᠯᠪᠠ᠃ ᠥᠨᠥ ᠵᠢᠯ ᠠᠴᠠ ᠡᠬᠢᠯᠡᠨ ᠨᠢᠭᠡᠨᠲᠡ 125 ᠨᠡᠷ᠎ᠡ ᠳᠠᠩᠰᠠ ᠪᠠᠶᠢᠭᠤᠯᠵᠤ ᠺᠠᠷᠲ | ᠠᠪᠤᠭᠰᠠᠨ ᠶᠠᠳᠠᠭᠤ ᠬᠦᠴᠢᠷᠳᠡᠯᠲᠡᠢ ᠰᠤᠷᠤᠭᠴᠢ ᠳᠤ ᠨᠡᠶᠢᠲᠡ ᠰᠤᠷᠭᠠᠨ ᠬᠦᠮᠦᠵᠢᠯ ᠤᠨ ᠪᠡᠯᠡ ᠮᠦᠩᠭᠦ 26.7 | ᠲᠦᠮᠡ ᠶᠢ ᠬᠤᠪᠢᠶᠠᠨ ᠦᠭᠴᠦ᠂ 888 ᠨᠡᠷ᠎ᠡ ᠶᠠᠳᠠᠭᠤ ᠬᠦᠴᠢᠷᠳᠡᠯᠲᠡᠢ ᠰᠤᠷᠤᠭᠴᠢᠳ ᠲᠤ 11.6 ᠲᠦᠮᠡᠨ | ᠲᠦᠭᠦᠷᠢᠭ ᠤᠨ ᠰᠤᠷᠤᠯᠭ᠎ᠠ ᠶᠢᠨ ᠪᠠᠭᠠᠵᠢ ᠬᠡᠷᠡᠭᠰᠡᠯ ᠢ ᠬᠤᠪᠢᠶᠠᠨ ᠥᠭᠪᠡ᠃ ᠰᠠᠭᠤᠬᠤ ᠤᠷᠤᠨ ᠭᠡᠷ ᠤᠨ ᠲᠠᠯ᠎ᠠ ᠪᠠᠷ | ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠪᠡ᠃ | 2018 ᠣᠨ ᠳᠤ 98 ᠡᠷᠦᠬᠡ ᠰᠢᠨ᠎ᠡ ᠪᠠᠷ ᠨᠡᠮᠡᠭᠳᠡᠭᠰᠡᠨ ᠳᠠᠩᠰᠠ ᠪᠠᠶᠢᠭᠤᠯᠵᠤ ᠺᠠᠷᠲ ᠠᠪᠤᠭᠰᠠᠨ | ᠡᠷᠦᠬᠡ ᠳᠤ 2 ᠲᠦᠮᠡᠨ ᠲᠦᠭᠦᠷᠢᠭ ᠤᠨ ᠲᠤᠰᠠᠯᠠᠮᠵᠢ ᠬᠠᠩᠭᠠᠵᠤ᠂ ᠠᠶᠤᠯᠲᠤ ᠭᠡᠷ ᠤᠷᠤᠨ ᠢ ᠬᠤᠪᠢᠷᠠᠭᠤᠯᠬᠤ᠂ | ᠰᠠᠭᠤᠬᠤ ᠭᠡᠷ ᠤᠷᠤᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠵᠡᠷᠭᠡ ᠲᠦᠯᠦᠪᠯᠡᠭᠡ ᠲᠠᠢ᠃ ᠬᠠᠮᠲᠤ ᠳᠤ | ᠨᠢ ᠤᠨᠳᠤᠤ ᠭᠠᠵᠠᠷ ᠨᠡᠭᠦᠯᠭᠡᠨ ᠶᠠᠳᠠᠭᠤ ᠶᠢ ᠳᠡᠳᠬᠦᠭᠰᠡᠨ ᠡᠷᠦᠬᠡ ᠶᠢᠨ ᠬᠤᠶᠢᠰᠢᠳᠠ ᠶᠢᠨ ᠠᠵᠤ ᠦᠢᠯᠡᠰ ᠤᠨ | ᠬᠦᠭᠵᠢᠯᠲᠡ ᠶᠢ ᠪᠦᠬᠦ ᠬᠤᠰᠢᠭᠤᠨ ᠤ ᠪᠦᠬᠦᠯᠢ ᠴᠤᠭᠴᠠ ᠶᠢᠨ ᠠᠵᠤ ᠦᠢᠯᠡᠰ ᠤᠨ ᠶᠠᠳᠠᠭᠤ ᠶᠢ ᠳᠡᠳᠬᠦᠬᠦ ᠠᠵᠢᠯ ᠳᠤ | ᠤᠷᠤᠭᠤᠯᠤᠨ᠂ ᠨᠢᠭᠡᠳᠦᠯᠲᠡᠢ ᠲᠦᠯᠦᠪᠯᠡᠨ ᠠᠬᠢᠭᠤᠯᠵᠤ᠂ ᠢᠵᠢᠯ ᠠᠯᠬᠤᠮ ᠢᠶᠠᠷ ᠬᠡᠷᠡᠭᠵᠢᠭᠦᠯᠵᠦ᠂ ᠶᠠᠳᠠᠭᠤ | ᠬᠦᠴᠢᠷᠳᠡᠯᠲᠡᠢ ᠡᠷᠦᠬᠡ ᠶᠢᠨ ᠰᠢᠯᠵᠢᠨ ᠭᠠᠷᠬᠤ ᠮᠦᠷᠲᠡᠭᠡᠨ ᠪᠠᠶᠠᠵᠢᠵᠤ ᠳᠡᠶᠢᠯᠡᠬᠦ ᠶᠢ ᠪᠠᠲᠤᠯᠠᠬᠤ ᠬᠡᠷᠡᠭᠲᠡᠢ᠃ | ᠺᠠᠳ᠋ᠷ ᠤᠨ ᠬᠠᠮᠵᠢᠨ ᠳᠡᠳᠬᠦᠬᠦ ᠶᠢ ᠴᠢᠩᠭ᠎ᠠ ᠠᠳᠬᠤᠨ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂ ︽ | ᠭᠤᠷᠪᠠ ᠶᠢ ᠪᠦᠷᠬᠦᠭᠦᠯᠬᠦ︾ ᠪᠤᠯᠪᠠᠰᠤᠷᠠᠯ ᠬᠦᠷᠲᠡᠭᠡᠵᠦ ᠰᠤᠷᠭᠠᠨ ᠬᠦᠮᠦᠵᠢᠭᠦᠯᠦᠨ᠎ᠡ᠃ ᠡᠨᠡ ᠵᠢᠯ ᠲᠤᠰᠠᠯᠠᠬᠤ | ᠡᠲᠡᠭᠡᠳ ᠲᠤ ᠪᠠᠨ ᠰᠢᠯᠢᠳᠡᠭᠵᠢᠭᠦᠯᠵᠦ ᠲᠤᠬᠢᠷᠠᠭᠤᠯᠤᠯᠲᠠ ᠬᠢᠵᠦ᠂ ᠨᠡᠶᠢᠲᠡ 19 ᠰᠢᠶᠡᠨ ᠤ ᠲᠡᠰ ᠤᠨ | ᠤᠳᠤᠷᠢᠳᠤᠯᠭ᠎ᠠ᠂ 113 ᠪᠠᠶᠢᠭᠤᠯᠭ᠎ᠠ᠂ 132 ᠲᠤᠰᠬᠤᠨᠳᠤ ᠰᠠᠭᠤᠷᠢᠰᠢᠬᠤ ᠠᠵᠢᠯ ᠤᠨ ᠠᠩᠭᠢ᠂ 424 ᠨᠡᠷ᠎ᠡ | ᠲᠤᠰᠬᠤᠨ ᠳᠤ ᠰᠠᠭᠤᠷᠢᠰᠢᠭᠰᠠᠨ ᠠᠵᠢᠯ ᠤᠨ ᠬᠡᠰᠢᠭᠦᠨ ᠪᠠ 781 ᠨᠡᠷ᠎ᠡ ᠺᠠᠳ᠋ᠷ ᠢ ᠶᠠᠳᠠᠭᠤ ᠶᠢ ᠳᠡᠳᠬᠦᠬᠦ | ᠳᠠᠭᠠᠭᠠᠴᠢᠯᠠᠭᠤᠯᠤᠭᠰᠠᠨ ᠠᠵᠢᠯ ᠳᠤ ᠲᠣᠬᠢᠷᠠᠭᠤᠯᠵᠠᠢ᠃ ᠠᠵᠤ ᠦᠢᠯᠡᠰ ᠤᠨ ᠳᠡᠮᠵᠢᠨ ᠳᠡᠳᠬᠦᠬᠦ ᠲᠠᠯ᠎ᠠ ᠪᠠᠷ᠂ | ᠬᠦᠳᠡᠯᠮᠦᠷᠢᠯᠡᠬᠦ ᠴᠢᠳᠠᠯ ᠲᠠᠢ ᠶᠠᠳᠠᠭᠤ ᠬᠦᠴᠢᠷᠳᠡᠯᠲᠡᠢ ᠡᠷᠦᠬᠡ ᠳᠤ ᠠᠵᠤ ᠠᠬᠤᠶᠢᠯᠠᠯ ᠢ ᠤᠳᠤᠷᠢᠳᠤᠨ᠂ | ᠬᠠᠮᠲᠤᠷᠠᠯ ᠤᠨ ᠬᠤᠷᠰᠢᠶᠠᠨ ᠤ ᠵᠠᠬᠢᠶᠠᠯᠠᠭ᠎ᠠ ᠶᠢᠨ ᠳᠠᠭᠠᠭᠠᠴᠢᠯᠠᠨ ᠪᠤᠷᠤᠯᠠᠭᠤᠯᠬᠤ᠂ ᠬᠡᠮᠵᠢᠶ᠎ᠡ ᠲᠤᠭᠲᠠᠭᠠᠨ ᠠᠰᠢᠭ | ᠬᠤᠪᠢᠶᠠᠬᠤ ᠵᠡᠷᠭᠡ ᠵᠠᠭᠪᠤᠷ ᠢᠶᠠᠷ ᠶᠠᠳᠠᠭᠤ ᠬᠦᠴᠢᠷᠳᠡᠯᠲᠡᠢ ᠡᠷᠦᠬᠡ ᠲᠠᠢ ᠨᠢᠭᠲᠠ ᠠᠰᠢᠭ ᠬᠤᠨᠵᠢᠪᠤᠷᠢ ᠶᠢᠨ | ᠬᠤᠯᠪᠤᠭᠠᠯᠠᠯ ᠤᠨ ᠵᠤᠬᠢᠴᠠᠮᠵᠢ ᠶᠢ ᠪᠦᠲᠦᠭᠡᠨ ᠪᠠᠶᠢᠭᠤᠯᠤᠨ᠎ᠠ᠃ ᠬᠥᠳᠡᠯᠮᠦᠷᠢᠯᠡᠬᠦ ᠬᠦᠴᠦᠨ ᠢᠶᠠᠨ ᠠᠯᠳᠠᠭᠰᠠᠨ ᠳᠤ ᠨᠢ | ᠤᠯᠠᠨ ᠤ ᠪᠡᠯᠡ ᠴᠤᠭᠯᠠᠭᠤᠯᠤᠨ ᠳᠡᠮᠵᠢᠬᠦ᠂ ᠤᠷᠤᠯᠠᠨ ᠲᠠᠷᠢᠵᠦ ᠤᠷᠤᠯᠠᠨ ᠡᠵᠡᠩᠨᠡᠬᠦ᠂ ᠬᠠᠮᠤᠭ ᠳᠤᠤᠷ᠎ᠠ | ᠪᠠᠲᠣᠯᠭ᠎ᠠ ᠪᠠᠷ ᠠᠰᠢᠭ ᠬᠤᠪᠢᠶᠠᠬᠤ ᠵᠡᠷᠭᠡ ᠬᠡᠯᠪᠡᠷᠢ ᠪᠠᠷ ᠤᠷᠤᠯᠭ᠎ᠠ ᠶᠢ ᠨᠢ ᠲᠤᠭᠲᠠᠪᠤᠷᠢᠵᠢᠭᠤᠯᠤᠨ᠎ᠠ᠃ | ᠪᠤᠯᠪᠠᠰᠤᠷᠠᠯ ᠳᠤ ᠤᠷᠤᠯᠴᠠᠭᠤᠯᠵᠤ ᠰᠤᠷᠭᠠᠨ ᠬᠦᠮᠦᠵᠢᠭᠦᠯᠬᠦ ᠲᠠᠯ᠎ᠠ ᠪᠠᠷ ᠶᠠᠳᠠᠭᠤ ᠬᠦᠴᠢᠷᠳᠡᠯᠲᠡᠢ ᠡᠷᠦᠬᠡ ᠶᠢᠨ | ᠳᠤᠲᠤᠷ᠎ᠠ ᠠᠴᠠ ᠶᠠᠳᠠᠭᠤ ᠠᠴᠠ ᠠᠩᠭᠢᠵᠢᠷᠠᠵᠤ ᠪᠠᠶᠠᠵᠢᠭᠰᠠᠨ ᠵᠢᠱᠢᠶᠡᠴᠢ ᠡᠷᠦᠬᠡ ᠪᠠ ᠵᠢᠱᠢᠶᠡᠴᠢ ᠬᠦᠮᠦᠨ ᠢ | ᠰᠢᠯᠭᠠᠷᠠᠭᠤᠯᠬᠤ ᠬᠦᠳᠡᠯᠭᠡᠭᠡᠨ ᠢ ᠶᠠᠪᠤᠭᠳᠠᠭᠤᠯᠤᠨ᠂ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠤᠨ ᠶᠠᠳᠠᠭᠤ | ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠳᠤ ᠬᠦᠳᠡᠯᠭᠡᠭᠴᠢ ᠬᠦᠴᠦᠨ ᠢ ᠤᠯᠭᠤᠨ᠂ ᠲᠠᠷᠢᠶᠠᠯᠠᠨ | ᠮᠠᠯᠵᠢᠬᠤ ᠦᠢᠯᠡᠰ ᠢᠶᠠᠷ ᠶᠠᠳᠠᠭᠤ ᠠᠴᠠ ᠠᠩᠭᠢᠵᠢᠷᠠᠵᠤ ᠪᠠᠶᠢᠭ᠎ᠠ ᠡᠷᠦᠬᠡ ᠳᠤ ᠲᠠᠷᠢᠶᠠᠯᠠᠩ ᠮᠠᠯᠵᠢᠯ ᠤᠨ ᠲᠤᠰᠬᠠᠢ | ᠮᠡᠷᠭᠡᠵᠢᠯ ᠤᠨ ᠪᠣᠯᠪᠠᠰᠤᠷᠠᠯ ᠬᠢᠨ᠎ᠡ᠃ ᠤᠳᠤᠬᠠᠨ ᠳᠤ ᠨᠢᠭᠡᠨᠲᠡ ᠦᠭᠡᠳᠡᠩ ᠴᠡᠴᠡᠭ ᠤᠨ ᠭᠠᠷ ᠨᠡᠬᠡᠮᠡᠯ᠂ ᠪᠣᠳᠠᠲᠣ | ᠬᠡᠷᠡᠭᠯᠡᠭᠡᠨ ᠤ ᠲᠡᠵᠢᠭᠡᠯ ᠤᠨ ᠮᠡᠷᠭᠡᠵᠢᠯ ᠵᠡᠷᠭᠡ ᠪᠤᠯᠪᠠᠰᠤᠷᠠᠯ ᠢ ᠨᠡᠶᠢᠲᠠ ᠬᠤᠷᠢ ᠭᠠᠷᠤᠢ ᠲᠠᠯᠠᠪᠤᠷ ᠬᠢᠵᠦ᠂ ᠪᠤᠯᠪᠠᠰᠤᠷᠠᠯ | ᠬᠦᠷᠲᠡᠭᠰᠡᠨ ᠶᠠᠳᠠᠭᠤ ᠬᠦᠴᠢᠷᠳᠡᠯᠲᠡᠢ ᠡᠷᠦᠬᠡ ᠨᠡᠶᠢᠲᠡ 887 ᠬᠦᠮᠦᠨ ᠬᠦᠷᠪᠡ᠃ | ᠶᠠᠳᠠᠭᠤ ᠶᠢ ᠳᠡᠳᠬᠦᠬᠦ ᠲᠤᠰᠬᠠᠢ ᠵᠦᠢᠯ᠂ ᠲᠤᠬᠠᠶᠢᠯᠠᠭᠰᠠᠨ ᠠᠵᠢᠯ ᠤᠨ ᠶᠠᠳᠠᠭᠤ ᠶᠢ ᠳᠡᠳᠬᠦᠬᠦ᠂ ᠨᠡᠶᠢᠬᠡᠮ | ᠨᠡᠶᠢᠲᠡ ᠶᠢᠨ ᠶᠠᠳᠠᠭᠤ ᠶᠢ ᠳᠡᠳᠬᠦᠬᠦ ᠪᠠ ᠪᠠᠶᠢᠭᠤᠯᠭ᠎ᠠ ᠶᠢᠨ ᠶᠠᠳᠠᠭᠤ ᠶᠢ ᠳᠡᠳᠬᠦᠬᠦ᠂ ᠺᠠᠳ᠋ᠷ ᠤᠨ ᠶᠠᠳᠠᠭᠤ ᠶᠢ | ᠳᠡᠳᠬᠦᠬᠦ ︽3+ 2︾ ᠶᠢᠨ ᠲᠤᠰᠠᠯᠠᠨ ᠳᠡᠳᠬᠦᠬᠦ ᠰᠢᠰᠲ᠋ᠧᠮ ᠢ ᠪᠦᠲᠦᠭᠡᠨ ᠪᠠᠶᠢᠭᠤᠯᠵᠤ᠂ ᠶᠠᠳᠠᠭᠤ ᠶᠢ ᠳᠡᠳᠬᠦᠬᠦ | ᠠᠵᠢᠯ ᠢ ᠵᠠᠰᠠᠭ ᠤᠨ ᠤᠷᠳᠤᠨ ᠤ ︽ᠭᠠᠭᠴᠠ ᠬᠦᠮᠦᠨ ᠤ ᠵᠦᠴᠦᠭᠡ︾ ᠪᠠᠶᠢᠭᠰᠠᠨ ᠠᠴᠠ ᠪᠠᠨ ᠵᠠᠰᠠᠭ ᠤᠨ ᠤᠷᠳᠤᠨ᠂ | ᠲᠤᠬᠠᠶᠢᠯᠠᠭᠰᠠᠨ ᠠᠵᠢᠯ᠂ ᠨᠡᠶᠢᠬᠡᠮ ᠨᠡᠶᠢᠲᠡ ᠶᠢᠨ ᠬᠠᠮᠲᠤ ᠶᠢᠨ ︽ᠨᠠᠶᠢᠷᠠᠯ ᠳᠠᠭᠤᠤ︾ ᠪᠤᠯᠤᠨ ᠬᠤᠪᠢᠷᠠᠭᠤᠯᠤᠨ᠎ᠠ᠃ | ᠶᠠᠳᠠᠭᠤ ᠶᠢ ᠳᠡᠳᠬᠦᠬᠦ ᠲᠤᠰᠬᠠᠢ ᠵᠦᠢᠯ ᠤᠨ ᠲᠠᠯ᠎ᠠ ᠪᠠᠷ᠂ ᠲᠠᠷᠢᠶᠠᠯᠠᠩ ᠤᠨ ᠦᠢᠯᠡᠰ᠂ ᠤᠰᠤᠨ ᠠᠰᠢᠭᠯᠠᠯᠲᠠ ᠢ | ᠨᠢᠭᠡᠳᠦᠯᠲᠡᠢ ᠲᠦᠯᠦᠪᠯᠡᠨ ᠨᠡᠶᠢᠳᠬᠡᠵᠦ᠂ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠤ ᠠᠵᠤ ᠦᠢᠯᠡᠰ ᠪᠠ | ᠰᠠᠭᠤᠷᠢ ᠲᠦᠬᠦᠭᠡᠷᠡᠮᠵᠢ ᠶᠢᠨ ᠪᠦᠲᠦᠭᠡᠨ ᠪᠠᠶᠢᠭᠤᠯᠤᠯᠲᠠ ᠲᠠᠬᠢ ᠳᠡᠮᠵᠢᠯᠭᠡ ᠪᠠᠨ ᠶᠠᠬᠡᠰᠬᠡᠵᠦ᠂ ᠬᠤᠰᠢᠭᠤᠨ ᠤ | ᠡᠳ᠋ ᠤᠨ ᠵᠠᠰᠠᠭ ᠤᠨ ᠲᠥᠰᠥᠯ ᠤᠨ ᠲᠤᠬᠢᠷᠠᠭᠤᠯᠤᠭᠰᠠᠨ ᠲᠤᠰᠬᠠᠢ ᠪᠡᠯᠡ ᠮᠦᠩᠭᠦ ᠨᠢ 2000 ᠲᠦᠮᠡᠨ ᠲᠦᠭᠦᠷᠢᠭ | ᠪᠠᠶᠢᠵᠤ᠂ ᠳᠡᠭᠡᠳᠦ ᠱᠠᠲᠤᠨ ᠤ ᠲᠤᠰᠬᠠᠢ ᠪᠡᠯᠡ ᠮᠦᠩᠭᠦ ᠨᠢ 3356 ᠲᠦᠮᠡᠨ ᠲᠦᠭᠦᠷᠢᠭ ᠢ ᠨᠢᠭᠡᠨᠲᠡ ᠡᠯ᠎ᠡ ᠰᠤᠮᠤ | ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠳᠤᠷᠤᠭᠰᠢ ᠪᠠᠭᠤᠯᠭᠠᠪᠠ᠃ ᠲᠤᠬᠠᠶᠢᠯᠠᠭᠰᠠᠨ ᠠᠵᠢᠯ ᠤᠨ | ᠶᠠᠳᠠᠭᠤ ᠶᠢ ᠳᠡᠳᠬᠦᠬᠦ ᠲᠠᠯ᠎ᠠ ᠪᠠᠷ ᠠᠵᠢᠯ ᠤᠯᠭᠤᠯᠲᠠ᠂ ᠠᠮᠢ ᠠᠬᠤᠢ᠂ ᠰᠤᠷᠭᠠᠨ ᠬᠦᠮᠦᠵᠢᠯ ᠵᠡᠷᠭᠡ ᠲᠤᠬᠠᠶᠢᠯᠠᠭᠰᠠᠨ | ᠮᠡᠷᠭᠡᠵᠢᠯ ᠤᠨ ᠳᠡᠮᠵᠢᠨ ᠲᠤᠰᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠢ ᠪᠠᠷ ᠶᠠᠳᠠᠭᠤ ᠶᠢ | ᠳᠡᠳᠬᠦᠬᠦ ᠶᠢ ᠴᠢᠩᠭᠠᠳᠬᠠᠨ᠂ ᠪᠠᠩᠬᠢ ᠢᠲᠡᠭᠡᠮᠵᠢ ᠶᠢᠨ ᠰᠠᠯᠠᠭ᠎ᠠ ᠮᠦᠴᠢᠷ ᠠᠴᠠ ᠶᠠᠳᠠᠭᠤ ᠬᠦᠴᠢᠷᠳᠡᠯᠲᠡᠢ ᠡᠷᠦᠬᠡ ᠳᠤ | ᠠᠵᠢᠯ ᠤᠯᠭᠤᠵᠤ ᠦᠭᠭᠦᠭᠰᠡᠨ ᠠᠵᠤ ᠠᠬᠤᠶᠢᠯᠠᠯ ᠳᠤ ᠳᠤᠤᠷ᠎ᠠ ᠬᠦᠦ ᠮᠦᠩᠭᠦ ᠲᠠᠢ ᠵᠢᠭᠡᠯᠡᠯᠭᠡ ᠶᠢ ᠵᠢᠭᠡᠯᠡᠭᠦᠯᠦᠨ᠎ᠡ᠃ | ᠨᠡᠶᠢᠬᠡᠮ ᠨᠡᠶᠢᠲᠡ ᠶᠢᠨ ᠶᠠᠳᠠᠭᠤ ᠶᠢ ᠳᠡᠳᠬᠦᠬᠦ ᠲᠠᠯ᠎ᠠ ᠪᠠᠷ ᠬᠤᠣᠰ ᠬᠤᠣᠰ ᠢᠶᠠᠷ ᠢᠶᠠᠨ ᠬᠤᠯᠪᠤᠭ᠎ᠠ ᠪᠠᠶᠢᠭᠤᠯᠵᠤ | ᠲᠤᠰᠠᠯᠠᠨ ᠳᠡᠮᠵᠢᠵᠦ᠂ ᠲᠠᠷᠢᠶᠠᠯᠠᠩ ᠤᠨ ᠪᠦᠲᠦᠭᠡᠭᠳᠡᠭᠦᠨ ᠢ ᠪᠤᠷᠤᠯᠠᠭᠤᠯᠬᠤ ᠵᠡᠷᠭᠡ ᠴᠢᠳᠠᠮᠵᠢ ᠶᠢ ᠨᠢᠭᠡ | ᠴᠤᠭᠴᠠᠴᠢᠯᠠᠭᠰᠠᠨ ︽ᠢᠨᠲ᠋ᠧᠷ ᠰᠦᠯᠵᠢᠶ᠎ᠡ + ᠨᠡᠶᠢᠬᠡᠮ ᠨᠡᠶᠢᠲᠡ ᠶᠢᠨ ᠶᠠᠳᠠᠭᠤ ᠶᠢ ᠳᠡᠳᠬᠦᠬᠦ︾ ᠳᠠᠪᠴᠠᠩ ᠢ | ᠪᠠᠶᠢᠭᠤᠯᠤᠨ᠂ ᠣᠳᠣ ᠪᠤᠯᠲᠠᠯ᠎ᠠ 259 ᠲᠦᠮᠡᠨ ᠲᠦᠭᠦᠷᠢᠭ ᠤᠨ ᠬᠠᠨᠳᠢᠪ ᠢ ᠴᠤᠭᠯᠠᠭᠤᠯᠤᠨ᠂ ᠶᠠᠳᠠᠭᠤ | ᠬᠦᠴᠢᠷᠳᠡᠯᠲᠡᠢ ᠡᠷᠦᠬᠡ ᠶᠢᠨ ᠰᠦᠯᠵᠢᠶᠡᠨ ᠳᠡᠭᠡᠷᠡᠬᠢ ᠤᠷᠤᠯᠠᠨ ᠪᠤᠷᠤᠯᠠᠭᠤᠯᠤᠭᠰᠠᠨ ᠲᠠᠷᠢᠶᠠᠯᠠᠩ ᠮᠠᠯᠵᠢᠯ ᠤᠨ | ᠪᠦᠲᠦᠭᠡᠭᠳᠡᠭᠦᠨ ᠨᠢ ᠨᠡᠶᠢᠲᠡ 370 ᠢᠯᠡᠭᠦᠦ ᠲᠦᠮᠡᠨ ᠲᠦᠭᠦᠷᠢᠭ ᠲᠤ ᠬᠦᠷᠪᠡ᠃ ︽ᠵᠠᠭᠤᠨ ᠠᠵᠤ ᠠᠬᠤᠶᠢᠯᠠᠯ | ᠵᠠᠭᠤᠨ ᠲᠤᠰᠬᠤᠨ ᠢ ᠬᠠᠪᠰᠤᠷᠬᠤ︾ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠨ ᠤ | ᠬᠦᠳᠡᠯᠭᠡᠭᠡᠨ ᠢ ᠭᠦᠨᠵᠡᠭᠡᠢ ᠶᠠᠪᠤᠭᠳᠠᠭᠤᠯᠤᠨ᠂ ᠪᠦᠬᠦ ᠬᠤᠰᠢᠭᠤᠨ ᠤ 132 ᠭᠠᠴᠠᠭ᠎ᠠ ᠲᠤᠰᠬᠤᠨ ᠨᠢ | ᠪᠦᠭᠦᠳᠡᠭᠡᠷ ᠢᠶᠠᠨ ᠠᠵᠤ ᠠᠬᠤᠶᠢᠯᠠᠯ ᠲᠠᠢ ᠬᠤᠯᠪᠤᠭ᠎ᠠ ᠪᠠᠶᠢᠭᠤᠯᠤᠭᠰᠠᠨ ᠪᠠᠶᠢᠨ᠎ᠠ᠃ ᠪᠠᠶᠢᠭᠤᠯᠭ᠎ᠠ ᠨᠢᠭᠡᠴᠢ ᠶᠢᠨ | ᠭᠠᠴᠠᠭ᠎ᠠ ᠲᠤᠰᠬᠤᠨ ᠢ ᠳᠠᠭᠠᠭᠠᠴᠢᠯᠠᠨ᠂ ᠲᠤᠰ ᠪᠠᠶᠢᠭᠤᠯᠭ᠎ᠠ ᠶᠢᠨ ᠶᠠᠳᠠᠭᠤ ᠶᠢ ᠳᠡᠳᠬᠦᠬᠦ ᠺᠠᠳ᠋ᠷ ᠤᠨ ᠳᠡᠮᠵᠢᠨ | ᠲᠤᠰᠠᠯᠠᠬᠤ ᠬᠠᠷᠢᠭᠤᠴᠠᠯᠭ᠎ᠠ ᠶᠢ ᠬᠢᠨᠠᠵᠤ ᠬᠠᠮᠢᠶᠠᠷᠤᠨ᠂ ᠲᠤᠭᠲᠠᠭᠰᠠᠨ ᠬᠤᠭᠤᠴᠠᠭᠠᠨ ᠳᠤ ᠪᠠᠶᠢᠭᠤᠯᠭ᠎ᠠ ᠶᠢᠨ | ᠲᠤᠰᠬᠤᠨ ᠢ ᠳᠠᠭᠠᠭᠠᠴᠢᠯᠠᠬᠤ ᠪᠠ ᠺᠠᠳ᠋ᠷ ᠤᠨ ᠡᠷᠦᠬᠡ ᠶᠢ ᠳᠠᠭᠠᠭᠠᠴᠢᠯᠠᠭᠰᠠᠨ ᠠᠵᠢᠯ ᠤᠨ ᠪᠠᠶᠢᠳᠠᠯ ᠢ ᠪᠠᠶᠢᠴᠠᠭᠠᠨ | ᠬᠢᠨᠠᠨ᠎ᠠ᠃ ᠬᠠᠮᠲᠤ ᠳᠤ ᠨᠢ᠂ ᠪᠦᠬᠦ ᠲᠠᠯ᠎ᠠ ᠪᠠᠷ ︽ᠰᠢᠯᠢᠳᠡᠭ ᠴᠢᠳᠠᠪᠤᠷᠢᠲᠠᠨ ᠢ ᠭᠠᠴᠠᠭ᠎ᠠ ᠲᠤᠰᠬᠤᠨ ᠳᠤ ᠤᠴᠢᠵᠤ | ᠲᠤᠰᠢᠶᠠᠯ ᠡᠭᠦᠷᠭᠡᠯᠡᠬᠦ ᠪᠠ ᠨᠤᠲᠤᠭ ᠲᠤ ᠪᠠᠨ ᠪᠤᠴᠠᠵᠤ ᠦᠢᠯᠡᠰ ᠪᠤᠰᠬᠠᠬᠤ ᠲᠥᠯᠥᠪᠯᠡᠭᠡ︾ ᠶᠢ ᠡᠬᠢᠯᠡᠭᠦᠯᠦᠨ᠂ | ᠦᠨᠡᠨᠬᠦ ᠰᠢᠯᠢᠳᠡᠭ ᠬᠠᠷᠢᠭᠤᠴᠠᠯᠭ᠎ᠠ ᠲᠠᠢ ︽ᠬᠤᠶᠠᠷ ᠵᠦᠪᠯᠡᠯ︾ ᠢ ᠲᠤᠬᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠤ ᠢᠯᠠᠯᠲᠠ ᠶᠢ ᠤᠯᠬᠤ ᠳᠤ ᠴᠢᠳᠠᠪᠤᠷᠢᠲᠠᠨ ᠤ ᠳᠡᠮᠵᠢᠯᠭᠡ | ᠦᠵᠡᠭᠦᠯᠦᠨ᠎ᠡ᠃ | ᠸᠠᠩ ᠢᠦᠢ ᠵᠦᠸᠧ᠄ ᠡᠭᠦᠨ ᠠᠴᠠ ᠬᠤᠶᠢᠰᠢ ᠪᠢᠳᠠ ᠨᠢᠭᠡᠨᠲᠡ ᠤᠯᠤᠭᠰᠠᠨ ᠰᠢᠯᠢᠳᠡᠭ ᠬᠢᠷᠢ | ᠪᠦᠲᠦᠮᠵᠢ ᠶᠢᠨ ᠢᠶᠠᠨ ᠰᠠᠭᠤᠷᠢᠨ ᠳᠡᠭᠡᠷ᠎ᠡ ᠠᠷᠠᠳ ᠤᠯᠠᠨ ᠳᠤ ᠪᠠᠨ ᠨᠡᠩ ᠢᠯᠡᠭᠦᠦ ᠶᠠᠮᠠᠷ ᠠᠰᠢᠭ ᠲᠤᠰᠠ ᠶᠢ | ᠠᠪᠴᠢᠷᠠᠬᠤ ᠪᠢᠯᠡ︖ | ᠴᠢ᠊᠂ ᠳᠠᠯᠠᠨᠲᠠᠢ᠄ ᠳᠠᠷᠠᠭᠠᠴᠢ ᠶᠢᠨ ᠠᠯᠬᠤᠮ ᠳᠤ᠂ ᠳᠠᠯᠠᠳ ᠬᠤᠰᠢᠭᠤ ᠨᠢ ᠲᠥᠪ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠤ ᠪᠠᠶᠢᠷᠰᠢᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ | ᠤᠯᠠᠮ ᠨᠢᠭᠡ ᠠᠯᠬᠤᠮ ᠦᠵᠡᠯ ᠰᠠᠨᠠᠭ᠎ᠠ ᠪᠠ ᠲᠠᠨᠢᠯᠲᠠ ᠪᠠᠨ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠬᠤ ᠳᠠᠶᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠢ ᠡᠷᠦᠬᠡ ᠶᠢᠨ | ᠬᠦᠳᠡᠯᠭᠡᠭᠡᠨᠲᠦ ᠬᠠᠮᠢᠶᠠᠷᠤᠯᠲᠠ ᠶᠢ ᠴᠢᠩᠭᠠᠳᠬᠠᠨ᠂ ᠠᠵᠤ ᠦᠢᠯᠡᠰ ᠤᠨ ᠶᠠᠳᠠᠭᠤ ᠶᠢ ᠳᠡᠳᠬᠦᠬᠦ ᠶᠢ ᠴᠢᠩᠭ᠎ᠠ | ᠠᠳᠬᠤᠵᠤ᠂ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ᠂ ᠨᠡᠶᠢᠬᠡᠮ ᠨᠡᠶᠢᠲᠡ ᠶᠢᠨ ᠶᠠᠳᠠᠭᠤ ᠶᠢ ᠳᠡᠳᠬᠦᠬᠦ ᠵᠡᠷᠭᠡ | ᠡᠯ᠎ᠡ ᠲᠥᠷᠥ ᠶᠢᠨ ᠪᠣᠳᠣᠯᠭ᠎ᠠ ᠢ ᠲᠣᠣᠱᠠᠯᠠᠭᠤᠯᠣᠨ᠂ ᠤᠶᠤᠨ ᠤᠬᠠᠭᠠᠨ ᠪᠠ ᠤᠷᠮ᠎ᠠ ᠵᠣᠷᠢᠭ ᠬᠤᠶᠠᠷ ᠢᠶᠠᠷ | ᠶᠠᠳᠠᠭᠤ ᠶᠢ ᠳᠡᠳᠬᠦᠬᠦ ᠶᠢ ᠪᠠᠷᠢᠮᠲᠠᠯᠠᠨ᠂ ᠬᠢᠨᠠᠯᠲᠠ ᠲᠠᠯᠪᠢᠵᠦ ᠰᠠᠬᠢᠯᠭ᠎ᠠ ᠪᠠᠲᠤ ᠶᠢ ᠵᠢᠷᠤᠮᠯᠠᠵᠤ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠨᠡ ᠬᠦ ᠬᠠᠲᠠᠭᠤ | ᠳᠠᠶᠢᠨ ᠤ ᠢᠯᠠᠯᠲᠠ ᠶᠢ ᠤᠯᠬᠤ ᠪᠠᠷ ᠴᠢᠷᠮᠠᠶᠢᠨ᠎ᠠ᠃ |