ᠳᠠᠯᠠᠳ ᠬᠤᠰᠢᠭᠤᠨ ᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ‌ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠢ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ‌ᠠᠬᠢᠭᠤᠯᠬᠤ ᠨᠡᠶᠢᠬᠡᠮ ᠤᠨ ᠢᠲᠡᠭᠡᠮᠵᠢ ᠵᠢᠨ‌‍ᠪᠦ᠋ᠳᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠦᠰᠦᠯ ᠤᠨ ᠳᠤᠬᠠᠢ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2018/9/5
ᠡᠯ᠎ᠡ ᠰᠤᠮᠤ ᠪᠠᠯᠭᠠᠰᠤᠨ ᠤ ᠵᠠᠰᠠᠭ ᠤᠨ ᠤᠷᠳᠤᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠨᠡᠭᠡᠭᠡᠨ ᠬᠦᠭᠵᠢᠭᠦᠯᠬᠦ ᠤᠷᠤᠨ ᠤ ᠬᠠᠮᠢᠶᠠᠷᠤᠯᠲᠠ ᠶᠢᠨ ᠵᠦᠪᠯᠡᠯ᠂ ᠡᠯ᠎ᠡ ᠰᠢᠭᠤᠳ ᠬᠠᠷᠢᠶᠠᠲᠤ ᠤᠯᠤᠰ ᠤᠨ ᠦᠮᠴᠢᠯᠡᠯᠲᠤ ᠠᠵᠤ ᠠᠬᠤᠶᠢᠯᠠᠯ᠂ ᠡᠯ᠎ᠡ ᠬᠤᠰᠢᠭᠤᠨ ᠤ ᠪᠠᠶᠢᠭᠤᠯᠭ᠎ᠠ ᠨᠢᠭᠡᠴᠡ ᠳᠤ᠄          ᠤᠯᠠᠮ ᠨᠢᠭᠡ ᠠᠯᠬᠤᠮ ᠮᠠᠨ ᠤ ᠬᠤᠰᠢᠭᠤᠨ ᠤ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠦᠯᠦᠭᠡ᠂ ︽ᠤᠷᠳᠤᠰ ᠬᠤᠲᠠ ᠶᠢᠨ ᠵᠠᠰᠠᠭ ᠤᠨ ᠤᠷᠳᠤᠨ ᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠢ ᠠᠵᠢᠯᠯᠠᠭ᠎ᠠ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠡᠶᠢᠬᠡᠮ ᠤᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠤᠬᠠᠢ ᠲᠦᠰᠦᠯ ᠤᠨ ᠮᠡᠳᠡᠭᠳᠡᠯ︾ ︵ᠣᠷᠳᠣᠰ ᠬᠤᠲᠠ ᠶᠢᠨ ᠵᠠᠰᠠᠭ ᠤᠨ ᠤᠷᠳᠤᠨ ᠠᠴᠠ ᠲᠠᠷᠬᠠᠭᠠᠭᠰᠠᠨ ﹇2017﹈ 170 ᠳ᠋ᠤᠭᠠᠷ ᠪᠢᠴᠢᠭ ᠮᠠᠲ᠋ᠧᠷᠢᠶᠠᠯ︾ ᠤᠨ ᠱᠠᠭᠠᠷᠳᠠᠯᠭ᠎ᠠ ᠪᠠᠷ᠂ ᠣᠳᠣ ︽ᠳᠠᠯᠠᠳ ᠬᠤᠰᠢᠭᠤᠨ ᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ‌ᠠᠵᠢᠯᠯᠠᠭ᠎ᠠ ᠢ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠡᠶᠢᠬᠡᠮ ᠤᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠤᠬᠠᠢ ᠲᠦᠰᠦᠯ ᠤᠨ ᠮᠡᠳᠡᠭᠳᠡᠯ︾ ᠢ ᠲᠠ ᠪᠦᠬᠦᠨ ᠳᠤ ᠲᠠᠷᠬᠠᠭᠠᠵᠤ ᠪᠠᠶᠢᠨ᠎ᠠ᠂ ᠱᠠᠭᠠᠷᠳᠠᠯᠭ᠎ᠠ ᠶᠤᠰᠤᠭᠠᠷ ᠬᠡᠷᠡᠭᠵᠢᠭᠦᠯᠦᠭᠡᠷᠡᠢ᠃                                   ᠳᠠᠯᠠᠳ ᠬᠤᠰᠢᠭᠤᠨ ᠤ ᠵᠠᠰᠠᠭ ᠤᠨ ᠤᠷᠳᠤᠨ                                   2018ᠣᠨ ᠤ 2 ᠰᠠᠷ᠎ᠠ ᠶᠢᠨ 8 ᠤ ᠡᠳᠦᠷ          ᠳᠠᠯᠠᠳ ᠬᠤᠰᠢᠭᠤᠨ ᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠢ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠡᠶᠢᠬᠡᠮ ᠤᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠤᠬᠠᠢ ᠲᠦᠰᠦᠯ ᠤᠨ ᠮᠡᠳᠡᠭᠳᠡᠯ        ︽ᠲᠦᠷᠥ ᠶᠢᠨ ᠶᠠᠪᠤᠳᠠᠯ ᠤᠨ ᠬᠤᠷᠢᠶᠠᠨ ᠤ ᠢᠲᠡᠭᠡᠯ ᠢ ᠵᠢᠷᠤᠮᠯᠠᠭᠰᠠᠨ‌ᠠᠵᠢᠯᠯᠠᠭ᠎ᠠ ᠢ ᠬᠤᠯᠪᠤᠭᠠᠯᠠᠨ ᠬᠦᠬᠢᠭᠦᠯᠬᠦ ᠪᠠ ᠢᠲᠡᠭᠡᠯ ᠠᠯᠳᠠᠭᠰᠠᠨ ᠠᠵᠢᠯᠯᠠᠭ᠎ᠠ ᠢ ᠬᠤᠯᠪᠤᠭᠠᠯᠠᠨ‌‍ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠡᠶᠢᠬᠡᠮ ᠤᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠵᠢᠯᠤᠭᠤᠳᠬᠤ ᠰᠠᠨᠠᠯ︾ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ ﹇2016﹈ 33 ᠳ᠋ᠤᠭᠠᠷ ᠪᠢᠴᠢᠭ ᠮᠠᠲ᠋ᠧᠷᠢᠶᠠᠯ᠂ ︽ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶ᠎ᠠ ᠶᠢᠨ ᠠᠷᠠᠳ ᠤᠨ ᠪᠠᠩᠬᠢ ᠶᠢᠨ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ ᠬᠦᠬᠢᠭᠦᠯᠬᠦ ᠪᠠ ᠢᠲᠡᠭᠡᠯ ᠠᠯᠳᠠᠭᠰᠠᠨ ᠠᠵᠢᠯᠯᠠᠭ᠎ᠠ ᠢ ᠬᠤᠯᠪᠤᠭᠠᠯᠠᠨ ᠭᠦᠢᠴᠡᠳᠬᠡᠬᠦ ᠪᠠᠶᠢᠭᠤᠯᠤᠮᠵᠢ ᠶᠢᠨ ᠰᠢᠢᠳᠬᠡᠭᠳᠡᠬᠦ ᠡᠲᠡᠭᠡᠳ ᠤᠨ ᠨᠡᠷᠡᠰ ᠤᠨ ᠳᠠᠩᠰᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠪᠠ ᠳᠦᠷᠢᠮᠵᠢᠭᠦᠯᠬᠦ ᠶᠢ ᠵᠢᠯᠤᠭᠤᠳᠬᠤ ᠰᠠᠨᠠᠯ︾  ︵ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶᠠᠨ ᠤ ᠡᠳ᠋ ᠤᠨ ᠵᠠᠰᠠᠭ ᠠᠵᠤ ᠠᠬᠤᠢ ᠶᠢᠨ ᠳᠦᠷᠢᠮ ﹇2017﹈ 1798 ᠳ᠋ᠤᠭᠠᠷ ᠪᠢᠴᠢᠭ ᠮᠠᠲ᠋ᠧᠷᠢᠶᠠᠯ︶᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ‌ᠢ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠡᠶᠢᠬᠡᠮ ᠤᠨ ᠢᠲᠡᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠦᠯᠲᠡ ᠶᠢᠨ ᠰᠠᠨᠠᠯ︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠠᠷᠬᠠᠭᠠᠭᠰᠠᠨ ﹇2017﹈ 27 ᠳ᠋ᠤᠭᠠᠷ ᠲᠤᠭᠠᠳᠤ ᠪᠢᠴᠢᠭ ᠮᠠᠲ᠋ᠧᠷᠢᠶᠠᠯ︶ ᠪᠠ ︽ᠣᠷᠳᠣᠰ ᠬᠤᠲᠠ ᠶᠢᠨ ᠵᠠᠰᠠᠭ ᠤᠨ ᠤᠷᠳᠤᠨ ᠤ ᠲᠠᠷᠬᠠᠭᠠᠭᠰᠠᠨ‌ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠢ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠡᠶᠢᠬᠡᠮ ᠤᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠤᠬᠠᠢ ᠲᠦᠰᠦᠯ ᠤᠨ ᠮᠡᠳᠡᠭᠳᠡᠯ︾ ︵ᠤᠷᠳᠣᠰ ᠬᠤᠲᠠ ᠶᠢᠨ ᠵᠠᠰᠠᠭ ᠤᠨ ᠤᠷᠳᠤᠨ ᠤ ᠲᠠᠷᠬᠠᠭᠠᠭᠰᠠᠨ ﹇2017﹈ 170 ᠳ᠋ᠤᠭᠠᠷ ᠲᠤᠭᠠᠳᠤ ᠪᠢᠴᠢᠭ ᠮᠠᠲ᠋ᠧᠷᠢᠶᠠᠯ︶ ᠢ ᠲᠤᠤᠱᠯᠠᠭᠤᠯᠵᠦ᠂ ᠮᠠᠨ ᠤ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠷᠬᠡ ᠲᠡᠭᠰᠢ ᠢᠲᠡᠭᠡᠮᠵᠢ ᠲᠠᠢ ᠵᠠᠬ᠎ᠠ ᠳᠡᠯᠭᠡᠭᠦᠷ ᠪᠠ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠤᠷᠴᠢᠨ ᠲᠤᠭᠤᠷᠢᠨ ᠢ ᠪᠦᠲᠦᠭᠡᠨ ᠪᠠᠶᠢᠭᠤᠯᠵᠤ᠂ ᠮᠠᠨ ᠤ ᠬᠤᠰᠢᠭᠤᠨ ᠳᠤ ᠪᠠᠨ ᠲᠤᠬᠢᠷᠠᠭᠤᠯᠤᠨ ᠲᠦᠰᠦᠯ ᠲᠤᠭᠲᠠᠭᠠᠨ᠎ᠠ᠃      ᠨᠢᠭᠡ᠂ ᠤᠳᠤᠷᠢᠳᠬᠤ ᠦᠵᠡᠯ ᠰᠠᠨᠠᠭ᠎ᠠ       ᠪᠦᠬᠦ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠲᠤ ᠦᠵᠡᠯ ᠰᠠᠨᠠᠭ᠎ᠠ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢ ᠶᠢᠨ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠨᠠᠮ ᠤᠨ ᠬᠤᠷᠠᠯ ᠪᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ ᠢᠲᠡᠭᠡᠮᠵᠢ ᠶᠢᠨ ᠰᠤᠷᠠᠭ ᠵᠠᠩᠭᠢ ᠶᠢ ᠢᠯᠡ ᠪᠤᠯᠭᠠᠬᠤ ᠪᠠ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠬᠤ ᠪᠠᠷ ᠰᠠᠭᠤᠷᠢ ᠪᠤᠯᠭᠠᠨ᠂ ᠰᠠᠯᠠᠭ᠎ᠠ ᠮᠦᠴᠢᠷ ᠢ ᠠᠯᠤᠰᠯᠠᠭᠰᠠᠨ᠂ ᠤᠷᠤᠨ ᠬᠦᠷᠢᠶ᠎ᠡ ᠶᠢ ᠠᠯᠤᠰᠯᠠᠭᠰᠠᠨ ᠬᠤᠯᠪᠤᠭᠠᠯᠠᠨ ᠵᠤᠷᠢᠭᠵᠢᠭᠤᠯᠬᠤ ᠪᠠ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠪᠠᠷ ᠵᠤᠷᠢᠯᠲᠠ ᠪᠠᠨ ᠪᠤᠯᠭᠠᠵᠣ᠂ ᠨᠡᠶᠢᠬᠡᠮ ᠨᠡᠶᠢᠲᠡ ᠶᠢᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠨᠡᠶᠢᠬᠡᠮ ᠤᠨ ᠬᠦᠴᠦᠨ ᠢ ᠠᠰᠢᠭᠯᠠᠨ ᠢᠲᠡᠭᠡᠯ ᠢ ᠵᠢᠷᠤᠮᠯᠠᠬᠤ ᠶᠢ ᠰᠠᠶᠢᠰᠢᠶᠠᠨ ᠵᠤᠷᠢᠭᠵᠢᠭᠤᠯᠵᠤ᠂ ᠢᠲᠡᠭᠡᠯ ᠠᠯᠳᠠᠭᠰᠠᠨ ᠢ ᠰᠢᠢᠳᠬᠡᠵᠦ᠂ ᠢᠲᠡᠭᠡᠯ ᠲᠠᠢ ᠬᠦᠮᠦᠨ ᠤ ᠵᠠᠮ ᠢ ᠰᠢᠭᠤᠳ ᠰᠢᠯᠣᠭᠤᠨ ᠪᠤᠯᠭᠠᠵᠤ᠂ ᠢᠲᠡᠭᠡᠯ ᠠᠯᠳᠠᠭᠰᠠᠳ ᠢ ᠭᠠᠵᠠᠷ ᠪᠤᠯᠭᠠᠨ ᠳᠤ ᠬᠢᠵᠠᠭᠠᠷᠯᠠᠵᠤ᠂ ᠠᠵᠤ ᠠᠬᠤᠢ ᠨᠡᠶᠢᠬᠡᠮ ᠤᠨ ᠵᠤᠬᠢᠴᠠᠯᠳᠤᠨ ᠬᠦᠭᠵᠢᠬᠦ ᠰᠠᠶᠢᠨ ᠰᠠᠶᠢᠬᠠᠨ ᠢᠲᠡᠭᠡᠮᠵᠢ ᠶᠢᠨ ᠤᠷᠴᠢᠨ ᠢ ᠪᠠᠶᠢᠭᠤᠯᠤᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠵᠤᠷᠢᠭᠵᠢᠭᠤᠯᠵᠤ᠂ ᠢᠲᠡᠭᠡᠯ ᠠᠯᠳᠠᠭᠰᠠᠨ ᠠᠵᠢᠯᠯᠠᠭ᠎ᠠ   ᠶᠢ ᠴᠢᠩᠭ᠎ᠠ ᠰᠢᠢᠳᠬᠡᠨ᠎ᠡ᠃ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠵᠤᠷᠢᠭᠵᠢᠭᠤᠯᠵᠤ᠂ ᠢᠲᠡᠭᠡᠯ‌ᠠᠯᠳᠠᠭᠰᠠᠨ ᠠᠵᠢᠯᠯᠠᠭ᠎ᠠ ᠢ ᠴᠢᠩᠭ᠎ᠠ ᠰᠢᠢᠳᠬᠡᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠪᠠᠷ ᠳᠠᠮᠵᠢᠨ᠂ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠵᠤᠷᠢᠭᠵᠢᠭᠤᠯᠵᠤ᠂ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠳᠤ ᠰᠢᠢᠳᠬᠡᠬᠦ ᠠᠷᠭ᠎ᠠ ᠪᠠᠷᠢᠯ ᠢ ᠠᠪᠴᠤ᠂ ᠢᠲᠡᠭᠡᠯ ᠢ ᠵᠢᠷᠤᠮᠯᠠᠭᠰᠠᠳ ᠲᠤ ᠠᠰᠢᠭ ᠬᠦᠷᠲᠡᠭᠡᠵᠦ᠂ ᠢᠲᠡᠭᠡᠯ ᠢᠶᠠᠨ ᠠᠯᠳᠠᠭᠰᠠᠳ ᠢ ᠠᠯᠬᠤᠮ ᠪᠦᠷᠢ ᠳᠤ ᠬᠠᠷᠰᠢ ᠰᠠᠭᠠᠳ ᠤᠴᠠᠷᠠᠭᠤᠯᠤᠨ᠎ᠠ᠃      ︵ᠬᠤᠶᠠᠷ︶ ᠬᠠᠤᠯᠢ ᠲᠤᠭᠲᠠᠭᠠᠯ ᠶᠤᠰᠤᠭᠠᠷ ᠪᠠᠶᠢᠭᠤᠯᠤᠮᠵᠢ ᠪᠠᠨ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠪᠠ ᠳᠦᠷᠢᠮ ᠲᠤᠭᠲᠠᠭᠠᠯ᠂ ᠲᠦᠷᠥ ᠶᠢᠨ ᠪᠣᠳᠣᠯᠭ᠎ᠠ ᠶᠢᠨ ᠶᠤᠰᠤᠭᠠᠷ᠂ ᠢᠲᠡᠭᠡᠯ ᠢ ᠵᠢᠷᠤᠮᠯᠠᠬᠤ ᠪᠠ ᠢᠲᠡᠭᠡᠯ ᠠᠯᠳᠠᠭᠰᠠᠨ ᠠᠵᠢᠯᠯᠠᠭᠠᠨ ᠳᠤ ᠪᠤᠰᠤᠳᠴᠢ ᠪᠠᠷ ᠲᠡᠮᠲᠡᠭᠯᠡᠯ ᠬᠢᠵᠦ᠂ ᠢᠲᠡᠭᠡᠮᠵᠢ ᠶᠢ ᠰᠡᠷᠭᠦᠭᠡᠬᠦ᠂ ᠤᠨᠳᠤᠤ ᠰᠠᠨᠠᠯ ᠤᠨ ᠭᠤᠮᠤᠳᠠᠯ ᠲᠣᠭᠠᠴᠬᠤ ᠵᠡᠷᠭᠡ ᠪᠠᠶᠢᠭᠤᠯᠤᠮᠵᠢ ᠶᠢ ᠲᠡᠭᠦᠯᠳᠡᠷᠵᠢᠭᠦᠯᠵᠦ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ ᠂ ᠢᠲᠡᠭᠡᠯ ᠢ ᠵᠢᠷᠤᠮᠯᠠᠭᠰᠠᠨ ᠠᠵᠢᠯᠯᠠᠭ᠎ᠠ ᠢ ᠰᠠᠶᠢᠰᠢᠶᠠᠨ ᠵᠤᠷᠢᠭᠵᠢᠭᠤᠯᠵᠤ᠂ ᠢᠲᠡᠭᠡᠯ ᠠᠯᠳᠠᠭᠰᠠᠨ‌ᠠᠵᠢᠯᠯᠠᠭ᠎ᠠ ᠢ ᠰᠢᠢᠳᠬᠡᠬᠦ ᠬᠤᠯᠪᠤᠭᠠᠯᠠᠯ ᠢ ᠲᠤᠭᠲᠠᠭᠤᠨ ᠢᠶᠠᠷ ᠲᠦᠯᠬᠢᠨ ᠠᠬᠢᠭᠤᠯᠤᠨ᠎ᠠ᠃      ︵ᠭᠤᠷᠪᠠ︶ ᠨᠢᠭᠡᠳᠦᠯᠲᠡᠢ ᠲᠦᠯᠦᠪᠯᠡᠨ ᠠᠬᠢᠭᠤᠯᠵᠤ᠂ ᠬᠡᠷᠡᠭᠯᠡᠯᠲᠡ ᠪᠠᠨ ᠴᠢᠩᠭᠠᠳᠬᠠᠨ᠎ᠠ᠃ ᠠᠷᠠᠳ ᠤᠯᠠᠨ ᠤ ᠲᠤᠰᠬᠠᠯ ᠢᠶᠠᠷ ᠴᠢᠩᠭ᠎ᠠ᠂ ᠠᠵᠤ ᠠᠬᠤᠢ ᠨᠡᠶᠢᠬᠡᠮ ᠤᠨ ᠬᠦᠭᠵᠢᠯᠲᠡ ᠳᠤ ᠬᠦᠨᠳᠦ ᠴᠢᠬᠤᠯᠠ ᠨᠠᠵᠠᠭᠠᠢ ᠨᠦᠯᠦᠭᠡ ᠶᠢ ᠠᠪᠴᠢᠷᠠᠭᠰᠠᠨ ᠴᠢᠬᠤᠯᠠ ᠴᠠᠷ᠎ᠠ ᠬᠦᠷᠢᠶᠠᠨ ᠠᠴᠠ ᠡᠬᠢᠯᠡᠨ ᠭᠠᠷ ᠳᠦᠷᠢᠵᠦ᠂ ᠢᠲᠡᠭᠡᠮᠵᠢ ᠶᠢᠨ ᠰᠤᠷᠠᠭ ᠵᠠᠩᠭᠢ ᠶᠢᠨ ᠢᠯᠡ ᠪᠤᠯᠭᠠᠬᠤ ᠪᠠ ᠬᠠᠮᠲᠤ ᠪᠠᠷ ᠡᠳ᠋ᠯᠡᠬᠦ ᠪᠠᠷ ᠳᠠᠮᠵᠢᠨ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠠᠵᠢᠯ ᠮᠡᠷᠭᠡᠵᠢᠯ ᠤᠨ ᠵᠤᠬᠢᠶᠠᠨ ᠪᠠᠶᠢᠭᠤᠯᠤᠯᠲᠠ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠬᠡᠮ ᠤᠨ ᠡᠯ᠎ᠡ ᠡᠲᠡᠭᠡᠳ ᠤᠨ ᠢᠲᠡᠭᠡᠮᠵᠢ ᠶᠢᠨ ᠰᠤᠷᠠᠭ ᠵᠠᠩᠭᠢ ᠶᠢᠨ ᠦᠷᠭᠡᠨ ᠢᠶᠠᠷ ᠬᠡᠷᠡᠭᠯᠡᠬᠦ ᠬᠤᠯᠪᠤᠭᠠᠨ ᠤ ᠪᠠᠶᠢᠳᠠᠯ ᠢ ᠪᠤᠢ ᠪᠣᠯᠭᠠᠵᠣ᠂ ᠰᠠᠯᠠᠭ᠎ᠠ ᠮᠦᠴᠢᠷ ᠠᠯᠤᠰᠯᠠᠭᠰᠠᠨ᠂ ᠤᠷᠤᠨ ᠬᠡᠪᠴᠢᠶ᠎ᠡ ᠠᠯᠤᠰᠯᠠᠭᠰᠠᠨ ᠬᠤᠯᠪᠤᠭᠠᠯᠠᠨ ᠵᠤᠷᠢᠭᠵᠢᠭᠤᠯᠬᠤ ᠪᠠ ᠰᠢᠢᠳᠬᠡᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠤᠨ᠎ᠠ᠃      ᠭᠤᠷᠪᠠ᠂ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠰᠠᠶᠢᠰᠢᠶᠠᠬᠤ ᠪᠠ ᠵᠤᠷᠢᠭᠵᠢᠭᠤᠯᠬᠤ ᠪᠠᠶᠢᠭᠤᠯᠤᠮᠵᠢ ᠶᠢ ᠪᠠᠶᠢᠭᠤᠯᠤᠨ᠎ᠠ       ︵ᠨᠢᠭᠡ︶ ᠤᠯᠠᠨ ᠠᠷᠭ᠎ᠠ ᠵᠠᠮ ᠢᠶᠠᠷ ᠢᠲᠡᠭᠡᠮᠵᠢᠲᠡᠢ ᠵᠢᠱᠢᠶᠡᠴᠢ ᠶᠢ ᠰᠤᠩᠭᠤᠨ᠎ᠠ᠃ ᠬᠠᠤᠯᠢ ᠴᠠᠭᠠᠵᠠ ᠪᠠ ᠬᠠᠮᠢᠶ᠎ᠠ ᠪᠦᠬᠦᠢ ᠳᠦᠷᠢᠮ ᠲᠤᠭᠲᠠᠭᠠᠯ ᠢ ᠦᠨᠳᠦᠰᠦᠯᠡᠨ᠂ ᠪᠦᠷᠢᠨ ᠲᠡᠭᠦᠯᠳᠡᠷ ᠢᠲᠡᠭᠡᠮᠵᠢ ᠶᠢᠨ ︽ᠢᠷᠠᠭᠤ ᠠᠯᠳᠠᠷ ᠤᠨ ᠳᠠᠩᠰᠠ︾ ᠤᠨ ᠪᠠᠶᠢᠭᠤᠯᠤᠯ ᠢ ᠪᠠᠶᠢᠭᠤᠯᠵᠤ᠂ ᠡᠯ᠎ᠡ ᠠᠵᠢᠯ ᠮᠡᠷᠭᠡᠵᠢᠯ ᠤᠨ ᠡᠷᠭᠦᠨ ᠲᠠᠨᠢᠯᠴᠠᠭᠤᠯᠤᠭᠰᠠᠨ ᠢᠲᠡᠭᠡᠯ ᠢ ᠵᠢᠷᠤᠮᠯᠠᠭᠰᠠᠨ ᠵᠢᠱᠢᠶ᠎ᠡ ᠶᠢ ︽ᠢᠷᠠᠭᠤ ᠠᠯᠳᠠᠷ ᠤᠨ ᠳᠠᠩᠰᠠ︾ ᠳᠤ ᠵᠢᠭᠰᠠᠭᠠᠵᠤ᠂ ᠢᠲᠡᠭᠡᠮᠵᠢᠲᠡᠢ ᠬᠦᠮᠦᠰ ᠲᠤ ᠬᠦᠬᠢᠭᠦᠯᠦᠯ ᠪᠠ ᠵᠤᠷᠢᠭᠵᠢᠭᠤᠯᠤᠯ ᠢ ᠤᠯᠭᠤᠵᠤ᠂ ᠳᠦᠭᠦᠮ ᠲᠦᠳᠡ ᠪᠠ ᠠᠰᠢᠭ ᠢ ᠠᠪᠴᠢᠷᠠᠨ᠎ᠠ᠃ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ ᠮᠦᠴᠢᠷ ᠡᠷᠬᠡᠪᠰᠢ ᠢᠳᠡᠪᠬᠢᠲᠡᠢ ᠪᠠᠷ ᠢᠲᠡᠭᠡᠮᠵᠢᠲᠦ ᠠᠵᠤ ᠠᠬᠤᠶᠢᠯᠠᠯ᠂ ᠢᠲᠡᠭᠡᠮᠵᠢᠲᠤ ᠪᠠᠶᠢᠭᠤᠯᠭ᠎ᠠ ᠵᠡᠷᠭᠡ ᠡᠯ᠎ᠡ ᠵᠦᠢᠯ ᠤᠨ ᠢᠲᠡᠭᠡᠮᠵᠢ ᠶᠢᠨ ᠵᠢᠱᠢᠶᠡᠴᠢ ᠪᠡᠶᠡᠴᠢ ᠴᠤᠭᠴᠠ ᠶᠢᠨ ᠬᠦᠳᠡᠯᠭᠡᠭᠡᠨ ᠢ ᠶᠠᠪᠤᠭᠳᠠᠭᠤᠯᠵᠤ᠂ ᠢᠲᠡᠭᠡᠮᠵᠢ ᠶᠢᠨ ᠵᠢᠱᠢᠶᠡᠴᠢ ᠶᠢ ᠦᠷᠭᠡᠨ ᠢᠶᠠᠷ ᠪᠤᠢ ᠪᠣᠯᠭᠠᠨ᠎ᠠ᠃ ᠡᠯ᠎ᠡ ᠰᠠᠯᠠᠭ᠎ᠠ ᠮᠦᠴᠢᠷ ᠲᠤᠰ ᠠᠵᠢᠯ ᠲᠦᠷᠦᠯ ᠤᠨ ᠴᠠᠷ᠎ᠠ ᠬᠦᠷᠢᠶᠠᠨ ᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡᠨ ᠳᠤ ᠪᠠᠨ ᠵᠤᠬᠢᠴᠠᠭᠤᠯᠵᠤ᠂ ᠠᠵᠢᠯ ᠲᠦᠷᠦᠯ ᠤᠨ ᠢᠲᠡᠭᠡᠮᠵᠢ ᠶᠢᠨ ᠲᠦᠷᠦᠯ ᠵᠦᠢᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠢᠲᠡᠭᠡᠮᠵᠢ ᠶᠢᠨ ᠲᠡᠰ ᠬᠤᠪᠢᠶᠠᠷᠢᠯᠠᠯ᠂ ᠲᠦᠷᠦᠯ ᠬᠤᠪᠢᠶᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠨᠡᠶᠢᠬᠡᠮ ᠨᠡᠶᠢᠲᠡ ᠳᠤ ᠬᠡᠪ ᠤᠨ ᠪᠤᠰᠤ ᠢᠲᠡᠭᠡᠮᠵᠢ ᠶᠢᠨ ᠲᠡᠮᠲᠡᠭᠯᠡᠯ ᠲᠠᠢ ᠬᠦᠮᠦᠨ ᠪᠤᠶᠤ ᠢᠲᠡᠭᠡᠯ ᠢ ᠵᠢᠷᠤᠮᠯᠠᠬᠤ ᠵᠢᠱᠢᠶᠡᠴᠢ ᠶᠢ ᠲᠠᠨᠢᠯᠴᠠᠭᠤᠯᠵᠤ᠂ ᠪᠤᠰᠤᠳ ᠰᠠᠯᠠᠭ᠎ᠠ ᠮᠦᠴᠢᠷ ᠪᠠ ᠨᠡᠶᠢᠬᠡᠮ ᠤᠨ ᠵᠤᠬᠢᠶᠠᠨ ᠪᠠᠶᠢᠭᠤᠯᠤᠯᠳ᠋ᠨ ᠲᠠᠢ ᠬᠤᠯᠪᠤᠭᠠᠯᠠᠨ ᠢᠲᠡᠭᠡᠯ ᠢ ᠵᠢᠷᠤᠮᠯᠠᠬᠤ ᠶᠢ ᠵᠤᠷᠢᠭᠵᠢᠭᠤᠯᠤᠨ᠎ᠠ᠃ ᠡᠯ᠎ᠡ ᠰᠤᠨᠢᠨ ᠮᠡᠳᠡᠭᠡ ᠵᠠᠭᠤᠴᠢᠯᠠᠭᠤᠷ ᠡᠯ᠎ᠡ ᠵᠦᠢᠯ ᠤᠨ ᠢᠲᠡᠭᠡᠯ ᠢ ᠵᠢᠷᠤᠮᠯᠠᠭᠰᠠᠨ ᠦᠯᠢᠭᠡᠷ ᠵᠢᠱᠢᠶ᠎ᠡ ᠶᠢᠨ ᠲᠤᠬᠠᠢ ᠤᠬᠠᠭᠤᠯᠭ᠎ᠠ ᠪᠠᠨ ᠴᠢᠩᠭᠠᠳᠬᠠᠨ᠎ᠠ᠃ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ ᠮᠦᠴᠢᠷ ᠪᠠ ᠨᠡᠶᠢᠬᠡᠮ ᠤᠨ ᠵᠤᠬᠢᠶᠠᠨ ᠪᠠᠶᠢᠭᠤᠯᠤᠯᠲᠠ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠡᠪᠴᠠᠩ ᠪᠠ ︽ᠳᠠᠯᠠᠳ ᠬᠤᠰᠢᠭᠤᠨ ᠤ ᠢᠲᠡᠭᠡᠮᠵᠢ ᠶᠢᠨ ᠲᠣᠣᠷ︾ ᠰᠦᠯᠵᠢᠶ᠎ᠡ ᠶᠢ ᠲᠦᠰᠢᠭᠯᠡᠨ᠂ ᠢᠲᠡᠭᠡᠮᠵᠢ ᠶᠢᠨ ᠲᠤᠬᠠᠢ ᠰᠤᠷᠠᠭ ᠵᠠᠩᠭᠢ ᠶᠢ ᠢᠳᠡᠪᠬᠢᠲᠡᠢ ᠮᠡᠳᠡᠭᠦᠯᠵᠦ᠂ ᠨᠡᠩ ᠶᠡᠭᠡ ᠬᠦᠷᠢᠶ᠎ᠡ ᠬᠡᠪᠴᠢᠶᠠᠨ ᠤ ᠢᠲᠡᠭᠡᠯ ᠢ ᠵᠢᠷᠤᠮᠯᠠᠬᠤ ᠪᠡᠶᠡᠴᠢ ᠴᠤᠭᠴᠠ ᠶᠢᠨ ᠬᠤᠯᠪᠤᠭᠠᠯᠠᠨ ᠵᠤᠷᠢᠭᠵᠢᠭᠤᠯᠬᠤ ᠵᠤᠬᠢᠴᠠᠮᠵᠢ ᠶᠢ ᠪᠠᠶᠢᠭᠤᠯᠤᠨ᠎ᠠ᠃ ᠡᠯ᠎ᠡ ᠪᠠᠶᠢᠭᠤᠯᠭ᠎ᠠ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠵᠤ ᠠᠬᠤᠶᠢᠯᠠᠯ ᠢ ᠬᠦᠲᠦᠯᠦᠨ᠂ ᠬᠦᠳᠡᠯᠦᠩᠭᠦᠢ ᠪᠠᠷ ᠶᠡᠷᠦᠩᠬᠡᠶᠢᠯᠡᠭᠰᠡᠨ ᠢᠳᠡᠭᠡᠮᠵᠢ ᠶᠢᠨ ᠪᠠᠲᠤᠯᠠᠭ᠎ᠠ ᠪᠠ ᠲᠠᠸᠠᠷ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠵᠡᠷᠭᠡ ᠲᠤᠰᠬᠠᠢ ᠠᠮᠠᠯᠠᠯᠲᠠ᠂ ᠲᠤᠰ ᠪᠡᠶ᠎ᠡ ᠶᠢᠨ ᠢᠯᠡᠷᠬᠡᠶᠢᠯᠡᠯᠲᠡ ᠶᠢ ᠬᠢᠵᠦ᠂ ᠲᠠᠸᠠᠷ ᠤᠨ ᠦᠢᠯᠡᠴᠢᠯᠡᠭᠡᠨ ᠤ ᠪᠠᠷᠢᠮᠵᠢᠶ᠎ᠠ ᠪᠠᠨ ᠨᠡᠶᠢᠲᠡᠯᠡᠵᠦ᠂ ᠨᠡᠶᠢᠬᠡᠮ ᠨᠡᠶᠢᠲᠠ ᠶᠢᠨ ᠬᠢᠨᠠᠯᠲᠠ ᠶᠢ ᠬᠦᠯᠢᠶᠠᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠳᠠᠭᠤᠷᠢᠶᠠᠯ ᠢ ᠲᠡᠮᠡᠴᠡᠨ ᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠪᠠ ᠤᠬᠠᠭᠤᠯᠬᠤ ᠬᠡᠯᠲᠡᠰ ᠢᠶᠠᠷ ᠲᠤᠯᠤᠭᠠᠶᠢᠯᠠᠭᠤᠯᠵᠤ᠂ ᠬᠦᠮᠦᠨ ᠤ ᠡᠬᠢ ᠪᠠᠶᠠᠯᠢᠭ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ ᠤᠰᠤᠨ ᠤ ᠶᠠᠪᠤᠳᠠᠯ ᠤᠨ ᠲᠤᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠠᠤᠯᠢ ᠬᠡᠷᠡᠭᠵᠢᠭᠦᠯᠬᠦ ᠲᠤᠪᠴᠢᠶ᠎ᠠ᠂ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠡᠪᠯᠡᠯ ᠤᠨ ᠬᠤᠷᠢᠶ᠎ᠠ᠂ ᠰᠢᠤᠳᠠᠨ ᠲᠤᠪᠴᠢᠶ᠎ᠠ ᠬᠠᠷᠢᠭᠤᠴᠠᠨ᠎ᠠ︶        ︵ᠬᠤᠶᠠᠷ︶ ᠵᠠᠰᠠᠭ ᠵᠠᠬᠢᠷᠭᠠᠨ ᠤ ᠵᠦᠪᠰᠢᠶᠡᠷᠡᠯ ᠤᠨ ︽ᠰᠠᠭᠠᠳ ᠦᠭᠡᠢ ᠨᠡᠪᠲᠡᠷᠡᠬᠦ ᠵᠠᠮ︾ ᠪᠠ ︽ᠲᠤᠲᠠᠭᠳᠠᠯ ᠢ ᠪᠠᠭᠲᠠᠭᠠᠨ ᠬᠦᠯᠢᠶᠡᠨ ᠠᠪᠬᠤ︾ ᠠᠷᠭ᠎ᠠ ᠵᠠᠮ ᠢ ᠰᠦᠪᠡᠭᠴᠢᠯᠡᠨ ᠨᠡᠭᠡᠭᠡᠨ᠎ᠡ᠃ ᠬᠤᠰᠢᠭᠤᠨ ᠤ ᠡᠯ᠎ᠡ ᠰᠠᠯᠠᠭ᠎ᠠ ᠮᠦᠴᠢᠷ ᠡᠷᠬᠡᠪᠡᠰᠢ ᠤᠯᠤᠰ ᠠᠴᠠ ᠭᠠᠷ ᠤᠨ ᠦᠰᠦᠭ ᠵᠢᠷᠤᠵᠤ ᠵᠦᠪᠰᠢᠶᠡᠷᠡᠭᠰᠡᠨ ᠢᠲᠡᠭᠡᠮᠵᠢ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠲᠤᠬᠠᠢ ᠰᠠᠨᠠᠭᠤᠯᠤᠮᠵᠢ ᠶᠢ ᠪᠦᠲᠦᠭᠡᠨ ᠪᠠᠶᠢᠭᠤᠯᠵᠤ᠂ ︽ᠦᠪᠡᠷᠲᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠢᠲᠡᠭᠡᠯ ᠢ ᠵᠢᠷᠤᠮᠯᠠᠬᠤ ᠶᠢ ᠬᠤᠯᠪᠤᠭᠠᠯᠠᠨ ᠵᠤᠷᠢᠭᠵᠢᠭᠤᠯᠬᠤ ᠬᠡᠷᠡᠭᠵᠢᠭᠦᠯᠬᠦ ᠠᠷᠭ᠎ᠠ ︵ᠲᠤᠷᠰᠢᠨ‌‍ᠬᠡᠷᠡᠭᠯᠡᠬᠦ︶︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠬᠡᠮ ᠤᠨ ᠮᠡᠳᠡᠭᠡ ᠵᠠᠩᠭᠢ ᠶᠢᠨ ᠠᠯᠪᠠᠨ ᠭᠡᠷ ﹇2016﹈ 11 ᠳ᠋ᠦ᠋ᠭᠡᠷ ᠨᠤᠮᠧᠷᠲᠤ ᠪᠢᠴᠢᠭ ᠮᠠᠲ᠋ᠧᠷᠢᠶᠠᠯ︶᠂ ᠦᠨᠡᠨᠴᠢ ᠢᠲᠡᠭᠡᠮᠵᠢ ᠶᠢᠨ ᠵᠢᠱᠢᠶ᠎ᠡ ᠳᠠᠭᠤᠷᠢᠶᠠᠯ ᠳᠤ ︽ᠰᠠᠭᠠᠳ ᠦᠭᠡᠢ ᠨᠡᠪᠲᠡᠷᠡᠬᠦ ᠵᠠᠮ︾ ᠵᠡᠷᠬᠡ ᠵᠤᠷᠢᠭᠵᠢᠭᠤᠯᠤᠨ ᠳᠡᠮᠵᠢᠬᠦ ᠠᠷᠭ᠎ᠠ ᠪᠠᠷᠢᠯ ᠢ ᠠᠪᠴᠤ᠂ ᠠᠳᠠᠯᠢᠬᠠᠨ ᠨᠦᠬᠦᠴᠡᠯ ᠳᠣᠣᠷ᠎ᠠ ᠤᠷᠢᠳᠠᠪᠠᠷ ᠰᠢᠢᠳᠪᠦᠷᠢᠯᠡᠬᠦ᠂ ᠶᠠᠪᠤᠴᠠ ᠶᠢ ᠳᠦᠭᠦᠮᠴᠢᠯᠡᠬᠦ ᠵᠡᠷᠭᠡ ᠵᠤᠷᠢᠭᠵᠢᠭᠤᠯᠤᠯ ᠤᠨ ᠲᠦᠷᠥ ᠶᠢᠨ ᠪᠣᠳᠣᠯᠭ᠎ᠠ ᠶᠢ ᠠᠪᠤᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ᠂ ᠬᠢᠷᠢ ᠬᠡᠮ ᠢ ᠮᠠᠭᠠᠳᠯᠠᠨ ᠲᠤᠭᠲᠠᠭᠠᠬᠤ ᠵᠡᠷᠭᠡ ᠶᠠᠪᠦᠴᠠ ᠳᠣᠮᠳᠠ ᠦᠨᠡᠨᠴᠢ ᠢᠲᠡᠭᠡᠮᠵᠢ ᠶᠢᠨ ᠵᠢᠱᠢᠶᠡᠴᠢ ᠪᠤᠶᠤ ᠵᠠᠯᠭᠠᠭ᠎ᠠ ᠪᠠᠷ ᠭᠤᠷᠪᠠᠨ ᠵᠢᠯ ᠬᠡᠪ ᠤᠨ ᠪᠤᠰᠤ ᠢᠲᠡᠭᠡᠮᠵᠢ ᠶᠢᠨ ᠲᠡᠮᠲᠡᠭᠯᠡᠯ ᠤᠨ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠳᠤ ᠪᠠᠶᠢᠳᠠᠯ ᠢ ᠦᠨᠳᠦᠰᠦᠯᠡᠨ ︽ᠰᠠᠭᠠᠳ ᠦᠭᠡᠢ ᠨᠡᠪᠲᠡᠷᠡᠬᠦ ᠵᠠᠮ︾ ︽ᠲᠤᠲᠠᠭᠳᠠᠯ ᠢ ᠪᠠᠭᠲᠠᠭᠠᠨ ᠬᠦᠯᠢᠶᠡᠨ ᠠᠪᠬᠤ︾ ᠵᠡᠷᠭᠡ ᠳᠦᠭᠦᠮ ᠲᠦᠳᠡ ᠦᠢᠯᠡᠴᠢᠯᠡᠭᠡᠨ ᠤ ᠠᠷᠭ᠎ᠠ ᠪᠠᠷᠢᠯ ᠢ ᠠᠪᠤᠨ᠎ᠠ᠃ ᠲᠤᠬᠠᠶᠢᠯᠠᠭᠰᠠᠨ ᠠᠵᠢᠯ ᠢ ᠰᠢᠢᠳᠪᠦᠷᠢᠯᠡᠵᠤ ᠪᠠᠶᠢᠬᠤ ᠬᠤᠭᠤᠴᠠᠭᠠᠨ ᠳᠤ ᠢᠲᠡᠭᠡᠮᠵᠢᠲᠡᠢ ᠠᠵᠤ ᠠᠬᠤᠶᠢᠯᠠᠯ ᠳᠤ ᠤᠷᠢᠳᠴᠢᠯᠠᠨ ᠰᠢᠢᠳᠪᠦᠷᠢᠯᠡᠬᠦ᠂ ᠲᠦᠷᠭᠡᠨ ᠦᠢᠯᠡᠴᠢᠯᠡᠭᠡ ᠵᠡᠷᠭᠡ ᠶᠢ ᠬᠠᠩᠭᠠᠨ᠎ᠠ︔ ᠡᠳ᠋ ᠤᠨ ᠵᠠᠰᠠᠭ ᠤᠨ ᠳᠡᠳᠬᠦᠪᠦᠷᠢ ᠶᠢᠨ ᠲᠥᠷᠥ ᠶᠢᠨ ᠪᠣᠳᠣᠯᠭ᠎ᠠ ᠶᠢ ᠶᠠᠪᠤᠭᠳᠠᠭᠤᠯᠵᠤ ᠪᠠᠶᠢᠭ᠎ᠠ ᠬᠤᠭᠤᠴᠠᠭᠠᠨ ᠳᠤ ᠢᠲᠡᠭᠡᠮᠵᠢᠲᠠᠢ ᠠᠵᠤ ᠠᠬᠤᠶᠢᠯᠠᠯ ᠢ ᠤᠷᠢᠳᠠᠪᠠᠷ ᠪᠤᠳᠤᠯᠬᠢᠯᠠᠨ᠂ ᠨᠦᠬᠦᠴᠡᠯ ᠳᠤ ᠨᠡᠶᠢᠴᠡᠬᠦ ᠠᠵᠤ ᠠᠬᠤᠶᠢᠯᠠᠯ ᠢ ᠬᠠᠤᠯᠢ ᠴᠠᠭᠠᠵᠠ ᠶᠢᠨ ᠵᠠᠪᠠᠯ ᠱᠠᠭᠠᠷᠳᠠᠬᠤ ᠮᠠᠲ᠋ᠧᠷᠢᠶᠠᠯ ᠠᠴᠠ ᠭᠠᠳᠠᠨ᠎ᠠ ᠪᠣᠰᠣᠳ ᠮᠠᠲ᠋ᠧᠷᠢᠶᠠᠯ ᠲᠤᠲᠠᠭᠤ ᠪᠠᠶᠢᠳᠠᠯ ᠳᠣᠣᠷ᠎ᠠ ᠪᠢᠴᠢᠭ ᠤᠨ ᠬᠡᠯᠪᠡᠷᠢ ᠪᠠᠷ ᠠᠮᠠᠯᠠᠯᠲᠠ ᠪᠢᠴᠢᠭᠦᠯᠦᠭᠡᠳ ᠲᠤᠭᠲᠠᠭᠰᠠᠨ ᠬᠤᠭᠤᠴᠠᠭᠠᠨ ᠳᠤ ᠪᠠᠨ‌ᠬᠠᠩᠭᠠᠪᠠᠯ ᠤᠷᠢᠳᠠᠪᠠᠷ ᠬᠦᠯᠢᠶᠡᠨ ᠠᠪᠴᠤ ᠲᠦᠷᠭᠡᠨ ᠰᠢᠢᠳᠪᠦᠷᠢᠯᠡᠵᠦ ᠪᠤᠯᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠵᠠᠬ᠎ᠠ ᠳᠡᠯᠭᠡᠭᠦᠷ ‍ᠦᠨ‌‍ᠬᠢᠨᠠᠯᠲᠠ  ᠬᠠᠮᠢᠶᠠᠷᠤᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠤᠰᠤᠨ ᠤ ᠶᠠᠪᠦᠳᠠᠯ ᠤᠨ ᠲᠤᠪᠴᠢᠶ᠎ᠠ ᠂ ᠵᠠᠮ ᠬᠠᠷᠢᠯᠴᠠᠭᠠᠨ ᠤ ᠲᠤᠪᠴᠢᠶ᠎ᠠ᠂ ᠤᠯᠤᠰ ᠤᠨ ᠨᠤᠲᠤᠭ ᠳᠡᠪᠢᠰᠬᠡᠷ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠲᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠠᠴᠠ ᠬᠠᠷᠢᠭᠤᠴᠠᠨ᠎ᠠ︶          ︵ᠭᠤᠷᠪᠠ︶ ᠣᠯᠠᠨ ᠨᠡᠶᠢᠲᠠ ᠶᠢᠨ ᠦᠢᠯᠡᠴᠢᠯᠡᠭᠡ ᠶᠢ ᠤᠷᠢᠳᠠᠪᠠᠷ ᠬᠠᠩᠭᠠᠨ᠎ᠠ᠃ ᠡᠯ᠎ᠡ ᠪᠠᠶᠢᠭᠤᠯᠭ᠎ᠠ ᠨᠢᠭᠡᠴᠢ᠂ ᠡᠯ᠎ᠡ ᠰᠠᠯᠠᠭ᠎ᠠ ᠮᠦᠴᠢᠷ ᠡᠷᠬᠡᠪᠰᠢ ᠨᠠᠷᠢᠨ ᠬᠢᠨᠠᠮᠠᠭᠠᠢ ᠪᠠᠷ ︽ᠳᠠᠯᠠᠳ ᠬᠤᠰᠢᠭᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠤᠨ ᠳᠤᠮᠳᠠ ᠢᠲᠡᠭᠡᠮᠵᠢ ᠶᠢᠨ ᠲᠡᠮᠲᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠶᠢᠨ ᠬᠡᠷᠡᠭᠵᠢᠭᠦᠯᠦᠯᠲᠡ ᠶᠢᠨ ᠲᠦᠰᠦᠯ︾ ︵ᠳᠠᠯᠠᠳ ᠬᠤᠰᠢᠭᠤᠨ ᠤ ᠵᠠᠰᠠᠭ ᠤᠨ ᠤᠷᠳᠤᠨ ᠤ ᠲᠠᠷᠬᠠᠭᠠᠭᠰᠠᠨ ﹇2017﹈ 73 ᠳ᠋ᠤᠭᠠᠷ ᠪᠢᠴᠢᠭ ᠮᠠᠲ᠋ᠧᠷᠢᠶᠠᠯ︶᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠤᠨ ᠳᠤᠮᠳᠠ ᠢᠲᠡᠭᠡᠮᠵᠢ ᠶᠢᠨ ᠲᠡᠮᠲᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠬᠤ ᠪᠠ ᠠᠰᠢᠭᠯᠠᠬᠤ ᠠᠵᠢᠯ ᠤᠨ ᠲᠤᠭᠲᠠᠮᠵᠢ ᠶᠢ ᠪᠠᠶᠢᠭᠤᠯᠤᠨ᠎ᠠ  ᠃ ᠤᠯᠠᠨ ᠨᠡᠶᠢᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠪᠠᠶᠢᠴᠠᠭᠠᠯᠲᠠ ᠶᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠠᠪᠤᠴᠠ ᠳᠤᠮᠳᠠ ᠤᠷᠤᠭᠤᠯᠤᠨ᠎ᠠ᠂ ᠬᠡᠷᠡᠭᠵᠢᠭᠦᠯᠦᠯᠲᠡ ᠶᠢᠨ ᠴᠢᠨᠠᠷᠲᠠᠢ ᠡᠳ᠋ ᠤᠨ ᠵᠠᠰᠠᠭ ᠤᠨ ᠪᠡᠯᠡ ᠮᠦᠩᠭᠦ ᠶᠢᠨ ᠲᠦᠷᠦᠯ ᠵᠦᠢᠯ ᠤᠨ ᠲᠤᠬᠢᠷᠠᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠬᠠᠪᠰᠤᠷᠭᠠᠭᠰᠠᠨ ᠠᠰᠢᠭᠲᠤ ᠲᠥᠷᠥ ᠶᠢᠨ ᠪᠤᠳᠣᠯᠭ᠎ᠠ ᠶᠢ ᠲᠤᠭᠲᠠᠭᠠᠬᠤ ᠵᠡᠷᠭᠡ ᠡᠯ᠎ᠡ ᠲᠦᠷᠦᠯ ᠤᠨ ᠵᠠᠰᠠᠭ ᠤᠨ ᠤᠷᠳᠤᠨ ᠤ ᠠᠰᠢᠭᠲᠤ ᠲᠦᠷᠥ ᠶᠢᠨ ᠪᠤᠳᠣᠯᠭ᠎ᠠ ᠳᠤᠮᠳᠠ ᠤᠷᠢᠳᠠᠪᠠᠷ ᠦᠨᠡᠨᠴᠢ ᠢᠲᠡᠭᠡᠮᠵᠢᠲᠡᠢ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢ ᠪᠤᠳᠤᠯᠬᠢᠯᠠᠨ᠂ ᠳᠡᠮᠵᠢᠯᠭᠡ ᠶᠢᠨ ᠬᠦᠴᠦᠯᠡᠴᠡ ᠪᠠᠨ ᠶᠡᠬᠡᠰᠬᠡᠨ᠂ ᠰᠤᠷᠭᠠᠨ ᠬᠦᠮᠦᠵᠢᠯ᠂ ᠦᠢᠯᠡᠰ ᠪᠤᠰᠬᠠᠬᠤ᠂ ᠨᠡᠶᠢᠬᠡᠮ ᠤᠨ ᠪᠠᠲᠤᠯᠠᠭ᠎ᠠ ᠵᠡᠷᠭᠡ ᠴᠠᠷ᠎ᠠ ᠬᠦᠷᠢᠶᠡᠨ ᠳᠤ ᠢᠲᠡᠭᠡᠮᠵᠢᠲᠡᠢ ᠬᠤᠪᠢ ᠬᠦᠮᠦᠨ ᠳᠤ ᠴᠢᠬᠤᠯᠠ ᠳᠡᠮᠵᠢᠯᠭᠡ ᠪᠠ ᠤᠷᠢᠳᠴᠢᠯᠠᠨ ᠰᠢᠢᠳᠪᠦᠷᠢᠯᠡᠬᠦ ᠵᠡᠷᠭᠡ ᠳᠦᠭᠦᠮ ᠲᠦᠳᠡ ᠶᠢ ᠤᠯᠭᠤᠨ᠎ᠠ᠃ ᠳᠠᠭᠠᠭᠠᠴᠢᠯᠠᠯᠲᠠ ᠵᠠᠷᠯᠠᠬᠤ ᠪᠠ ᠳᠠᠭᠠᠴᠢᠯᠠᠯᠲᠠ ᠳᠤ ᠤᠷᠤᠯᠴᠠᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠢᠴᠢ ᠪᠤᠰᠤᠳ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠳᠡᠯᠭᠡᠭᠡᠨ ᠳᠤᠮᠳᠠ ᠢᠲᠡᠭᠡᠮᠵᠢ ᠶᠢᠨ ᠮᠡᠳᠡᠭᠦᠯᠦᠯᠲᠡ ᠶᠢᠨ ᠪᠠᠶᠢᠭᠤᠯᠤᠯ ᠢ ᠢᠳᠡᠪᠬᠢᠲᠡᠢ ᠬᠡᠷᠡᠭᠵᠢᠭᠦᠯᠵᠦ᠂ ᠬᠠᠤᠯᠢ ᠶᠤᠰᠤᠭᠠᠷ ᠦᠨᠡᠨᠴᠢ ᠢᠲᠡᠭᠡᠮᠵᠢᠲᠡᠢ ᠵᠠᠬ᠎ᠠ ᠳᠡᠯᠭᠡᠭᠦᠷ ᠤᠨ ᠪᠡᠶᠡᠴᠢ ᠴᠤᠭᠴᠠ ᠳᠤ ᠢᠲᠡᠭᠡᠮᠵᠢ ᠪᠠᠷ ᠬᠤᠪᠢ ᠨᠡᠮᠡᠬᠦ ᠵᠡᠷᠭᠡ ᠠᠷᠭ᠎ᠠ ᠬᠡᠯᠪᠡᠷᠢ ᠶᠢ ᠠᠪᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠂ ᠡᠳ᠋ ᠤᠨ ᠵᠠᠰᠠᠭ ᠤᠨ ᠲᠤᠪᠴᠢᠶ᠎ᠠ ᠲᠤᠯᠤᠭᠠᠶᠢᠯᠠᠨ᠂ ᠰᠤᠷᠭᠠᠨ ᠬᠦᠮᠦᠵᠢᠯ ᠤᠨ ᠲᠤᠪᠴᠢᠶ᠎ᠠ᠂ ᠬᠦᠮᠦᠨ ᠤ ᠡᠬᠢ ᠪᠠᠶᠠᠯᠢᠭ ᠪᠠ ᠨᠡᠶᠢᠬᠡᠮ ᠨᠡᠶᠢᠲᠡ ᠶᠢᠨ ᠪᠠᠲᠤᠯᠠᠭ᠎ᠠ ᠶᠢᠨ ᠲᠤᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ᠂ ᠬᠠᠤᠯᠢ ᠬᠡᠷᠡᠭᠵᠢᠭᠦᠯᠬᠦ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠬᠠᠷᠢᠭᠤᠴᠠᠨ᠎ᠠ︶         ︵ᠳᠥᠷᠪᠡ︶ ᠦᠨᠡᠨᠴᠢ ᠢᠲᠡᠭᠡᠮᠵᠢᠲᠡᠢ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠭ᠎ᠠ ᠶᠢ ᠰᠢᠯᠢᠳᠡᠭᠵᠢᠭᠦᠯᠬᠦ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠳᠡᠮᠲᠡᠭᠯᠡᠯ ᠪᠠ ᠢᠲᠡᠭᠡᠮᠵᠢ ᠶᠢᠨ ᠦᠨᠡᠯᠡᠯᠲᠡ ᠶᠢ ᠦᠨᠳᠦᠰᠦᠯᠡᠨ ᠲᠦᠷᠦᠯ ᠵᠦᠢᠯ ᠬᠤᠪᠢᠶᠠᠵᠤ᠂ ︽ᠬᠤᠣᠰ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠤᠯᠭᠠᠬᠤ︾ ᠶᠢ ᠤᠶᠠᠯᠳᠤᠭᠤᠯᠤᠨ ᠠᠵᠢᠯ ᠢᠶᠠᠨ ᠡᠬᠢᠯᠡᠭᠦᠯᠵᠦ᠂ ᠲᠤᠮᠤ ᠳ᠋ᠠᠶᠢᠲ᠋ᠠ ᠶᠢᠨ ᠠᠷᠭ᠎ᠠ ᠪᠠᠷᠢᠯ ᠢ ᠬᠡᠷᠡᠭᠯᠡᠬᠦ ᠶᠢ ᠠᠩᠬᠠᠷᠴᠤ᠂ ᠤᠴᠢᠷ ᠤᠨ ᠡᠮᠦᠨ᠎ᠡ᠂ ᠤᠴᠢᠷ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠴᠢᠩᠭᠠᠳᠬᠠᠨ᠂ ᠵᠠᠬ᠎ᠠ ᠳᠡᠯᠭᠡᠭᠦᠷ ᠤᠨ ᠪᠡᠶᠡᠴᠢ ᠴᠤᠭᠴᠠ ᠳᠤ ᠨᠡᠩ ᠰᠢᠨᠵᠢᠯᠡᠬᠦ ᠤᠬᠠᠭᠠᠨᠴᠢ ᠨᠡᠩ ᠳᠦᠭᠦᠮ ᠲᠦᠳᠡ ᠦᠢᠯᠡᠴᠢᠯᠡᠭᠡ ᠶᠢ ᠬᠠᠩᠭᠠᠨ᠎ᠠ᠃ ᠪᠠᠷᠢᠮᠵᠢᠶᠠᠨ ᠳᠤ ᠬᠦᠷᠦᠭᠰᠡᠨ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠶᠢᠨ ᠳᠤᠮᠳᠠ ᠪᠠᠶᠢᠴᠠᠭᠠᠯᠲᠠ ᠶᠢᠨ ᠲᠤᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠎ᠡ᠃ ︵ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ ᠶᠢᠨ ᠲᠤᠪᠴᠢᠶ᠎ᠠ ᠂ ᠬᠠᠤᠯᠢ ᠬᠡᠷᠡᠭᠵᠢᠭᠦᠯᠬᠦ ᠲᠤᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠮᠦᠩᠭᠦᠨ ᠭᠦᠢᠯᠭᠡᠭᠡᠨ ᠤ ᠠᠯᠪᠠᠨ ᠭᠡᠷ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠬᠦᠮᠦᠨ ᠤ ᠡᠬᠢ ᠪᠠᠶᠠᠯᠢᠭ ᠪᠠ ᠨᠡᠶᠢᠬᠡᠮ ᠨᠡᠶᠢᠲᠡ ᠶᠢᠨ ᠪᠠᠲᠤᠯᠠᠭ᠎ᠠ ᠶᠢᠨ ᠲᠤᠪᠴᠢᠶ᠎ᠠ  ᠂ ᠡᠳ᠋ ᠤᠨ ᠵᠠᠰᠠᠭ ᠤᠨ ᠲᠤᠪᠴᠢᠶ᠎ᠠ᠂ ᠪᠠᠩᠬᠢ ᠶᠢᠨ ᠦᠢᠯᠡᠰ ᠬᠠᠮᠢᠶᠠᠷᠤᠯᠲᠠ ᠶᠢᠨ ᠬᠤᠪᠢᠶᠠᠷᠢ ᠲᠤᠪᠴᠢᠶ᠎ᠠ᠂ ᠨᠠᠪᠴᠢᠨ ᠲᠠᠮᠠᠬᠢᠨ ᠤ ᠲᠤᠰᠬᠠᠢ ᠬᠤᠳᠠᠯᠳᠤᠬᠤ ᠲᠤᠪᠴᠢᠶ᠎ᠠ  ᠂ ᠰᠢᠥᠳᠠᠨ ᠲᠤᠪᠴᠢᠶ᠎ᠠ᠂ ᠮᠦᠩᠭᠦᠨ ᠭᠦᠢᠯᠭᠡᠭᠡᠨ ᠤ ᠠᠯᠪᠠᠨ ᠭᠡᠷ ᠠᠴᠠ ᠬᠠᠷᠢᠭᠤᠴᠠᠨ᠎ᠠ︶         ︵ᠲᠠᠪᠤ︶ ᠵᠠᠬ᠎ᠠ ᠳᠡᠯᠭᠡᠭᠦᠷ ᠤᠨ ᠠᠷᠠᠯᠵᠢᠶᠠᠨ ᠤ ᠦᠪᠡᠷ ᠤᠨ ᠦᠷᠲᠡᠭ ᠢ ᠲᠤᠭᠤᠭᠰᠢᠯᠠᠭᠤᠯᠤᠨ᠎ᠠ᠃ ᠤᠯᠠᠨ ᠨᠡᠶᠢᠲᠡ ᠶᠢᠨ ᠢᠲᠡᠭᠡᠮᠵᠢ ᠶᠢᠨ ᠰᠤᠷᠠᠭ ᠵᠠᠩᠭᠢ ᠶᠢ ᠮᠦᠩᠭᠦᠨ ᠭᠦᠢᠯᠭᠡᠭᠡᠨ ᠤ ᠴᠠᠷ᠎ᠠ ᠬᠦᠷᠢᠶᠡᠨ ᠤ ᠳᠤᠮᠳᠠ ᠬᠡᠷᠡᠭᠯᠡᠯᠲᠡ ᠳᠤ ᠤᠷᠤᠭᠤᠯᠤᠨ᠎ᠠ᠂ ᠭᠠᠶᠢᠯᠢ ᠶᠢᠨ ᠶᠠᠪᠤᠳᠠᠯ ᠪᠠ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ ᠤᠨ ︽ᠪᠠᠩᠬᠢ ᠪᠠ ᠭᠠᠶᠢᠯᠢ ᠶᠢᠨ ᠬᠠᠷᠢᠯᠴᠠᠨ ᠦᠢᠯᠡᠳᠦᠯᠴᠡᠬᠦ︾ ᠬᠠᠮᠲᠤᠷᠠᠯᠴᠠᠭ᠎ᠠ ᠶᠢ ᠴᠢᠩᠭᠠᠳᠬᠠᠨ᠎ᠠ᠂ ︽ᠭᠠᠶᠢᠯᠢ ᠪᠠ ᠲᠠᠲᠠᠪᠤᠷᠢ ᠶᠢᠨ ᠬᠠᠷᠢᠯᠴᠠᠨ ᠨᠡᠪᠲᠡᠷᠡᠯᠴᠡᠬᠦ︾᠂ ︽ᠭᠠᠶᠢᠯᠢ ᠪᠠ ᠮᠦᠩᠭᠦᠨ ᠭᠦᠢᠯᠭᠡᠭᠡᠨ ᠤ ᠬᠠᠷᠢᠯᠴᠠᠨ ᠨᠡᠪᠲᠡᠷᠡᠯᠴᠡᠬᠦ︾᠂ ︽ᠱᠦᠢ E ᠪᠤᠤ︾᠂ ︽ᠪᠠᠭ᠎ᠠ ᠬᠡᠮᠵᠢᠶᠡᠨ ᠤ ᠵᠢᠭᠡᠯᠡᠯᠭᠡ︾ ᠵᠡᠷᠭᠡ ᠢᠲᠡᠭᠡᠯ ᠢ ᠵᠢᠷᠤᠮᠯᠠᠭᠰᠠᠨ ᠵᠤᠷᠢᠭᠵᠢᠭᠤᠯᠤᠯ ᠤᠨ ᠲᠠᠸᠠᠷ ᠢ ᠰᠡᠲᠦᠨ ᠨᠡᠭᠡᠭᠡᠨ᠎ᠡ᠃ ᠤᠯᠠᠨ ᠨᠡᠶᠢᠲᠡ ᠶᠢᠨ ᠢᠲᠡᠭᠡᠮᠵᠢ ᠶᠢᠨ ᠰᠤᠷᠠᠭ ᠵᠠᠩᠭᠢ ᠶᠢ ᠮᠦᠩᠭᠦᠨ ᠭᠦᠢᠯᠭᠡᠭᠡᠨ ᠤ ᠴᠠᠷ᠎ᠠ ᠬᠦᠷᠢᠶᠡᠨ ᠳᠤ ᠬᠡᠷᠡᠭᠯᠡᠬᠦ ᠶᠢ ᠲᠦᠯᠬᠢᠨ ᠠᠬᠢᠭᠤᠯᠵᠤ᠂ ᠮᠦᠩᠭᠦᠨ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠯᠠᠪᠯᠠᠯᠲᠠ ᠪᠤᠯᠭᠠᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ᠢᠲᠡᠭᠡᠮᠵᠢᠲᠤ ᠵᠠᠬ᠎ᠠ ᠳᠡᠯᠭᠡᠭᠦᠷ ᠤᠨ ᠪᠡᠶᠡᠴᠢ ᠴᠤᠭᠴᠠ ᠳᠤ ᠳᠦᠭᠦᠮ ᠲᠦᠳᠡ ᠪᠠ ᠠᠰᠢᠭ ᠢ ᠤᠯᠭᠤᠵᠤ᠂ ᠢᠲᠡᠭᠡᠯ ᠢᠶᠠᠨ ᠵᠢᠷᠤᠮᠯᠠᠭᠰᠠᠨ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠳᠤᠮᠳᠠ ᠨᠡᠩ ᠤᠯᠠᠨ ᠳᠦᠭᠦᠮ ᠲᠦᠳᠡ ᠪᠠ ᠠᠰᠢᠭ ᠢ ᠬᠦᠷᠲᠡᠭᠡᠨ᠎ᠡ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠳᠠᠯᠠᠳ ᠬᠤᠰᠢᠭᠤᠨ ᠤ ᠬᠤᠪᠢᠶᠠᠷᠢ ᠪᠠᠩᠬᠢ ᠠᠴᠠ ᠲᠤᠯᠤᠭᠠᠶᠢᠯᠠᠨ᠂ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠮᠦᠩᠭᠦᠨ ᠭᠦᠢᠯᠭᠡᠭᠡᠨ ᠤ ᠠᠯᠪᠠᠨ ᠭᠡᠷ ᠪᠠ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠤᠪᠴᠢᠶ᠎ᠠ ᠶᠢᠨ ᠳᠠᠯᠠᠳ ᠬᠤᠰᠢᠭᠤᠨ ᠤ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶        ︵ᠵᠢᠷᠭᠤᠭ᠎ᠠ︶ ᠢᠲᠡᠭᠡᠮᠵᠢᠳᠤ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢ ᠶᠡᠬᠡᠪᠡᠷ ᠲᠠᠨᠢᠯᠴᠠᠭᠤᠯᠤᠨ᠎ᠠ᠃ ᠡᠯ᠎ᠡ ᠪᠠᠶᠢᠭᠤᠯᠭ᠎ᠠ ᠨᠢᠭᠡᠴᠢ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠡᠷᠬᠡᠪᠰᠢ ᠢᠲᠡᠭᠡᠮᠵᠢᠲᠡᠢ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠰᠢᠯᠢᠳᠡᠭ ᠰᠠᠶᠢᠨ ᠢᠲᠡᠭᠡᠮᠵᠢ ᠶᠢᠨ ᠰᠤᠷᠠᠭ ᠵᠠᠩᠭᠢ ᠶᠢ ᠴᠠᠭ ᠲᠤᠬᠠᠢ ᠳᠤ ᠨᠢ ᠵᠠᠰᠠᠭ ᠤᠨ ᠤᠷᠳᠤᠨ ᠤ ᠰᠦᠯᠵᠢᠶ᠎ᠡ᠂ ᠪᠠᠶᠢᠭᠤᠯᠭ᠎ᠠ ᠨᠢᠭᠡᠴᠢ ᠶᠢᠨ ᠰᠦᠯᠵᠢᠶ᠎ᠡ ᠪᠠ ︽ᠳᠠᠯᠠᠳ ᠬᠤᠰᠢᠭᠤᠨ ᠤ ᠢᠲᠡᠭᠡᠮᠵᠢ ᠶᠢᠨ ᠲᠤᠤᠷ︾ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠬᠠᠮ ᠦᠵᠡᠰᠬᠦᠯᠡᠩ᠂ ᠪᠠᠩᠬᠢ ᠠᠵᠤ ᠠᠬᠤᠶᠢᠯᠠᠯ ᠵᠡᠷᠭᠡ ᠵᠤᠬᠢᠴᠠᠯᠳᠤᠬᠤ ᠬᠦᠳᠡᠯᠭᠡᠭᠡᠨ ᠳᠤ ᠭᠤᠣᠯᠳᠠᠭᠤ ᠢᠲᠡᠭᠡᠮᠵᠢᠲᠡᠢ ᠠᠵᠤ ᠠᠬᠤᠶᠢᠯᠠᠯ ᠢ ᠲᠠᠨᠢᠯᠴᠠᠭᠤᠯᠤᠨ᠎ᠠ᠂ ᠢᠲᠡᠭᠡᠮᠵᠢ ᠶᠢ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠴᠢᠬᠤᠯᠠ ᠪᠤᠳᠤᠯᠬᠢᠯᠠᠬᠤ ᠡᠯᠧᠮᠧᠨ᠋ᠲ ᠪᠤᠯᠭᠠᠨ᠎ᠠ᠃ ᠢᠲᠡᠭᠡᠮᠵᠢ ᠶᠢᠨ ᠭᠡᠷᠡᠴᠢᠯᠡᠯ ᠤᠨ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠵᠥᠪ ᠲᠠᠯ᠎ᠠ ᠶᠢᠨ ᠰᠤᠷᠠᠭ ᠵᠠᠩᠭᠢ ᠶᠢᠨ ᠴᠤᠭᠯᠠᠭᠤᠯᠬᠤ ᠶᠢ ᠴᠢᠩᠭᠠᠳᠬᠠᠨ᠎ᠠ᠂ ᠢᠲᠡᠭᠡᠮᠵᠢ ᠶᠢᠨ ᠠᠰᠠᠭᠤᠳᠠᠯ ᠤᠨ ᠲᠤᠰᠬᠠᠯ ᠲᠦᠪᠯᠡᠷᠡᠭᠰᠡᠨ ᠠᠵᠢᠯ ᠦᠢᠯᠡᠰ ᠤᠨ ᠴᠠᠷ᠎ᠠ ᠬᠦᠷᠢᠶᠠᠨ ᠳᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠳᠤ ᠵᠤᠷᠢᠭᠵᠢᠭᠤᠯᠤᠯ ᠤᠨ ᠴᠢᠨᠠᠷᠲᠠᠢ ᠬᠤᠪᠢ ᠤᠯᠭᠤᠯᠲᠠ ᠶᠢᠨ ᠬᠤᠪᠢ ᠶᠢᠨ ᠵᠢᠩ ᠢ ᠶᠡᠬᠡᠰᠬᠡᠨ᠎ᠡ᠃ ᠠᠵᠢᠯ ᠦᠢᠯᠡᠰ ᠤᠨ ᠨᠡᠶᠢᠬᠡᠮᠯᠢᠭ ᠤᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯ ᠦᠢᠯᠡᠰ ᠤᠨ ᠦᠪᠡᠷ ᠤᠨ ᠬᠡᠮᠯᠡᠯ ᠢ ᠴᠢᠩᠭᠠᠳᠬᠠᠨ᠂ ᠢᠲᠡᠭᠡᠮᠵᠢᠲᠡᠢ ᠬᠡᠰᠢᠭᠦᠨ ᠢ ᠰᠠᠶᠢᠰᠢᠶᠠᠵᠤ᠂ ᠠᠵᠢᠯ ᠦᠢᠯᠡᠰ ᠤᠨ ︽ᠢᠲᠡᠭᠡᠮᠵᠢ ᠶᠢᠨ ᠦᠯᠢᠭᠡᠷ︾ ᠢ ᠰᠠᠶᠢᠬᠠᠨ ᠪᠢᠴᠢᠭᠯᠡᠨ᠎ᠡ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠳᠠᠯᠠᠳ ᠬᠤᠰᠢᠭᠤᠨ ᠳᠠᠬᠢ ᠬᠤᠪᠢᠶᠠᠷᠢ ᠪᠠᠩᠬᠢ ᠲᠤᠯᠤᠭᠠᠶᠢᠯᠠᠨ᠂ ᠤᠬᠠᠭᠤᠯᠬᠤ ᠬᠡᠯᠲᠡᠰ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠠᠤᠯᠢ ᠬᠡᠷᠡᠭᠵᠢᠭᠦᠯᠬᠦ ᠲᠤᠪᠴᠢᠶ᠎ᠠ ᠂ ᠮᠦᠩᠭᠦᠨ ᠭᠦᠢᠯᠭᠡᠭᠡᠨ ᠤ ᠠᠯᠪᠠᠨ ᠭᠡᠷ᠂ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠤᠪᠴᠢᠶᠠᠨ ᠤ ᠳᠠᠯᠠᠳ ᠤᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶       ᠳᠥᠷᠪᠡ᠂ ᠢᠲᠡᠭᠡᠯ ᠢᠶᠠᠨ ᠠᠯᠳᠠᠭᠰᠠᠨ ᠠᠵᠢᠯᠯᠠᠭ᠎ᠠ ᠳᠠᠬᠢ ᠬᠢᠵᠠᠭᠠᠷᠯᠠᠯᠲᠠ ᠪᠠ ᠰᠢᠢᠳᠬᠡᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ       ︵ᠨᠢᠭᠡ︶ ᠴᠢᠬᠤᠯᠠ ᠴᠠᠷ᠎ᠠ ᠬᠦᠷᠢᠶ᠎ᠡ ᠪᠠ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠳᠤ ᠬᠤᠯᠪᠤᠭᠠᠯᠠᠨ ᠰᠢᠢᠳᠬᠡᠯ ᠦᠭᠭᠦᠨ᠎ᠡ᠃ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ ᠮᠦᠴᠢᠷ᠂ ᠤᠯᠤᠰ᠂ ᠦᠪᠡᠷᠲᠡᠭᠡᠨ ᠵᠠᠰᠠᠬᠤ ᠤᠷᠤᠨ ᠤ ᠲᠤᠭᠲᠠᠭᠠᠭᠰᠠᠨ ᠬᠤᠯᠪᠤᠭᠠᠯᠠᠨ ᠱᠠᠩᠨᠠᠨ ᠲᠤᠷᠭᠤᠭᠠᠬᠤ ᠡᠲᠡᠭᠡᠳ ᠤᠨ ᠨᠡᠷᠡᠰ ᠤᠨ ᠬᠦᠰᠦᠨᠦᠭ ᠤᠨ ᠮᠠᠭᠠᠳᠯᠠᠬᠤ ᠪᠠᠷᠢᠮᠵᠢᠶ᠎ᠠ ᠶᠢ ᠦᠨᠳᠦᠰᠦᠯᠡᠨ᠂ ︽ᠦᠪᠡᠷᠲᠡᠭᠡᠨ ᠵᠠᠰᠠᠬᠤ ᠤᠷᠤᠨ ᠤ ᠢᠲᠡᠭᠡᠯ ᠠᠯᠳᠠᠭᠰᠠᠨ ᠨᠡᠶᠢᠬᠡᠮ ᠤᠨ ᠬᠠᠤᠯᠢ ᠶᠢᠨ ᠡᠷᠬᠡᠲᠡᠨ ᠤ ᠱᠠᠩᠨᠠᠨ ᠲᠤᠷᠭᠤᠭᠠᠬᠤ ᠠᠷᠭ᠎ᠠ ︵ᠲᠤᠷᠰᠢᠨ ᠬᠡᠷᠡᠭᠯᠡᠬᠦ︶︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠠᠷᠬᠠᠭᠠᠭᠰᠠᠨ ﹇2014﹈ 42 ᠳ᠋ᠦ᠋ᠭᠡᠷ ᠨᠤᠮᠧᠷᠲᠤ ᠪᠢᠴᠢᠭ︶  ᠬᠠᠮᠢᠶ᠎ᠠ ᠪᠦᠬᠦᠢ ᠲᠤᠭᠲᠠᠭᠠᠯ ᠢ ᠵᠢᠷᠤᠮᠯᠠᠨ᠂ ᠲᠤᠰ ᠠᠵᠢᠯ ᠦᠢᠯᠡᠰ ᠤᠨ ᠬᠡᠪᠴᠢᠶᠡᠨ ᠳᠠᠬᠢ ᠢᠲᠡᠭᠡᠯ ᠠᠯᠳᠠᠭᠰᠠᠨ ︽ᠬᠠᠷ᠎ᠠ ᠳᠠᠩᠰᠠ︾ ᠶᠢ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠡᠪᠴᠠᠩ ᠢᠶᠠᠷ ᠳᠠᠮᠵᠢᠨ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠪᠤᠰᠤᠳ ᠰᠠᠯᠠᠭ᠎ᠠ ᠮᠦᠴᠢᠷ ᠪᠠ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠬᠠᠤᠯᠢ ᠳᠦᠷᠢᠮ ᠶᠤᠰᠤᠭᠠᠷ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠳᠤ ᠬᠤᠯᠪᠤᠭᠠᠯᠠᠨ ᠰᠢᠢᠳᠬᠡᠯ ᠥᠭᠬᠦ ᠠᠷᠭ᠎ᠠ ᠪᠠᠷᠢᠯ ᠢ ᠠᠪᠬᠤ ᠶᠢ ᠲᠦᠯᠬᠢᠨ ᠠᠬᠢᠭᠤᠯᠤᠨ᠎ᠠ᠃ ᠭᠤᠣᠯᠳᠠᠭᠤ᠄ ᠨᠢᠭᠡ ᠳᠤ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠦᠷ ᠲᠦᠪᠰᠢᠨ ᠤ ᠠᠵᠢᠯᠯᠠᠭ᠎ᠠ᠂ ᠢᠳᠡᠭᠡᠨ ᠤᠮᠳᠠᠭᠠᠨ ᠪᠠ ᠡᠮ ᠤᠨ ᠵᠦᠢᠯᠡᠰ᠂ ᠠᠮᠢ ᠠᠬᠤᠢ ᠶᠢᠨ ᠤᠷᠴᠢᠨ ᠲᠤᠭᠤᠷᠢᠨ᠂ ᠢᠨᠵᠧᠨᠧᠷᠢᠭ ᠤᠨ ᠴᠢᠨᠠᠷ ᠴᠢᠨᠰᠠᠭ᠎ᠠ᠂ ᠠᠶᠤᠯᠭᠦᠢ ᠦᠢᠯᠡᠳᠪᠦᠷᠢᠯᠡᠯ᠂ ᠭᠠᠯ ᠤᠨ ᠰᠡᠷᠭᠡᠶᠢᠯᠡᠯᠲᠡ ᠶᠢᠨ ᠠᠮᠦᠷ ᠲᠦᠪᠰᠢᠨ᠂ ᠠᠯᠪᠠᠳᠠᠯᠭ᠎ᠠ ᠶᠢᠨ ᠴᠢᠨᠠᠷᠲᠠᠢ ᠲᠠᠸᠠᠷ ᠤᠨ ᠮᠠᠭᠠᠳᠯᠠᠯᠲᠠ ᠵᠡᠷᠭᠡ ᠴᠠᠷ᠎ᠠ ᠬᠦᠷᠢᠶᠡᠨ ᠤ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠢᠯᠯᠠᠭ᠎ᠠ︔ ᠬᠤᠶᠠᠷ ᠳᠤ ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠡᠮᠬᠢ ᠵᠢᠷᠤᠮ ᠤᠨ ᠲᠥᠪ ᠭᠤᠣᠯᠴᠢ ᠪᠠ ᠨᠡᠶᠢᠬᠡᠮ ᠤᠨ ᠡᠩ ᠤᠨ ᠡᠮᠬᠢ ᠵᠢᠷᠤᠮ ᠶᠢ ᠡᠪᠳᠡᠭᠰᠡᠨ ᠠᠵᠢᠯᠯᠠᠭ᠎ᠠ᠂ ᠬᠡᠬᠡᠯᠢ ᠬᠠᠭ᠋ᠤᠤᠯᠢ ᠲᠦᠯᠬᠢᠬᠦ᠂ ᠮᠠᠭᠤ ᠰᠠᠨᠠᠭ᠎ᠠ ᠪᠠᠷ ᠭᠠᠶᠢᠯᠢ ᠦᠷᠢᠲᠦᠬᠦ᠂ ᠭᠠᠶᠢᠯᠢ ᠠᠴᠠ ᠲᠤᠲᠠᠭᠠᠬᠤ ᠭᠠᠶᠢᠯᠢ ᠮᠡᠬᠡᠯᠡᠬᠦ᠂ ᠮᠠᠭᠤ ᠰᠠᠨᠠᠭ᠎ᠠ ᠪᠠᠷ ᠥᠷᠢ ᠠᠴᠠ ᠪᠠᠨ ᠲᠤᠲᠠᠭᠠᠬᠤ᠂ ᠮᠠᠭᠤ ᠰᠠᠨᠠᠭ᠎ᠠ ᠪᠠᠷ ᠪᠠᠷᠠᠭᠠᠨ ᠤ ᠮᠦᠩᠭᠦ ᠪᠠ ᠦᠢᠯᠡᠴᠢᠯᠡᠭᠡᠨ ᠤ ᠰᠦᠢᠳᠬᠡᠯ ᠦᠷᠢᠲᠦᠬᠦ᠂ ᠮᠠᠭᠤ ᠰᠠᠨᠠᠭ᠎ᠠ ᠪᠠᠷ ᠴᠠᠯᠢᠩ ᠦᠷᠢᠲᠦᠬᠦ᠂ ᠬᠦᠨᠳᠦ ᠶᠡᠭᠡ ᠬᠦᠳᠡᠯᠮᠦᠷᠢᠯᠡᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠶᠢ ᠪᠠᠭᠲᠠᠭᠠᠨ᠎ᠠ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ᠂ ᠭᠡᠷ᠎ᠡ ᠪᠠᠷ ᠮᠡᠬᠡᠯᠡᠨ ᠬᠢᠬᠠᠬᠤ᠂ ᠳᠠᠮᠵᠢᠨ ᠪᠤᠷᠤᠯᠠᠭᠤᠯᠬᠤ᠂ ᠦᠨᠡᠮᠯᠡᠯ ᠦᠭᠡᠢ ᠪᠠᠷ ᠡᠵᠡᠩᠨᠡᠬᠦ᠂ ᠬᠠᠭᠤᠷᠮᠠᠭᠯᠠᠨ ᠲᠠᠭᠤᠷᠢᠶᠠᠭᠰᠠᠨ ᠲᠠᠸᠠᠷ ᠢ ᠦᠢᠯᠡᠳᠪᠦᠷᠢᠯᠡᠬᠦ ᠪᠠ ᠠᠷᠠᠯᠵᠢᠶᠠᠯᠠᠬᠤ᠂ ᠵᠤᠷᠢᠭᠤᠳᠠ ᠪᠠᠷ ᠮᠡᠳᠡᠯᠭᠡ ᠶᠢᠨ ᠪᠦᠲᠦᠭᠡᠭᠳᠡᠭᠦᠨ ᠤ ᠡᠷᠬᠡᠨ ᠳᠤ ᠬᠠᠯᠳᠠᠭᠰᠠᠨ᠂ ᠳᠠᠭᠠᠴᠢᠯᠠᠯᠲᠠ ᠳᠤ ᠤᠷᠤᠯᠴᠠᠬᠤ ᠬᠢᠷᠢ ᠬᠡᠮᠵᠢᠶ᠎ᠡ ᠶᠢ ᠵᠢᠭᠡᠯᠡᠬᠦ ᠪᠠ ᠵᠢᠭᠡᠯᠡᠭᠦᠯᠬᠦ᠂ ᠳᠠᠭᠠᠴᠢᠯᠠᠯᠲᠠ ᠳᠤ ᠰᠦᠯᠪᠡᠭᠡᠯᠳᠦᠬᠦ ᠪᠠ ᠬᠢᠵᠠᠭᠠᠷᠯᠠᠬᠤ᠂ ᠬᠤᠳᠠᠯ ᠬᠠᠭᠤᠷᠮᠠᠭ ᠵᠠᠷ ᠮᠡᠳᠡᠭᠡ᠂ ᠬᠡᠷᠡᠭᠯᠡᠭᠴᠢᠳ ᠪᠠ ᠦᠨᠡᠲᠤ ᠲᠡᠮᠲᠡᠭ ᠤᠨ ᠬᠤᠭᠤᠴᠠᠭᠠᠲᠤ ᠪᠠᠷᠠᠭ᠎ᠠ ᠶᠢᠨ ᠪᠡᠯᠡ ᠤᠷᠤᠭᠤᠯᠤᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ᠂ ᠲᠤᠤᠷ ᠰᠦᠯᠵᠢᠶᠡᠨ ᠤ ᠤᠷᠤᠨ ᠵᠠᠢ ᠶᠢᠨ ᠲᠠᠷᠬᠠᠯᠲᠠ ᠡᠮᠬᠢ ᠵᠢᠷᠤᠮ ᠢ ᠡᠪᠳᠡᠬᠦ᠂ ᠤᠯᠠᠨ ᠢ ᠴᠤᠭᠯᠠᠷᠠᠭᠤᠯᠤᠨ ᠨᠡᠶᠢᠬᠡᠮ ᠨᠡᠶᠢᠲᠡ ᠶᠢᠨ ᠡᠮᠬᠢ ᠵᠢᠷᠤᠮ ᠢ ᠬᠠᠷᠰᠢᠯᠠᠬᠤ ᠵᠡᠷᠭᠡ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠢᠯᠯᠠᠭ᠎ᠠ︔ ᠭᠤᠷᠪᠠ ᠳᠤ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠬᠠᠤᠯᠢ ᠴᠠᠭᠠᠵᠠ ᠶᠢᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠨᠦᠯᠦᠭᠡᠯᠡᠭᠰᠡᠨ ᠠᠵᠢᠯᠯᠠᠭ᠎ᠠ᠂ ᠲᠤᠬᠠᠢ ᠶᠢᠨ ᠬᠦᠮᠦᠨ ᠤ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠠᠰᠦᠯᠠᠯᠲᠠ ᠪᠠ ᠰᠢᠢᠳᠪᠦᠷᠢ ᠭᠠᠷᠭᠠᠭᠰᠠᠨ ᠤ ᠳᠠᠷᠠᠭ᠎ᠠ ᠭᠦᠢᠴᠡᠳᠬᠡᠬᠦ ᠴᠢᠳᠠᠪᠤᠷᠢ ᠲᠠᠢ ᠪᠠᠶᠢᠭᠠᠳ ᠭᠦᠢᠴᠡᠳᠬᠡᠬᠦ ᠦᠭᠡᠢ ᠪᠤᠶᠤ ᠵᠠᠶᠢᠯᠠᠬᠤ ᠵᠡᠷᠭᠡ ᠬᠦᠨᠳᠦ ᠴᠢᠬᠤᠯᠠ ᠢᠲᠡᠭᠡᠯ ᠠᠯᠳᠠᠭᠰᠠᠨ ᠠᠵᠢᠯᠯᠠᠭ᠎ᠠ︔ ᠳᠥᠷᠪᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠢᠭᠤᠴᠠᠯᠭ᠎ᠠ᠂ ᠴᠡᠷᠢᠭ ᠤᠨ ᠠᠯᠪᠠᠨ ᠠᠴᠠ ᠲᠤᠲᠠᠭᠠᠨ ᠳᠡᠪᠴᠢᠬᠦ᠂ ᠠᠷᠠᠳ ᠤᠨ ᠬᠡᠷᠡᠭᠯᠡᠭᠡᠨ ᠤ ᠡᠬᠢ ᠪᠠᠶᠠᠯᠢᠭ ᠤᠨ ᠲᠠᠲᠠᠪᠤᠷᠢᠯᠠᠨ ᠬᠡᠷᠡᠭᠯᠡᠬᠦ ᠶᠢ ᠳᠡᠪᠴᠢᠬᠦ ᠬᠤᠶᠢᠰᠢᠯᠠᠭᠤᠯᠬᠤ ᠪᠤᠶᠤ ᠲᠠᠲᠠᠪᠤᠷᠢᠯᠠᠭᠰᠠᠨ ᠠᠷᠠᠳ ᠤᠨ ᠬᠡᠷᠡᠭᠯᠡᠭᠡᠨ ᠤ ᠡᠬᠢ ᠪᠠᠶᠠᠯᠢᠭ ᠤᠨ ᠦᠭᠡᠷᠡᠴᠢᠯᠠᠨ ᠵᠠᠰᠠᠬᠤ ᠶᠢ ᠬᠠᠷᠰᠢᠯᠠᠬᠤ᠂ ᠭᠠᠮᠰᠢᠭ ᠢ ᠲᠤᠰᠠᠯᠠᠬᠤ᠂ ᠪᠠᠴᠢᠮ ᠪᠠᠶᠢᠳᠠᠯ ᠢ ᠲᠤᠰᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠤᠯᠤᠰ ᠤᠨ ᠬᠠᠮᠠᠭᠠᠯᠠᠯᠲᠠ ᠶᠢᠨ ᠡᠷᠬᠡ ᠠᠰᠢᠭ ᠢ ᠬᠤᠬᠢᠷᠠᠭᠤᠯᠬᠤ᠂ ᠤᠯᠤᠰ ᠤᠨ ᠬᠠᠮᠠᠭᠠᠯᠠᠯᠲᠠ ᠶᠢᠨ ᠲᠤᠨᠤᠭ‌‍ᠶ᠊ ᠲᠦᠭᠦᠭᠡᠷᠦᠮᠵᠢ ᠶᠢ ᠡᠪᠳᠡᠬᠦ ᠵᠡᠷᠭᠡ ᠠᠵᠢᠯᠯᠠᠭ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠳᠠᠯᠠᠳ ᠬᠤᠰᠢᠭᠤᠨ ᠤ ᠬᠤᠪᠢᠶᠠᠷᠢ ᠪᠠᠩᠬᠢ᠂ ᠰᠢᠭᠦᠬᠦ ᠬᠤᠷᠢᠶ᠎ᠠ ᠪᠠᠷ ᠲᠤᠯᠤᠭᠠᠶᠢᠯᠠᠭᠤᠯᠤᠨ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠷᠢᠭᠤᠴᠠᠨ᠎ᠠ︶         ︵ᠬᠤᠶᠠᠷ︶ ᠬᠠᠤᠯᠢ ᠳᠦᠷᠢᠮ ᠶᠤᠰᠤᠭᠠᠷ ᠢᠲᠡᠭᠡᠯ ᠠᠯᠳᠠᠭᠰᠠᠨ ᠠᠵᠢᠯᠯᠠᠭ᠎ᠠ ᠲᠠᠬᠢ ᠬᠢᠵᠠᠭᠠᠷᠯᠠᠯᠲᠠ ᠪᠠ ᠰᠢᠢᠳᠬᠡᠯ ᠢᠶᠠᠨ ᠴᠢᠩᠭᠠᠳᠬᠠᠨ᠎ᠠ᠃ ᠡᠯ᠎ᠡ ᠪᠠᠶᠢᠭᠤᠯᠭ᠎ᠠ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠦᠨᠳᠦ ᠨᠤᠴᠢᠲᠠᠢ ᠢᠲᠡᠭᠡᠯ ᠠᠯᠳᠠᠭᠰᠠᠳ ᠢ ᠴᠢᠬᠤᠯᠠ ᠬᠠᠮᠢᠶᠠᠷᠤᠯᠲᠠ ᠶᠢᠨ ᠡᠲᠡᠭᠡᠳ ᠢᠶᠠᠨ ᠪᠤᠯᠭᠠᠵᠤ᠂ ᠬᠠᠤᠯᠢ ᠳᠦᠷᠢᠮ ᠶᠤᠰᠤᠭᠠᠷ ᠵᠠᠰᠠᠭ ᠵᠠᠬᠢᠷᠭᠠᠨ ᠤ ᠬᠢᠵᠠᠭᠠᠷᠯᠠᠯ ᠪᠠ ᠰᠢᠢᠳᠬᠡᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠠᠪᠤᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠦᠯ ᠵᠦᠢᠯ ᠢ ᠴᠢᠩᠭ᠎ᠠ ᠬᠢᠨᠠᠵᠤ᠂ ᠦᠢᠯᠡᠳᠪᠦᠷᠢᠯᠡᠬᠦ ᠶᠢ ᠵᠦᠪᠰᠢᠶᠡᠷᠡᠬᠦ ᠦᠨᠡᠮᠯᠡᠯ ᠢ ᠣᠯᠭᠤᠬᠤ ᠶᠢ ᠴᠢᠩᠭ᠎ᠠ ᠬᠢᠵᠠᠭᠠᠷᠯᠠᠨ᠂ ᠰᠢᠨ᠎ᠡ ᠪᠠᠷ ᠨᠡᠮᠡᠭᠳᠡᠬᠦ ᠲᠦᠷᠦᠯ ᠵᠦᠢᠯ ᠤᠨ ᠬᠢᠨᠠᠯᠲᠠ ᠪᠠ ᠵᠦᠪᠰᠢᠶᠡᠷᠡᠯ ᠢ ᠴᠢᠩᠭᠠᠳᠬᠠᠨ᠂ ᠤᠷᠤᠨ ᠬᠡᠪᠴᠢᠶᠡᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠫᠠᠶᠢᠰᠠ ᠡᠯᠭᠦᠬᠦ ᠶᠢ ᠬᠢᠵᠠᠭᠠᠷᠯᠠᠨ᠂ ᠰᠲ᠋ᠣᠺ ᠤᠨ ᠲᠠᠷᠬᠠᠭᠠᠯᠲᠠ ᠶᠢᠨ ᠵᠠᠬ᠎ᠠ ᠳᠡᠯᠭᠡᠭᠦᠷ ᠲᠤ ᠭᠠᠷᠴᠤ ᠪᠡᠯᠡ ᠴᠤᠭᠯᠠᠭᠤᠯᠬᠤ ᠪᠠ ᠵᠢᠭᠡᠯᠡᠭᠡ ᠶᠢᠨ ᠲᠡᠮᠲᠡᠭᠲᠦ ᠶᠢ ᠲᠠᠷᠬᠠᠭᠠᠬᠤ᠂ ᠬᠤᠪᠢ ᠨᠡᠶᠢᠯᠡᠭᠦᠯᠦᠭᠰᠡᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠪᠠᠭ᠎ᠠ ᠬᠡᠯᠪᠡᠷᠢ ᠶᠢᠨ ᠵᠢᠭᠡᠯᠡᠯᠭᠡ ᠶᠢᠨ ᠺᠤᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠤᠮᠫᠠᠨᠢ᠂ ᠦᠢᠯᠡᠰ ᠪᠤᠰᠬᠠᠬᠤ ᠪᠡᠯᠡ ᠤᠷᠤᠭᠤᠯᠬᠤ ᠺᠤᠮᠫᠠᠨᠢ᠂ ᠢᠨᠲ᠋ᠧᠷ ᠰᠦᠯᠵᠢᠶᠡᠨ ᠤ ᠪᠡᠯᠡ ᠴᠤᠭᠯᠠᠭᠤᠯᠬᠤ ᠳᠡᠪᠴᠠᠩ ᠵᠡᠷᠭᠡ ᠪᠠᠶᠢᠭᠤᠯᠤᠮᠵᠢ ᠶᠢᠨ ᠡᠭᠦᠰᠬᠡᠨ ᠪᠠᠶᠢᠭᠤᠯᠬᠤ ᠶᠢ ᠬᠢᠵᠠᠭᠠᠷᠯᠠᠨ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠬᠤ ᠶᠢ ᠴᠠᠭᠠᠵᠠᠯᠠᠨ᠎ᠠ᠃ ᠡᠳ᠋ ᠤᠨ ᠵᠠᠰᠠᠭ ᠤᠨ ᠪᠦᠯᠦᠭᠯᠡᠯ ᠤᠨ ᠴᠢᠨᠠᠷᠲᠠᠢ ᠪᠡᠯᠡ ᠮᠦᠩᠭᠦ ᠶᠢᠨ ᠲᠦᠷᠦᠯ ᠵᠦᠢᠯ ᠢ ᠭᠤᠶᠤᠴᠢᠯᠠᠬᠤ ᠶᠢ ᠡᠷᠡᠰ ᠬᠢᠵᠠᠭᠠᠷᠯᠠᠨ᠂ ᠤᠯᠠᠨ ᠨᠡᠶᠢᠲᠠ ᠶᠢᠨ ᠡᠬᠢ ᠪᠠᠶᠠᠯᠢᠭ ᠤᠨ ᠬᠠᠮᠢᠶᠠᠲᠠᠢ ᠠᠷᠠᠯᠵᠢᠶᠠᠨ ᠤ ᠬᠦᠳᠡᠯᠭᠡᠭᠡᠨ ᠳᠤ ᠤᠷᠤᠯᠴᠠᠬᠤ ᠶᠢ ᠬᠢᠵᠠᠭᠠᠷᠯᠠᠨ᠂ ᠰᠠᠭᠤᠷᠢ ᠲᠦᠬᠦᠭᠡᠷᠡᠮᠵᠢ ᠪᠠ ᠤᠯᠠᠨ ᠨᠡᠶᠢᠲᠡ ᠶᠢᠨ ᠠᠵᠢᠯ ᠦᠢᠯᠡᠰ ᠤᠨ ᠤᠨᠴᠠᠭᠠᠢ ᠵᠦᠪᠰᠢᠶᠡᠷᠡᠯ ᠤᠨ ᠡᠵᠡᠩᠨᠡᠯᠲᠡ ᠳᠤ ᠤᠷᠤᠯᠴᠠᠬᠤ ᠶᠢ ᠬᠢᠵᠠᠭᠠᠷᠯᠠᠨ᠎ᠠ᠃ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠵᠢᠴᠢ ᠬᠠᠤᠯᠢ ᠶᠤᠰᠤᠨ ᠤ ᠲᠦᠯᠦᠭᠡᠯᠡᠭᠴᠢ᠂ ᠬᠠᠷᠢᠭᠤᠴᠠᠯᠭᠠᠲᠠᠨ᠂ ᠳᠡᠭᠡᠳᠦ ᠲᠡᠰ ᠤᠨ ᠬᠠᠮᠢᠶᠠᠷᠤᠯᠲᠠ ᠶᠢᠨ ᠬᠡᠰᠢᠭᠦᠨ ᠪᠠ ᠢᠲᠡᠭᠡᠯ ᠠᠯᠳᠠᠭᠰᠠᠨ ᠠᠵᠢᠯᠯᠠᠭ᠎ᠠ ᠳᠤ ᠰᠢᠭᠤᠳ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ ᠬᠡᠷᠡᠭ ᠮᠡᠳᠡᠭᠴᠢ᠂ ᠬᠤᠪᠢ ᠤᠷᠤᠭᠤᠯᠤᠭᠴᠢ ᠶᠢᠨ ᠢᠷᠠᠭᠤ ᠠᠯᠳᠠᠷ ᠤᠨ ᠴᠤᠯᠠ ᠪᠠ ᠲᠡᠷᠢᠭᠦᠨ ᠤ ᠳᠠᠪᠰᠢᠭᠰᠠᠨ ᠴᠤᠯᠠ ᠶᠢ ᠦᠨᠡᠯᠡᠬᠦ ᠬᠢᠷᠢ ᠬᠡᠮ ᠢ ᠦᠭᠡᠶᠢᠰᠬᠡᠨ᠎ᠡ᠃ ︵ᠦᠭᠡᠷᠡᠴᠢᠯᠡᠯᠲᠡ ᠬᠦᠭᠵᠢᠭᠦᠯᠦᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠳᠠᠯᠠᠳ ᠤᠨ ᠬᠤᠪᠢᠶᠠᠷᠢ ᠪᠠᠩᠬᠢ ᠲᠤᠯᠤᠭᠠᠶᠢᠯᠠᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠬᠠᠷᠢᠭᠤᠴᠠᠨ᠎ᠠ︶        ︵ᠭᠤᠷᠪᠠ︶ ᠢᠲᠡᠭᠡᠯ ᠠᠯᠳᠠᠭᠰᠠᠨ ᠠᠵᠢᠯᠯᠠᠭ᠎ᠠ ᠶᠢᠨ ᠵᠠᠬ᠎ᠠ ᠳᠡᠯᠭᠡᠭᠦᠷ ᠤᠨ ᠬᠢᠵᠠᠭᠠᠷᠯᠠᠯ ᠪᠠ ᠰᠢᠢᠳᠬᠡᠬᠦ ᠪᠠᠨ ᠴᠢᠩᠭᠠᠳᠬᠠᠨ᠎ᠠ᠃ ᠬᠦᠨᠳᠦ ᠨᠤᠴᠢᠲᠠᠢ ᠢᠲᠡᠭᠡᠯ ᠠᠯᠳᠠᠭᠰᠠᠨ ᠪᠡᠶᠡᠴᠢ ᠴᠤᠭᠴᠠ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠶᠢᠭᠤᠯᠤᠮᠵᠢ ᠨᠢᠭᠡᠳᠦᠯᠲᠡᠢ ᠨᠡᠶᠢᠬᠡᠮ ᠤᠨ ᠢᠲᠡᠭᠡᠮᠵᠢ ᠶᠢᠨ ᠺᠣᠳ᠋ ᠢᠶᠠᠷ ᠵᠢᠭᠠᠯᠲᠠ ᠪᠤᠯᠭᠠᠨ᠂ ᠴᠠᠭ ᠲᠤᠬᠠᠢ ᠳᠤᠨᠢ ᠬᠠᠮᠢᠶ᠎ᠠ ᠪᠦᠬᠦᠢ ᠰᠤᠷᠠᠭ ᠵᠠᠩᠭᠢ ᠶᠢ ᠢᠯᠡ ᠪᠤᠯᠭᠠᠵᠤ᠂ ᠵᠠᠬ᠎ᠠ ᠳᠡᠯᠭᠡᠭᠦᠷ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠲᠠᠨᠢᠬᠤ ᠳᠤ ᠳᠦᠭᠦᠮ ᠦᠵᠡᠭᠦᠯᠵᠦ᠂ ᠢᠲᠡᠭᠡᠮᠵᠢ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠬᠠᠮᠢᠶ᠎ᠠ ᠪᠦᠬᠦᠢ ᠠᠵᠤ ᠠᠬᠤᠶᠢᠯᠠᠯ ᠪᠠ ᠬᠤᠪᠢ ᠬᠦᠮᠦᠨ ᠢ ᠬᠠᠤᠯᠢ ᠶᠤᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠭᠠᠷᠳᠠᠵᠤ᠂ ᠤᠯᠤᠰ ᠤᠨ ᠬᠡᠪᠯᠡᠨ ᠲᠠᠷᠬᠠᠭᠠᠭᠰᠠᠨ ᠬᠤᠯᠪᠦᠭᠠᠯᠠᠨ ᠰᠢᠢᠳᠬᠡᠬᠦ ᠬᠠᠮᠲᠤᠷᠠᠨ ᠠᠵᠢᠯᠯᠠᠬᠤ ᠰᠠᠨᠠᠭᠤᠯᠤᠮᠵᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠦᠢᠴᠡᠳᠬᠡᠬᠦ ᠴᠢᠳᠠᠪᠤᠷᠢ ᠲᠠᠢ ᠪᠠᠶᠢᠭᠠᠳ ᠭᠦᠢᠴᠡᠳᠬᠡᠬᠦ ᠶᠢ ᠳᠡᠪᠴᠢᠭᠰᠡᠨ ᠬᠦᠨᠳᠦ ᠨᠤᠴᠢᠲᠠᠢ ᠢᠲᠡᠭᠡᠯ ᠠᠯᠳᠠᠭᠰᠠᠨ ᠪᠡᠶᠡᠴᠢ ᠴᠤᠭᠴᠠ ᠳᠤ ᠭᠠᠳᠠᠭᠠᠳᠤ ᠳᠤ ᠭᠠᠷᠬᠤ ᠶᠢ ᠬᠢᠵᠠᠭᠠᠷᠯᠠᠬᠤ᠂ ᠦᠯᠦ ᠬᠥᠳᠡᠯᠬᠦ ᠬᠦᠷᠦᠩᠭᠡ ᠬᠤᠳᠠᠯᠳᠤᠨ ᠠᠪᠬᠤ᠂ ᠨᠢᠰᠬᠡᠯ ᠳᠤ ᠰᠠᠭᠤᠬᠤ᠂ ᠳᠡᠭᠡᠳᠦ ᠵᠡᠷᠭᠡ ᠶᠢᠨ ᠭᠠᠯᠲᠤ ᠲᠡᠷᠭᠡ᠂ ᠲᠤᠭᠤᠷᠢᠨ ᠵᠤᠭᠠᠴᠠᠬᠤ᠂ ᠤᠳᠤᠨ ᠲᠡᠰ ᠠᠴᠠ ᠳᠡᠭᠡᠭᠰᠢᠬᠢ ᠪᠠᠭᠤᠳᠠᠯ ᠳᠤ ᠤᠷᠤᠵᠤ ᠬᠤᠨᠤᠭᠯᠠᠬᠤ ᠵᠡᠷᠭᠡ ᠳᠡᠭᠡᠳᠦ ᠲᠡᠰ ᠤᠨ ᠬᠡᠷᠡᠭᠯᠡᠭᠡ ᠬᠢᠬᠦ ᠶᠢ ᠬᠢᠵᠠᠭᠠᠷᠯᠠᠨ᠎ᠠ᠃ ᠢᠲᠡᠭᠡᠮᠵᠢ ᠶᠢᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠬᠦᠨᠳᠦ ᠶᠡᠭᠡ ᠢᠲᠡᠭᠡᠯ ᠠᠯᠳᠠᠭᠰᠠᠨ ᠠᠵᠢᠯᠯᠠᠭᠠᠨ ᠤ ᠰᠤᠷᠠᠭ ᠵᠠᠩᠭᠢ ᠶᠢ ᠴᠤᠭᠯᠠᠭᠤᠯᠬᠤ ᠶᠢ ᠳᠡᠮᠵᠢᠵᠤ᠂ ᠢᠲᠡᠭᠡᠮᠵᠢ ᠶᠢᠨ ᠲᠡᠮᠲᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠳᠤ ᠳᠡᠮᠳᠡᠭᠯᠡᠵᠦ ᠤᠷᠤᠭᠤᠯᠤᠨ᠎ᠠ᠃ ᠬᠤᠳᠠᠯᠳᠤᠭᠠᠨ ᠤ ᠪᠠᠩᠬᠢ᠂ ᠲᠡᠮᠲᠡᠭᠲᠦ ᠶᠢᠨ ᠬᠤᠭᠤᠴᠠᠭᠠᠲᠤ ᠲᠠᠸᠠᠷ ᠡᠵᠡᠩᠨᠡᠬᠦ ᠪᠠᠶᠢᠭᠤᠯᠤᠮᠵᠢ᠂ ᠳᠠᠭᠠᠳᠬᠠᠯ ᠤᠨ ᠺᠤᠮᠫᠠᠨᠢ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠳᠤ ᠦᠨᠳᠦᠰᠦᠯᠡᠨ ᠦᠷᠲᠡᠭ ᠲᠤᠭᠲᠠᠭᠠᠬᠤ ᠵᠠᠷᠴᠢᠮ ᠢᠶᠠᠷ ᠬᠦᠨᠳᠦ ᠨᠤᠴᠢᠲᠠᠢ ᠢᠲᠡᠭᠡᠯ ᠠᠯᠳᠠᠭᠰᠠᠨ ᠪᠡᠶᠡᠴᠢ ᠴᠤᠭᠴᠠ ᠳᠤ ᠵᠢᠭᠡᠯᠡᠯᠭᠡ ᠶᠢᠨ ᠬᠦᠦ ᠮᠦᠩᠭᠦᠨ ᠤ ᠨᠤᠷᠮ᠎ᠠ ᠪᠠ ᠡᠳ᠋ ᠬᠦᠷᠦᠩᠭᠡ ᠶᠢᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢ ᠳᠡᠭᠡᠭᠰᠢᠯᠡᠭᠦᠯᠦᠨ᠂ ᠲᠡᠭᠦᠨ ᠳᠤ ᠵᠢᠭᠡᠯᠡᠯᠭᠡ ᠬᠠᠩᠭᠠᠬᠤ᠂ ᠪᠠᠲᠤᠯᠠᠨ ᠲᠠᠨᠢᠯᠴᠠᠭᠤᠯᠬᠤ᠂ ᠳᠠᠭᠠᠭᠠᠴᠢᠯᠠᠨ ᠪᠤᠷᠤᠯᠠᠭᠤᠯᠬᠤ᠂ ᠳᠠᠭᠠᠳᠬᠠᠯ ᠵᠡᠷᠭᠡ ᠦᠢᠯᠡᠴᠢᠯᠡᠭᠡ ᠬᠠᠩᠭᠠᠬᠤ ᠶᠢ ᠬᠢᠵᠠᠭᠠᠷᠯᠠᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠳᠠᠯᠠᠳ ᠤᠨ ᠬᠤᠪᠢᠶᠠᠷᠢ ᠪᠠᠩᠬᠢ ᠪᠠᠷ ᠲᠤᠯᠤᠭᠠᠶᠢᠯᠠᠭᠤᠯᠤᠨ᠂ ᠰᠢᠭᠦᠬᠦ ᠬᠤᠷᠢᠶ᠎ᠠ᠂ ᠲᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠮᠦᠩᠭᠦᠨ ᠭᠦᠢᠯᠭᠡᠭᠡᠨ ᠤ ᠠᠯᠪᠠᠨ ᠭᠡᠷ᠂ ᠰᠤᠶᠤᠯ ᠵᠢᠭᠤᠯᠴᠢᠯᠠᠯ ᠤᠨ ᠲᠤᠪᠴᠢᠶ᠎ᠠ ᠠᠴᠠ ᠬᠠᠷᠢᠭᠤᠴᠠᠨ᠎ᠠ︶      ︵ᠳᠥᠷᠪᠡ︶ ᠢᠲᠡᠭᠡᠯ ᠠᠯᠳᠠᠭᠰᠠᠨ ᠠᠵᠢᠯᠯᠠᠭ᠎ᠠ ᠳᠠᠬᠢ ᠠᠵᠢᠯ ᠮᠡᠷᠭᠡᠵᠢᠯ ᠤᠨ ᠴᠢᠨᠠᠷᠲᠠᠢ ᠬᠢᠵᠠᠭᠠᠷᠯᠠᠯ ᠪᠠ ᠰᠢᠢᠳᠬᠡᠯ ᠢ ᠴᠢᠩᠭᠠᠳᠬᠠᠨ᠎ᠠ᠃  ᠮᠠᠨ ᠤ ᠬᠤᠰᠢᠭᠤᠨ ᠤ ᠠᠵᠢᠯ ᠮᠡᠷᠭᠡᠵᠢᠯ ᠤᠨ ᠨᠡᠶᠢᠬᠡᠮᠯᠢᠭ ︵ᠬᠤᠳᠠᠯᠳᠤᠭᠠᠨ ᠤ ᠬᠤᠷᠠᠯ︶ ᠨᠢ ᠪᠦᠬᠦ ᠠᠵᠢᠯ ᠲᠦᠷᠦᠯ ᠤᠨ ᠦᠪᠡᠷ ᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠪᠠ ᠠᠵᠢᠯ ᠦᠢᠯᠡᠰ ᠤᠨ ᠮᠤᠷᠠᠯ ᠰᠤᠷᠲᠠᠯ ᠤᠨ ᠵᠠᠷᠴᠢᠮ ᠢ ᠪᠦᠲᠦᠭᠡᠨ ᠪᠠᠶᠢᠭᠤᠯᠤᠨ᠎ᠠ᠃ ᠡᠯ᠎ᠡ ᠠᠵᠢᠯ ᠮᠡᠷᠭᠡᠵᠢᠯ ᠤᠨ ᠨᠡᠶᠢᠬᠡᠮᠯᠢᠭ ︵ᠬᠤᠳᠠᠯᠳᠤᠭᠠᠨ ᠤ ᠬᠤᠷᠠᠯ︶ ᠨᠢ ᠠᠵᠢᠯ ᠮᠡᠷᠭᠡᠵᠢᠯ ᠤᠨ ᠲᠤᠲᠤᠭᠠᠳᠤ ᠶᠢᠨ ᠢᠲᠡᠭᠡᠮᠵᠢ ᠶᠢᠨ ᠰᠤᠷᠠᠭ ᠵᠠᠩᠭᠢ ᠶᠢ ᠴᠤᠭᠯᠠᠭᠤᠯᠤᠨ ᠲᠡᠭᠦᠯᠳᠡᠷᠵᠢᠭᠦᠯᠵᠦ᠂  ᠬᠠᠮᠲᠤ ᠪᠠᠷ ᠡᠳ᠋ᠯᠡᠬᠦ ᠲᠤᠭᠲᠠᠴᠠ ᠶᠢ ᠪᠦᠷᠢᠨᠰᠢᠭᠦᠯᠦᠨ᠂ ᠬᠦᠨᠳᠦ ᠨᠤᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠶᠢ ᠬᠡᠰᠢᠭᠦᠨ ᠤ ᠢᠲᠡᠭᠡᠮᠵᠢ ᠶᠢᠨ ᠳᠠᠩᠰᠠ ᠳᠤ ᠤᠷᠤᠭᠤᠯᠤᠨ᠎ᠠ᠃ ᠡᠯ᠎ᠡ ᠠᠵᠢᠯ ᠮᠡᠷᠭᠡᠵᠢᠯ ᠤᠨ ᠨᠡᠶᠢᠬᠡᠮᠯᠢᠭ ︵ᠬᠤᠳᠠᠯᠳᠤᠭᠠᠨ ᠤ ᠬᠤᠷᠠᠯ︶ ᠶᠢ ᠵᠤᠬᠢᠬᠤ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠵᠤ᠂ ᠬᠡᠰᠢᠭᠦᠨ ᠠᠵᠤ ᠠᠬᠤᠶᠢᠯᠠᠯ ᠤᠨ ᠢᠲᠡᠭᠡᠮᠵᠢ ᠶᠢᠨ ᠲᠡᠰ ᠤᠨ ᠦᠨᠡᠯᠡᠯᠲᠡ ᠶᠢ ᠬᠢᠨ᠎ᠡ᠃ ᠡᠯ᠎ᠡ ᠠᠵᠢᠯ ᠦᠢᠯᠡᠰ ᠤᠨ ᠨᠡᠶᠢᠬᠡᠮᠯᠢᠭ ︵ᠬᠤᠳᠠᠯᠳᠤᠭᠠᠨ ᠤ ᠬᠤᠷᠠᠯ︶ ᠠᠵᠢᠯ ᠮᠡᠷᠭᠡᠵᠢᠯ ᠤᠨ ᠪᠠᠷᠢᠮᠵᠢᠶ᠎ᠠ ᠪᠠ ᠬᠠᠮᠢᠶ᠎ᠠ ᠪᠦᠬᠦᠢ ᠲᠤᠭᠲᠠᠭᠠᠯ ᠢᠶᠠᠷ ᠳᠠᠮᠵᠢᠨ᠂ ᠬᠡᠷᠡᠭ ᠤᠴᠢᠷ ᠤᠨ ᠬᠦᠨᠳᠦ ᠬᠦᠩᠭᠡᠨ ᠢᠶᠠᠷ ᠨᠢ ᠬᠡᠰᠢᠭᠦᠨ ᠳᠤ ᠳᠤᠩᠭᠤᠳᠬᠤ᠂ ᠠᠵᠢᠯ ᠮᠡᠷᠭᠡᠵᠢᠯ ᠤᠨ ᠲᠤᠲᠤᠷᠠᠬᠢ ᠵᠠᠷᠯᠠᠨ ᠰᠢᠭᠦᠮᠵᠢᠯᠡᠬᠦ᠂ ᠢᠯᠡ ᠪᠠᠷ ᠰᠢᠭᠦᠮᠵᠢᠯᠡᠬᠦ᠂ ᠬᠦᠯᠢᠶᠡᠨ ᠵᠦᠪᠰᠢᠶᠡᠷᠡᠬᠦ ᠦᠭᠡᠢ᠂ ᠢᠳᠬᠠᠨ ᠭᠠᠷᠭᠠᠬᠤ ᠵᠡᠷᠭᠡ ᠰᠢᠢᠳᠬᠡᠯ ᠤᠨ ᠠᠷᠭ᠎ᠠ ᠬᠡᠮᠵᠢᠶ᠎ᠡ ᠶᠢ ᠠᠪᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠲᠤᠯᠤᠭᠠᠶᠢᠯᠠᠨ᠂ ᠬᠤᠰᠢᠭᠤᠨ ᠤ ᠡᠯ᠎ᠡ ᠬᠠᠮᠢᠶ᠎ᠠ ᠪᠦᠬᠦᠢ ᠠᠵᠢᠯ ᠮᠡᠷᠭᠡᠵᠢᠯ ᠤᠨ ᠨᠡᠶᠢᠬᠡᠮᠯᠢᠭ ᠤᠨ ᠭᠤᠤᠯᠯᠠᠭᠴᠢ ᠰᠠᠯᠠᠭ᠎ᠠ ᠮᠦᠴᠢᠷ ᠬᠠᠷᠢᠭᠤᠴᠠᠨ᠎ᠠ︶        ︵ᠲᠠᠪᠤ︶ ᠢᠲᠡᠭᠡᠯ ᠠᠯᠳᠠᠭᠰᠠᠨ ᠠᠵᠢᠯᠯᠠᠭᠠᠨ ᠳᠤ ᠨᠡᠶᠢᠬᠡᠮ ᠨᠡᠶᠢᠲᠡ ᠶᠢᠨ ᠬᠢᠵᠠᠭᠠᠷᠯᠠᠯ ᠪᠠ ᠰᠢᠢᠳᠬᠡᠯ ᠢ ᠴᠢᠩᠭᠠᠳᠬᠠᠨ᠎ᠠ᠃ ᠡᠯ᠎ᠡ ᠲᠦᠷᠦᠯ ᠤᠨ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠬᠡᠮ ᠨᠡᠶᠢᠲᠡ ᠶᠢᠨ ᠬᠦᠴᠦᠨ ᠢ ᠳᠠᠶᠢᠴᠢᠯᠠᠨ ᠢᠲᠡᠭᠡᠯ ᠠᠯᠳᠠᠭᠰᠠᠨ ᠠᠵᠢᠯᠯᠠᠭ᠎ᠠ ᠲᠠᠬᠢ ᠬᠤᠯᠪᠤᠭᠠᠯᠠᠨ ᠰᠢᠢᠳᠬᠡᠬᠦ ᠳᠡᠭᠡᠷ᠎ᠡ ᠠᠪᠴᠢᠷᠠᠨ᠎ᠠ᠃ ᠢᠲᠡᠭᠡᠯ ᠠᠯᠳᠠᠭᠰᠠᠨ ᠠᠵᠢᠯᠯᠠᠭ᠎ᠠ ᠢ ᠮᠡᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠤᠯᠠᠨ ᠨᠡᠶᠢᠲᠠ ᠶᠢ ᠠᠵᠤ ᠠᠬᠤᠶᠢᠯᠠᠯ ᠤᠨ ᠢᠲᠡᠭᠡᠯ ᠠᠯᠳᠠᠭᠰᠠᠨ‌ᠠᠵᠢᠯᠯᠠᠭ᠎ᠠ ᠶᠢ ᠮᠡᠳᠡᠭᠦᠯᠬᠦ ᠶᠢ ᠵᠤᠷᠢᠭᠵᠢᠭᠤᠯᠤᠨ᠎ᠠ᠂ ᠢᠯᠡᠴᠢᠯᠡᠨ ᠮᠡᠳᠡᠭᠦᠯᠦᠭᠰᠡᠨ ᠬᠦᠮᠦᠨ ᠤ ᠰᠤᠷᠠᠭ ᠵᠠᠩᠭᠢ ᠳᠤ ᠡᠷᠬᠡᠪᠡᠰᠢ ᠨᠢᠭᠤᠴᠠ ᠶᠢ ᠬᠠᠮᠠᠭᠠᠯᠠᠬᠤ ᠬᠡᠷᠡᠭᠲᠡᠢ᠃ ᠬᠠᠮᠢᠶ᠎ᠠ ᠪᠦᠬᠦᠢ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠤᠷᠴᠢᠨ ᠲᠤᠭᠤᠷᠢᠨ ᠢ ᠪᠤᠬᠢᠷᠳᠤᠭᠤᠯᠤᠭᠰᠠᠨ᠂ ᠬᠡᠷᠡᠭᠯᠡᠭᠴᠢᠳ ᠤᠨ ᠡᠷᠬᠡ ᠠᠰᠢᠭ ᠪᠠ ᠤᠯᠠᠨ ᠨᠡᠶᠢᠲᠠ ᠶᠢᠨ ᠪᠡᠯᠡ ᠤᠷᠤᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠵᠡᠷᠭᠡ ᠤᠯᠠᠨ ᠨᠡᠶᠢᠲᠡᠴᠢ ᠴᠢᠨᠠᠷᠲᠠᠢ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠳᠤ ᠨᠡᠶᠢᠲᠡ ᠶᠢᠨ ᠵᠠᠷᠭᠤ ᠶᠢ ᠵᠠᠷᠭᠤᠯᠳᠤᠨ᠎ᠠ᠃ ᠡᠷᠬᠡ ᠲᠡᠭᠰᠢ᠂ ᠲᠤᠰᠠᠭᠠᠷ᠂ ᠨᠦᠬᠦᠴᠡᠯ ᠲᠠᠢ ᠨᠠᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠢᠲᠡᠭᠡᠯ ᠠᠯᠳᠠᠭᠰᠠᠨ ᠶᠡᠭᠡ ᠳ᠋ᠠᠶᠢᠲ᠋ᠠ ᠳᠤ ᠶᠠᠷᠢᠶ᠎ᠠ ᠬᠡᠯᠡᠯᠴᠡᠭᠡᠨ ᠤ ᠬᠢᠨᠠᠨ ᠪᠠᠶᠢᠴᠠᠭᠠᠯᠲᠠ ᠬᠢᠵᠦ᠂ ᠠᠵᠢᠯ ᠲᠦᠷᠦᠯ ᠤᠨ ᠢᠲᠡᠭᠡᠮᠵᠢ ᠶᠢᠨ ᠮᠡᠳᠡᠭᠦᠯᠦᠯᠲᠡ ᠶᠢ ᠨᠠᠶᠢᠷᠠᠭᠤᠯᠵᠤ ᠨᠡᠶᠢᠲᠡᠯᠡᠨ᠎ᠡ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠰᠠᠯᠪᠤᠷᠢ ᠪᠠᠩᠬᠢ ᠬᠠᠷᠢᠭᠤᠴᠠᠨ᠎ᠠ︶         ︵ᠵᠢᠷᠭᠤᠭ᠎ᠠ︶ ᠬᠤᠪᠢ ᠬᠦᠮᠦᠨ ᠤ ᠢᠲᠡᠭᠡᠮᠵᠢ ᠶᠢᠨ ᠲᠡᠮᠲᠡᠭᠯᠡᠯ ᠢ ᠲᠡᠭᠦᠯᠳᠡᠷᠵᠢᠭᠦᠯᠵᠦ᠂ ᠬᠤᠯᠪᠤᠭᠠᠯᠠᠨ ᠰᠢᠢᠳᠬᠡᠬᠦ ᠠᠷᠭ᠎ᠠ ᠬᠡᠮᠵᠢᠶ᠎ᠡ ᠶᠢ ᠬᠤᠪᠢ ᠬᠦᠮᠦᠨ ᠳᠤ ᠤᠨᠤᠭᠳᠠᠭᠤᠯᠤᠨ᠎ᠠ᠃ ᠪᠦᠬᠦ ᠬᠤᠰᠢᠭᠤᠨ ᠤ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠤᠨ ᠪᠠᠶᠢᠭᠠᠯᠢ ᠬᠦᠮᠦᠨ ᠤ ᠢᠲᠡᠭᠡᠮᠵᠢ ᠶᠢᠨ ᠰᠤᠷᠠᠭ ᠵᠠᠩᠭᠢ ᠶᠢᠨ ᠦᠨᠳᠦᠰᠦᠨ ᠲᠤᠭ᠎ᠠ ᠪᠠᠷᠢᠮᠲᠠ ᠶᠢᠨ ᠬᠦᠮᠦᠷᠭᠡ ᠶᠢ ᠲᠡᠭᠦᠯᠳᠡᠷᠵᠢᠭᠦᠯᠵᠦ᠂ ︽ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠰ ᠤᠨ ᠬᠠᠮᠢᠶᠠᠷᠤᠯᠲᠠ ᠶᠢᠨ ᠳᠦᠷᠢᠮ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠨ ᠨᠡᠶᠢᠲᠡ ᠶᠢᠨ ᠢᠲᠡᠭᠡᠮᠵᠢ ᠶᠢᠨ ᠰᠤᠷᠠᠭ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠠᠷᠬᠠᠭᠠᠭᠰᠠᠨ ﹇2014﹈108 ᠳ᠋ᠤᠭᠠᠷ ᠪᠢᠴᠢᠭ ᠮᠠᠲ᠋ᠧᠷᠢᠶᠠᠯ︶ ᠢ ᠦᠨᠳᠦᠰᠦᠯᠡᠨ ᠪᠦᠬᠦ ᠬᠤᠰᠢᠭᠤᠨ ᠤ ᠬᠦᠮᠦᠨ ᠠᠮᠠ ᠶᠢᠨ ᠰᠤᠷᠠᠭ ᠵᠠᠩᠭᠢ ᠪᠠᠷ ᠰᠠᠭᠤᠷᠢ ᠪᠤᠯᠭᠠᠨ᠂ ᠶᠠᠪᠤᠭᠤᠯ ᠬᠦᠮᠦᠨ ᠠᠮᠠ ᠶᠢᠨ ᠰᠣᠷᠠᠭ ᠵᠠᠩᠭᠢ ᠶᠢ ᠬᠠᠮᠲᠤ ᠳᠤ ᠨᠢ ᠬᠠᠷᠠᠭᠠᠯᠵᠠᠨ᠂ ᠬᠤᠪᠢ ᠬᠦᠮᠦᠨ ᠤ ᠤᠯᠠᠨ ᠨᠡᠶᠢᠲᠡ ᠶᠢᠨ ᠢᠲᠡᠭᠡᠮᠵᠢ ᠶᠢᠨ ᠰᠤᠷᠠᠭ ᠵᠠᠩᠭᠢ ᠶᠢ ᠴᠤᠭᠯᠠᠭᠤᠯᠤᠨ ᠬᠢᠬᠦ ᠠᠵᠢᠯ ᠢ ᠡᠬᠢᠯᠡᠭᠦᠯᠵᠦ᠂ ᠪᠠᠶᠢᠭᠠᠯᠢ ᠬᠦᠮᠦᠨ ᠤ ᠢᠲᠡᠭᠡᠮᠵᠢ ᠶᠢᠨ ᠰᠤᠷᠠᠭ ᠵᠠᠩᠭᠢ ᠶᠢᠨ ᠰᠠᠭᠤᠷᠢ ᠲᠣᠭᠠᠨ ᠤ ᠬᠦᠮᠦᠷᠭᠡ ᠵᠢᠴᠢ ᠬᠤᠯᠪᠤᠭᠠᠯᠠᠨ ᠰᠢᠢᠳᠬᠡᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠵᠤ᠂ ᠢᠲᠡᠭᠡᠯ ᠠᠯᠳᠠᠭᠰᠠᠨ ᠰᠢᠢᠳᠬᠡᠯ ᠤᠨ ᠠᠷᠭ᠎ᠠ ᠬᠡᠮᠵᠢᠶ᠎ᠡ ᠶᠢ ᠬᠤᠪᠢ ᠬᠦᠮᠦᠨ ᠳᠤ ᠤᠨᠤᠭᠳᠠᠭᠤᠯᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠳᠠᠯᠠᠳ ᠬᠤᠰᠢᠭᠤᠨ ᠤ ᠬᠤᠪᠢᠶᠠᠷᠢ ᠪᠠᠩᠬᠢ ᠲᠤᠯᠤᠭᠠᠶᠢᠯᠠᠨ᠂ ᠲᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠰᠢᠭᠦᠬᠦ ᠬᠤᠷᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠬᠦᠮᠦᠨ ᠤ ᠡᠬᠢ ᠪᠠᠶᠠᠯᠢᠭ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ ᠠᠴᠠ ᠬᠠᠷᠢᠭᠤᠴᠠᠨ᠎ᠠ︶         ᠲᠠᠪᠤ᠂ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠬᠠᠮᠲᠤᠷᠠᠯᠴᠠᠭᠠᠨ ᠤ ᠪᠠᠶᠢᠭᠤᠯᠤᠮᠵᠢ ᠶᠢ ᠪᠠᠶᠢᠭᠤᠯᠤᠨ᠎ᠠ         ︵ᠨᠢᠭᠡ︶ ᠬᠦᠨᠳᠡᠪᠡᠯ ᠬᠠᠷᠢᠭᠤ ᠲᠤᠰᠬᠠᠯ ᠭᠠᠷᠭᠠᠬᠤ ᠪᠠᠶᠢᠭᠤᠯᠤᠮᠵᠢ ᠶᠢ ᠪᠠᠶᠢᠭᠤᠯᠤᠨ᠎ᠠ᠃ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠯᠡᠭᠡ ᠵᠣᠬᠢᠴᠠᠭᠤᠯᠭ᠎ᠠ ᠳᠤᠤᠷ᠎ᠠ ᠢᠲᠡᠭᠡᠯ ᠢ ᠵᠢᠷᠤᠮᠯᠠᠭᠰᠠᠨ‌ᠠᠵᠢᠯᠯᠠᠭ᠎ᠠ ᠶᠢ ᠬᠦᠬᠢᠭᠦᠯᠦᠨ ᠵᠤᠷᠢᠭᠵᠢᠭᠤᠯᠬᠤ ᠪᠠ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠶᠢ ᠡᠭᠦᠰᠬᠡᠨ ᠪᠠᠶᠢᠭᠤᠯᠬᠤ ᠪᠠ ᠴᠤᠤᠷᠢᠶᠠᠳᠤᠨ ᠳᠠᠭᠠᠬᠤ ᠪᠠᠶᠢᠭᠤᠯᠤᠮᠵᠢ ᠶᠢ ᠪᠦᠲᠦᠭᠡᠨ ᠪᠠᠶᠢᠭᠤᠯᠤᠨ᠎ᠠ᠃ ᠡᠯ᠎ᠡ ᠴᠠᠷ᠎ᠠ ᠬᠦᠷᠢᠶᠠᠨ ᠤ ᠢᠲᠡᠭᠡᠯ ᠢ ᠵᠢᠷᠤᠮᠯᠠᠭᠰᠠᠨ‌ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠰᠠᠯᠠᠭ᠎ᠠ ᠮᠦᠴᠢᠷ ᠠᠴᠠ ᠵᠤᠷᠢᠭᠵᠢᠭᠤᠯᠬᠤ ᠪᠠ ᠰᠢᠢᠳᠬᠡᠬᠦ ᠡᠲᠡᠭᠡᠳ ᠢᠶᠠᠨ ᠲᠤᠭᠲᠠᠭᠠᠵᠤ᠂ ᠬᠡᠷᠡᠭᠵᠢᠭᠦᠯᠬᠦ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠪᠡᠶᠡᠴᠢ ᠴᠤᠭᠴᠠ ᠳᠤ ᠠᠪᠬᠤ ᠬᠠᠷᠠᠭᠠᠯᠵᠠᠭᠰᠠᠨ ᠵᠤᠷᠢᠭᠵᠢᠭᠤᠯᠤᠯ ᠪᠠ ᠰᠢᠢᠳᠬᠡᠯ ᠤᠨ ᠠᠷᠭ᠎ᠠ ᠬᠡᠮᠵᠢᠶ᠎ᠡ ᠶᠢ ᠠᠪᠴᠦ᠂ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠤᠰᠬᠠᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠳᠠᠯᠠᠳ ᠬᠤᠰᠢᠭᠤᠨ ᠤ ᠬᠤᠪᠢᠶᠠᠷᠢ ᠪᠠᠩᠬᠢ ᠲᠤᠯᠤᠭᠠᠶᠢᠯᠠᠨ᠂ ᠬᠤᠰᠢᠭᠤᠨ ᠤ ᠬᠠᠮᠢᠶ᠎ᠠ ᠪᠦᠬᠦᠢ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ ᠬᠠᠷᠢᠭᠤᠴᠠᠨ᠎ᠠ︶        ︵ᠬᠤᠶᠠᠷ︶ ᠰᠠᠯᠠᠭ᠎ᠠ ᠮᠦᠴᠢᠷ ᠠᠯᠤᠰᠯᠠᠭᠰᠠᠨ ᠬᠠᠮᠲᠤᠷᠠᠯᠴᠠᠭᠠᠨ ᠤ ᠵᠤᠬᠢᠴᠠᠮᠵᠢ ᠶᠢ ᠬᠡᠷᠡᠭᠵᠢᠭᠦᠯᠦᠨ᠎ᠡ᠃ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠤᠯᠭ᠎ᠠ ᠶᠢᠨ ᠳᠤᠭᠤᠶᠢᠯᠠᠩ ᠤᠨ ᠬᠠᠮᠲᠤᠷᠠᠯᠴᠠᠭ᠎ᠠ  ᠪᠠ ᠵᠢᠯᠤᠭᠤᠳᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠯᠠᠭ᠎ᠠ ᠮᠦᠴᠢᠷ ᠠᠯᠤᠰᠯᠠᠭᠰᠠᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠦᠴᠢᠷ ᠤᠨ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠ ᠬᠦᠨᠳᠦ ᠨᠤᠴᠢᠲᠠᠢ ᠢᠲᠡᠭᠡᠯ ᠠᠯᠳᠠᠭᠰᠠᠨ ᠪᠡᠶᠡᠴᠢ ᠴᠤᠭᠴᠠ ᠶᠢ ᠲᠤᠭᠲᠠᠭᠠᠬᠤ ᠶᠢ ᠵᠤᠷᠢᠭᠵᠢᠭᠤᠯᠤᠨ᠂ ᠰᠠᠯᠠᠭ᠎ᠠ ᠮᠦᠴᠢᠷ ᠠᠯᠤᠰᠯᠠᠨ ᠬᠤᠯᠪᠤᠭᠠᠯᠠᠨ ᠬᠦᠬᠢᠭᠦᠯᠦᠨ ᠵᠤᠷᠢᠭᠵᠢᠭᠤᠯᠬᠤ ᠪᠤᠶᠤ ᠰᠢᠢᠳᠬᠡᠯ ᠣᠯᠭᠤᠬᠤ᠂ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠨ᠎ᠡ᠃ ᠰᠠᠯᠠᠭ᠎ᠠ ᠮᠦᠴᠢᠷ ᠠᠯᠤᠰᠯᠠᠭᠰᠠᠨ ᠨᠢᠭᠡᠳᠦᠯᠲᠡᠢ ᠢᠲᠡᠭᠡᠮᠵᠢ ᠶᠢᠨ ᠰᠤᠷᠠᠭ ᠵᠠᠩᠭᠢ ᠶᠢᠨ ᠬᠤᠯᠪᠤᠭᠠᠨ ᠤ ᠭᠠᠳᠠᠭᠰᠢ ᠪᠠᠨ ᠵᠠᠷᠯᠠᠬᠤ ᠬᠡᠷᠡᠭᠯᠡᠭᠡᠨ ᠤ ᠳᠦᠷᠢᠮ ᠢ ᠨᠡᠭᠡᠭᠡᠨ ᠰᠤᠳᠤᠯᠵᠤ᠂ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠵᠤᠷᠢᠭᠵᠢᠭᠤᠯᠬᠤ᠂ ᠢᠲᠡᠭᠡᠯ ᠢᠶᠠᠨ ᠠᠯᠳᠠᠭᠰᠠᠨ ᠢ ᠰᠢᠢᠳᠬᠡᠬᠦ ᠮᠡᠳᠡᠭᠡ ᠵᠠᠩᠭᠢ ᠶᠢᠨ ᠬᠠᠮᠲᠤ ᠪᠠᠷ ᠡᠳ᠋ᠯᠡᠬᠦ ᠪᠠ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠠᠷᠢᠯᠴᠠᠨ ᠮᠡᠳᠡᠷᠡᠬᠦ ᠶᠢ ᠪᠠᠶᠠᠯᠠᠭᠦᠯᠦᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠲᠤᠯᠤᠭᠠᠶᠢᠯᠠᠨ᠂ ᠬᠤᠰᠢᠭᠤᠨ ᠤ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠬᠡᠰᠢᠭᠦᠨ ᠪᠠᠶᠢᠭᠤᠯᠭ᠎ᠠ ᠠᠴᠠ ᠬᠠᠷᠢᠭᠤᠴᠠᠨ᠎ᠠ︶       ︵ᠭᠤᠷᠪᠠ︶ ᠢᠲᠡᠭᠡᠮᠵᠢ ᠶᠢᠨ ᠰᠤᠷᠠᠭ ᠵᠠᠩᠭᠢ ᠶᠢᠨ ᠢᠯᠡ ᠨᠡᠶᠢᠲᠡᠯᠡᠬᠦ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠲᠠᠷᠬᠠᠭᠠᠭᠰᠠᠨ ᠦᠪᠡᠷᠲᠡᠭᠡᠨ ᠵᠠᠰᠠᠬᠤ ᠤᠷᠤᠨ  ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠵᠡᠷᠭᠡ ᠢᠲᠡᠭᠡᠮᠵᠢ ᠶᠢᠨ ᠰᠤᠷᠠᠭ ᠵᠠᠩᠭᠢ ᠶᠢᠨ ᠢᠯᠡ ᠨᠡᠶᠢᠲᠡᠯᠡᠬᠦ ᠠᠵᠢᠯ ᠤᠨ ᠲᠥᠰᠥᠯ ᠤᠨ ᠲᠤᠬᠠᠢ ᠲᠤᠩᠬᠠᠭ︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠠᠷᠬᠠᠭᠠᠭᠰᠠᠨ ﹇2015﹈ 130 ᠳ᠋ᠤᠭᠠᠷ ᠪᠢᠴᠢᠭ ᠮᠠᠲ᠋ᠧᠷᠢᠶᠠᠯ︶ ᠤᠨ ᠱᠠᠭᠠᠷᠳᠠᠯᠭ᠎ᠠ ᠪᠠᠷ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠤᠨ ᠰᠤᠷᠠᠭ ᠵᠠᠩᠭᠢ ᠢᠲᠡᠭᠡᠮᠵᠢ ᠶᠢᠨ ᠰᠤᠷᠠᠭ ᠵᠠᠩᠭᠢ ᠶᠢᠨ ᠢᠯᠡ ᠨᠡᠶᠢᠲᠡᠯᠡᠬᠦ ᠪᠠᠶᠢᠭᠤᠯᠤᠮᠵᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠦᠮᠦᠨ ᠤ ᠨᠢᠭᠤᠴᠠ ᠵᠢᠴᠢ ᠬᠠᠤᠯᠢ ᠴᠠᠭᠠᠵᠠ ᠳᠦᠷᠢᠮ ᠲᠤᠭᠲᠠᠭᠠᠯ ᠳᠤ  ᠥᠭᠡᠷ᠎ᠡ ᠲᠤᠭᠲᠠᠭᠠᠯ ᠲᠠᠢ ᠠᠴᠠ ᠭᠠᠳᠠᠨ᠎ᠠ ᠬᠤᠰᠢᠭᠤᠨ ᠤ ᠡᠯ᠎ᠡ ᠰᠠᠯᠠᠭ᠎ᠠ ᠮᠦᠴᠢᠷ ᠡᠷᠬᠡᠪᠡᠰᠢ ᠡᠯ᠎ᠡ ᠪᠠᠶᠢᠭᠠᠯᠢ ᠬᠦᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠤᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠵᠡᠷᠭᠡ ᠰᠤᠷᠠᠭ ᠵᠠᠩᠭᠢ ᠶᠢ ᠬᠢᠭᠰᠡᠨ ᠤ ᠳᠠᠷᠠᠭᠠᠬᠢ 7 ᠠᠵᠢᠯᠯᠠᠬᠤ ᠡᠳᠦᠷ ᠤᠨ ᠲᠤᠲᠤᠷ᠎ᠠ ᠵᠠᠰᠠᠭ ᠤᠨ ᠤᠷᠳᠤᠨ ᠤ ᠰᠦᠯᠵᠢᠶ᠎ᠡ ᠪᠠᠷ ᠳᠠᠮᠵᠢᠨ  ᠨᠡᠶᠢᠲᠡᠯᠡᠬᠦ ᠶᠢᠨ ᠬᠠᠮᠲᠤ ᠴᠠᠭ ᠲᠤᠬᠠᠢ  ᠳᠤᠨᠢ ︽ᠳᠠᠯᠠᠳ ᠬᠤᠰᠢᠭᠤᠨ ᠤ ᠢᠲᠡᠭᠡᠮᠵᠢ ᠶᠢᠨ ᠲᠣᠣᠷ ᠰᠦᠯᠵᠢᠶ᠎ᠡ︾ ᠪᠠᠷ ᠳᠠᠮᠵᠢᠨ ᠲᠦᠪᠯᠡᠷᠡᠭᠦᠯᠦᠨ ᠨᠡᠶᠢᠲᠡᠯᠡᠨ᠎ᠡ᠂ ᠨᠡᠶᠢᠬᠡᠮ ᠳᠤ ᠨᠢᠭᠡ ᠯᠡ ᠤᠳᠠᠭ᠎ᠠ ᠳᠤ ᠪᠠᠶᠢᠴᠠᠭᠠᠵᠤ ᠦᠷ᠎ᠡ ᠳ᠋ᠦᠩ ᠢ ᠣᠯᠬᠤ ᠦᠢᠯᠡᠴᠢᠯᠡᠭᠡ ᠶᠢ ᠬᠠᠩᠭᠠᠨ᠎ᠠ᠂ ᠴᠤᠭᠯᠠᠭᠤᠯᠬᠤ ᠶᠤᠰᠤᠲᠠᠢ ᠵᠦᠢᠯ ᠢ ᠪᠦᠭᠦᠳᠡ ᠶᠢ ᠴᠤᠭᠯᠠᠭᠤᠯᠵᠤ᠂ ᠨᠡᠶᠢᠲᠡᠯᠡᠬᠦ ᠶᠤᠰᠤᠲᠠᠢ ᠵᠦᠢᠯ ᠢ ᠪᠦᠭᠦᠳᠡ ᠶᠢ ᠨᠡᠶᠢᠲᠡᠯᠡᠨ᠎ᠡ᠃ ᠠᠵᠤ ᠠᠬᠤᠶᠢᠯᠠᠯ ᠳᠤ ᠬᠤᠯᠪᠤᠭᠳᠠᠬᠤ ᠬᠠᠮᠢᠶ᠎ᠠ ᠪᠦᠬᠦᠢ ᠰᠤᠷᠠᠭ ᠵᠠᠩᠭᠢ ᠶᠢ ᠠᠵᠤ ᠠᠬᠤᠶᠢᠯᠠᠯ ᠤᠨ ᠰᠤᠷᠠᠭ ᠵᠠᠩᠭᠢ ᠶᠢᠨ ᠲᠦᠷ ᠬᠡᠷᠡᠭᠯᠡᠬᠦ ᠲᠤᠭᠲᠠᠭᠠᠯ ᠶᠤᠰᠤᠭᠠᠷ ᠠᠵᠤ ᠠᠬᠤᠶᠢᠯᠠᠯ ᠤᠨ ᠢᠲᠡᠭᠡᠮᠵᠢ ᠶᠢᠨ ᠰᠤᠷᠠᠭ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶ ᠳᠤ ᠨᠡᠶᠢᠲᠡᠯᠡᠨ᠎ᠡ ᠃ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠵᠦ ᠭᠠᠷᠭᠠᠭᠰᠠᠨ ᠬᠠᠤᠯᠢ ᠴᠠᠭᠠᠵᠠ ᠶᠢᠨ ᠰᠢᠭᠦᠨ ᠲᠠᠰᠤᠯᠤᠯᠲᠠ᠂ ᠢᠲᠡᠭᠡᠯ ᠢᠶᠠᠨ ᠠᠯᠳᠠᠭᠰᠠᠨ ᠭᠦᠢᠴᠡᠳᠬᠡᠭᠦᠯᠦᠭᠴᠢ ᠶᠢᠨ ᠨᠡᠷᠡᠰ ᠤᠨ ᠬᠦᠰᠦᠨᠦᠭ ᠵᠡᠷᠭᠡ ᠢᠲᠡᠭᠡᠮᠵᠢ ᠶᠢᠨ ᠰᠤᠷᠠᠭ ᠵᠠᠩᠭᠢ ᠨᠢ ︽ᠳᠠᠯᠠᠳ ᠬᠤᠰᠢᠭᠤᠨ ᠤ ᠢᠲᠡᠭᠡᠮᠵᠢ ᠶᠢᠨ ᠲᠣᠣᠷ︾ ᠰᠦᠯᠵᠢᠶ᠎ᠡ ᠪᠠᠷ ᠳᠠᠮᠵᠢᠨ ᠨᠡᠶᠢᠬᠡᠮ ᠨᠡᠶᠢᠲᠡ ᠳᠤ ᠨᠡᠶᠢᠲᠡᠯᠡᠨ᠎ᠡ᠂ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠢᠶᠠᠷ ᠳᠠᠮᠵᠢᠨ ᠪᠤᠰᠤᠳ ᠰᠠᠯᠠᠭ᠎ᠠ ᠮᠦᠴᠢᠷ ᠲᠠᠢ ᠰᠤᠷᠠᠭ ᠵᠠᠩᠭᠢ ᠪᠠᠨ ᠬᠠᠮᠲᠤ ᠪᠠᠷ ᠡᠳ᠋ᠯᠡᠬᠦ ᠶᠢ ᠪᠠᠶᠠᠯᠡᠭᠦᠯᠦᠨ᠎ᠡ᠃ ︵ᠬᠦᠭᠵᠢᠭᠦᠯᠦᠯᠲᠡ ᠦᠭᠡᠷᠡᠴᠢᠯᠡᠯᠲᠠ ᠶᠢᠨ ᠲᠤᠪᠴᠢᠶ᠎ᠠ ᠲᠤᠯᠤᠭᠠᠶᠢᠯᠠᠨ᠂ ᠬᠤᠰᠢᠭᠤᠨ ᠤ ᠡᠯ᠎ᠡ ᠰᠢᠭᠤᠳ ᠬᠠᠷᠢᠶᠠᠯᠠᠭᠳᠠᠬᠤ ᠰᠠᠯᠠᠭ᠎ᠠ ᠮᠦᠴᠢᠷ ᠠᠴᠠ ᠬᠠᠷᠢᠭᠤᠴᠠᠨ᠎ᠠ︶       ︵ᠳᠥᠷᠪᠡ︶ ᠢᠲᠡᠭᠡᠮᠵᠢ ᠶᠢᠨ ᠰᠤᠷᠠᠭ ᠵᠠᠩᠭᠢ ᠶᠢ ᠴᠤᠭᠯᠠᠭᠤᠯᠵᠦ ᠬᠠᠮᠲᠤ ᠪᠠᠷ ᠡᠳ᠋ᠯᠡᠬᠦ ᠪᠠ ᠬᠡᠷᠡᠭᠯᠡᠬᠦ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠢ ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠲᠡᠭᠦᠨ ᠤ ᠢᠲᠡᠭᠡᠮᠵᠢ ᠶᠢᠨ ᠰᠤᠷᠠᠭ ᠵᠠᠩᠭᠢ ᠶᠢ ᠴᠤᠭᠯᠠᠭᠤᠯᠵᠦ ᠬᠠᠮᠲᠤ ᠪᠠᠷ ᠡᠳ᠋ᠯᠡᠬᠦ ᠪᠠ ᠴᠡᠭᠴᠡᠯᠡᠨ ᠵᠠᠰᠠᠬᠤ ᠶᠢᠨ ᠭᠤᠣᠯ ᠭᠤᠭᠴᠤᠭᠠᠨ ᠤ ᠦᠢᠯᠡᠳᠦᠯ ᠢ ᠪᠠᠳᠠᠷᠠᠭᠤᠯᠤᠨ᠎ᠠ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠳᠠᠪᠴᠠᠩ ᠪᠠ ᠬᠤᠲᠠ᠂ ᠦᠪᠡᠷᠲᠡᠭᠡᠨ ᠵᠠᠰᠠᠬᠤ ᠤᠷᠤᠨ ᠤ ᠨᠡᠶᠢᠬᠡᠮ ᠤᠨ ᠢᠲᠡᠭᠡᠮᠵᠢ ᠶᠢᠨ ᠬᠠᠮᠲᠤ ᠪᠠᠷ ᠡᠳ᠋ᠯᠡᠬᠦ ᠳᠠᠪᠴᠠᠩ ᠤᠨ ᠬᠠᠷᠢᠯᠴᠠᠨ ᠨᠡᠪᠲᠡᠷᠡᠯᠴᠡᠬᠦ ᠬᠠᠷᠢᠯᠴᠠᠨ ᠬᠤᠯᠪᠤᠯᠳᠤᠬᠤ ᠪᠠ ᠰᠤᠷᠠᠭ ᠵᠠᠩᠭᠢ ᠶᠢᠨ ᠬᠠᠮᠲᠤ ᠪᠠᠷ ᠡᠳ᠋ᠯᠡᠬᠦ ᠶᠢ ᠪᠡᠶᠡᠯᠡᠬᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠳᠤ ᠳᠦᠰᠢᠭᠯᠡᠨ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠯᠪᠤᠭᠠᠯᠠᠨ ᠭᠠᠷ ᠤᠨ ᠦᠰᠦᠭ ᠵᠢᠷᠤᠭᠰᠠᠨ ᠬᠠᠮᠲᠤᠷᠠᠯᠴᠠᠭᠠᠨ ᠤ ᠰᠠᠨᠠᠭᠤᠯᠤᠮᠵᠢ᠂ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ‌ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠤᠤᠷᠢᠶᠠᠳᠤᠨ ᠳᠠᠭᠠᠬᠤ᠂ ᠰᠤᠷᠠᠭ ᠵᠠᠩᠭᠢ ᠶᠢ ᠲᠠᠷᠬᠠᠭᠠᠬᠤ᠂ ᠬᠡᠷᠡᠭᠵᠢᠭᠦᠯᠦᠨ ᠲᠤᠰᠬᠠᠬᠤ᠂ ᠢᠲᠡᠭᠡᠮᠵᠢ ᠶᠢ ᠰᠡᠷᠭᠦᠭᠡᠬᠦ᠂ ᠤᠨᠳᠤᠤ ᠰᠠᠨᠠᠯ ᠢ ᠰᠢᠢᠳᠪᠦᠷᠢᠯᠡᠬᠦ ᠵᠡᠷᠭᠡ ᠬᠦᠳᠡᠯᠭᠡᠭᠡᠨᠲᠦ ᠬᠠᠮᠲᠤᠷᠠᠯᠴᠠᠭᠠᠨ ᠤ ᠴᠢᠳᠠᠮᠵᠢ ᠶᠢ ᠪᠠᠶᠢᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠣᠷᠠᠭ ᠵᠠᠩᠭᠢ ᠶᠢᠨ ᠳᠠᠪᠴᠠᠩ ᠳᠤ ᠢᠲᠡᠭᠡᠮᠵᠢ ᠶᠢᠨ ᠰᠤᠷᠠᠭ ᠵᠠᠩᠭᠢ ᠶᠢᠨ ᠪᠠᠶᠢᠴᠠᠭᠠᠯᠲᠠ ᠪᠠ ᠬᠡᠷᠡᠭᠯᠡᠯᠲᠡ ᠶᠢ ᠵᠦᠪᠰᠢᠶᠡᠷᠡᠬᠦ᠂ ᠬᠢᠨᠠᠨ ᠬᠠᠮᠢᠶᠠᠷᠤᠬᠤ ᠠᠵᠢᠯ ᠶᠢᠨ ᠶᠠᠪᠤᠴᠠ ᠳᠤᠮᠳᠠ ᠪᠠᠨ ᠤᠷᠤᠭᠤᠯᠵᠤ᠂ ᠪᠠᠶᠢᠴᠠᠭᠠᠬᠤ ᠶᠤᠰᠤᠲᠠᠢ ᠵᠦᠢᠯ ᠢ ᠪᠦᠬᠦᠨ ᠢ ᠪᠠᠶᠢᠴᠠᠭᠠᠵᠤ᠂ ᠬᠦᠬᠢᠭᠦᠯᠦᠯ ᠪᠠ ᠰᠢᠢᠳᠬᠡᠯ ᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠭᠠᠵᠠᠷ᠂ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯ ᠲᠦᠷᠦᠯ ᠤᠨ ᠨᠡᠶᠢᠬᠡᠮᠯᠢᠭ ᠵᠡᠷᠭᠡ ᠵᠤᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠶᠢ  ᠬᠠᠮᠲᠤ ᠪᠠᠷ ᠡᠳ᠋ᠯᠡᠬᠦ ᠵᠤᠬᠢᠴᠠᠮᠵᠢ ᠶᠢᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠪᠠ ᠨᠡᠶᠢᠬᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠳᠦᠯᠴᠡᠯ ᠪᠠ ᠠᠭᠤᠰᠤᠯᠴᠠᠯ ᠢ ᠠᠬᠢᠭᠤᠯᠤᠨ᠂ ᠬᠠᠮᠤᠭ ᠶᠡᠭᠡ ᠬᠡᠮᠵᠢᠶᠡᠨ ᠳᠡᠭᠡᠷ᠎ᠡ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ‌ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠦᠢᠯᠡᠳᠦᠯ ᠢ ᠬᠠᠮᠤᠭ ᠶᠡᠭᠡ ᠬᠡᠮᠵᠢᠶᠡᠨ ᠳᠤ ᠪᠠᠳᠠᠷᠠᠭᠤᠯᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠨ᠎ᠠ︶        ︵ᠲᠠᠪᠤ︶ ᠵᠤᠷᠢᠭᠵᠢᠭᠤᠯᠬᠤ ᠪᠠ ᠰᠢᠢᠳᠬᠡᠬᠦ ᠠᠷᠭ᠎ᠠ ᠪᠠᠷᠢᠯ ᠤᠨ ᠨᠠᠷᠢᠨ ᠳᠠᠩᠰᠠ ᠶᠢ ᠪᠠᠶᠢᠭᠤᠯᠤᠨ᠎ᠠ᠃ ᠤᠯᠤᠰ ᠤᠨ ᠬᠠᠮᠢᠶ᠎ᠠ ᠪᠦᠬᠦᠢ ᠤᠷᠤᠨ ᠬᠡᠪᠴᠢᠶᠡᠨ ᠤ ᠬᠠᠮᠲᠤᠷᠠᠯᠴᠠᠭᠠᠨ ᠤ ᠰᠠᠨᠠᠭᠤᠯᠤᠮᠵᠢ ᠶᠢᠨ ᠰᠠᠭᠤᠷᠢᠨ ᠳᠡᠭᠡᠷ᠎ᠡ᠂ ᠬᠠᠤᠯᠢ ᠴᠠᠭᠠᠵᠠ ᠳᠥᠷᠢᠮ ᠲᠤᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠤᠳᠤᠷᠬᠠᠢ ᠲᠤᠭᠲᠠᠭᠠᠭᠰᠠᠨ ᠬᠤᠯᠪᠦᠭᠠᠯᠠᠨ ᠵᠤᠷᠢᠭᠵᠢᠭᠤᠯᠬᠤ ᠪᠠ ᠬᠤᠯᠪᠤᠭᠠᠯᠠᠨ ᠰᠢᠢᠳᠬᠡᠬᠦ ᠤᠴᠢᠷ ᠶᠠᠪᠤᠳᠠᠯ ᠢ ᠨᠠᠷᠢᠨ ᠡᠮᠬᠢᠯᠡᠨ᠂ ᠪᠦᠬᠦ ᠬᠤᠰᠢᠭᠤᠨ ᠤ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠠᠷᠭ᠎ᠠ ᠪᠠᠷᠢᠯ ᠤᠨ ᠨᠠᠷᠢᠨ ᠳᠠᠩᠰᠠ ᠶᠢ ᠪᠠᠶᠢᠭᠤᠯᠤᠨ᠎ᠠ᠃ ᠭᠤᠣᠯᠳᠠᠭᠤ ᠬᠤᠶᠠᠷ ᠲᠦᠷᠥᠯ ᠬᠤᠪᠢᠶᠠᠨ᠄ ᠨᠢᠭᠡ ᠨᠢ ᠪᠣᠯ ᠠᠯᠪᠠᠳᠠᠯᠭ᠎ᠠ ᠶᠢᠨ ᠴᠢᠨᠠᠷᠲᠠᠢ ᠠᠷᠭ᠎ᠠ ᠪᠠᠷᠢᠯ᠂ ᠬᠠᠤᠯᠢ ᠶᠤᠰᠤᠭᠠᠷ ᠡᠷᠬᠡᠪᠡᠰᠢ ᠬᠤᠯᠪᠤᠭᠠᠯᠠᠨ ᠬᠡᠷᠡᠭᠵᠢᠭᠦᠯᠬᠦ ᠴᠢᠬᠤᠯᠠᠲᠠᠢ ᠵᠤᠷᠢᠭᠵᠢᠭᠤᠯᠤᠯ ᠪᠠ ᠰᠢᠢᠳᠬᠡᠯ ᠤᠨ ᠠᠷᠭ᠎ᠠ ᠪᠠᠷᠢᠯ᠂ ᠬᠤᠶᠠᠷ ᠨᠢ ᠲᠠᠨᠢᠯᠴᠠᠭᠤᠯᠭ᠎ᠠ ᠶᠢᠨ ᠴᠢᠨᠠᠷᠲᠠᠢ ᠠᠷᠭ᠎ᠠ ᠪᠠᠷᠢᠯ᠂ ᠡᠯ᠎ᠡ ᠲᠠᠯ᠎ᠠ ᠠᠴᠠ ᠲᠠᠨᠢᠯᠴᠠᠭᠤᠯᠤᠭᠰᠠᠨ ᠢᠲᠡᠭᠡᠯ ᠢ ᠵᠢᠷᠤᠮᠯᠠᠭᠰᠠᠨ ᠢ ᠵᠤᠷᠢᠭᠵᠢᠭᠤᠯᠬᠤ ᠳᠤ ᠵᠤᠬᠢᠮᠵᠢᠲᠠᠢ᠂ ᠢᠲᠡᠭᠡᠯ ᠠᠯᠳᠠᠭᠰᠠᠨ ᠢ ᠰᠢᠢᠳᠬᠡᠬᠦ ᠲᠥᠷᠥ ᠶᠢᠨ  ᠪᠣᠳᠣᠯᠭ᠎ᠠ ᠶᠢᠨ ᠬᠠᠨᠳᠤᠰᠢ ᠲᠠᠢ ᠵᠤᠬᠢᠴᠠᠭᠰᠠᠨ᠂ ᠬᠤᠰᠢᠭᠤᠨ ᠤ ᠡᠯ᠎ᠡ ᠰᠠᠯᠠᠭ᠎ᠠ ᠮᠦᠴᠢᠷ ᠠᠴᠠ ᠪᠣᠳᠠᠲᠣ ᠪᠠᠶᠢᠳᠠᠯ ᠳᠤ ᠵᠤᠬᠢᠴᠠᠭᠤᠯᠤᠨ ᠬᠠᠮᠢᠶ᠎ᠠ ᠪᠦᠬᠦᠢ ᠠᠷᠭ᠎ᠠ ᠪᠠᠷᠢᠯ ᠢ ᠠᠪᠴᠤ ᠪᠤᠯᠤᠨ᠎ᠠ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤᠷᠰᠢᠯᠭ᠎ᠠ ᠪᠠᠨ ᠳ᠋ᠦᠩᠨᠡᠵᠦ᠂ ᠬᠤᠶᠠᠷ ᠲᠦᠷᠦᠯ ᠤᠨ ᠠᠷᠭ᠎ᠠ ᠪᠠᠷᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢᠨ ᠬᠠᠮᠲᠤ ᠬᠠᠮᠢᠶ᠎ᠠ ᠪᠦᠬᠦᠢ  ᠪᠠᠶᠢᠭᠤᠯᠤᠯ ᠤᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠲᠤᠯᠤᠭᠠᠶᠢᠯᠠᠨ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠨ᠎ᠠ︶         ︵ᠵᠢᠷᠭᠤᠭ᠎ᠠ︶ ᠢᠲᠡᠭᠡᠮᠵᠢ ᠶᠢᠨ ᠰᠡᠷᠭᠦᠯᠲᠡ ᠶᠢᠨ ᠵᠤᠬᠢᠴᠠᠮᠵᠢ ᠶᠢ ᠪᠦᠲᠦᠭᠡᠨ ᠪᠠᠶᠢᠭᠤᠯᠵᠤ ᠲᠡᠭᠦᠯᠳᠡᠷᠵᠢᠭᠦᠯᠦᠨ᠎ᠡ᠃ ᠬᠤᠯᠪᠤᠭᠠᠯᠠᠨ ᠰᠢᠢᠳᠬᠡᠬᠦ ᠠᠷᠭ᠎ᠠ ᠪᠠᠷᠢᠯ ᠤᠨ ᠡᠭᠦᠰᠬᠡᠭᠰᠡᠨ ᠰᠠᠯᠠᠭ᠎ᠠ ᠮᠦᠴᠢᠷ ᠪᠠ ᠬᠡᠷᠡᠭᠵᠢᠭᠦᠯᠦᠭᠰᠡᠨ ᠰᠠᠯᠠᠭ᠎ᠠ ᠮᠦᠴᠢᠷ ᠨᠢ ᠬᠠᠤᠯᠢ ᠴᠠᠭᠠᠵᠠ ᠳᠦᠷᠢᠮ ᠲᠤᠭᠲᠠᠭᠠᠯ ᠪᠠ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠦᠬᠦᠢ ᠠᠵᠢᠯ ᠤᠨ ᠳᠦᠷᠢᠮ ᠲᠤᠭᠲᠠᠭᠠᠯ ᠶᠤᠰᠤᠭᠠᠷ᠂ ᠡᠯ᠎ᠡ ᠲᠥᠷᠥᠯ ᠤᠨ ᠢᠲᠡᠭᠡᠯ ᠠᠯᠳᠠᠭᠰᠠᠨ ᠠᠵᠢᠯᠯᠠᠭᠠᠨ ᠤ ᠬᠤᠯᠪᠤᠭᠠᠯᠠᠨ ᠰᠢᠢᠳᠬᠡᠬᠦ ᠬᠤᠭᠤᠴᠠᠭ᠎ᠠ ᠶᠢ ᠤᠨᠤᠪᠴᠢᠲᠠᠢ ᠪᠤᠯᠭᠠᠵᠤ᠂ ᠨᠡᠶᠢᠬᠡᠮ ᠨᠡᠶᠢᠲᠡ ᠳᠤ ᠨᠡᠶᠢᠲᠡᠯᠡᠨ᠎ᠡ᠃ ᠲᠤᠭᠲᠠᠭᠠᠭᠰᠠᠨ ᠬᠤᠭᠤᠴᠠᠭᠠᠨ ᠲᠤᠲᠤᠷ᠎ᠠ ᠢᠲᠡᠭᠡᠯ ᠠᠯᠳᠠᠭᠰᠠᠨ ᠠᠵᠢᠯᠯᠠᠭ᠎ᠠ ᠶᠢᠨ ᠵᠠᠯᠠᠷᠠᠭᠤᠯᠵᠤ᠂ ᠮᠠᠭᠤ ᠨᠦᠯᠦᠭᠡ ᠪᠠᠨ ᠠᠷᠢᠯᠭᠠᠪᠠᠯ ᠬᠤᠯᠪᠤᠭᠠᠯᠠᠨ ᠰᠢᠢᠳᠬᠡᠬᠦ ᠡᠲᠡᠭᠡᠳ ᠤᠨ ᠨᠡᠷᠡᠰ ᠠᠴᠠ ᠬᠠᠰᠤᠵᠤ ᠪᠣᠯᠣᠨ᠎ᠠ᠃ ᠦᠪᠡᠷᠲᠡᠭᠡᠨ ᠥᠪᠡᠷ ᠤᠨ ᠠᠯᠳᠠᠭ᠎ᠠ ᠲᠤᠲᠠᠭᠳᠠᠯ ᠢᠶᠠᠨ ᠬᠠᠯᠠᠨ ᠵᠠᠯᠠᠷᠠᠭᠤᠯᠬᠤ᠂ ᠬᠦᠳᠡᠯᠦᠩᠭᠦᠢ ᠪᠠᠷ ᠰᠢᠨᠡᠳᠬᠦ ᠨᠡᠶᠢᠬᠡᠮ ᠤᠨ ᠵᠤᠷᠢᠭᠵᠢᠭᠤᠯᠤᠯ ᠪᠠ ᠬᠠᠯᠠᠮᠵᠢᠯᠠᠯ ᠤᠨ ᠵᠤᠬᠢᠴᠠᠮᠵᠢ ᠶᠢ ᠪᠠᠶᠢᠭᠤᠯᠤᠨ᠂ ᠢᠲᠡᠭᠡᠯ ᠠᠯᠳᠠᠭᠰᠠᠨ ᠬᠤᠪᠢ ᠬᠦᠮᠦᠨ ᠢ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠷᠭ᠎ᠠ ᠪᠠᠷᠢᠯ ᠢᠶᠠᠷ ᠳᠠᠮᠵᠢᠨ ᠢᠲᠡᠭᠡᠮᠵᠢ ᠶᠢ ᠨᠢ ᠰᠡᠷᠭᠦᠭᠡᠨ᠎ᠡ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠠᠴᠠ ᠲᠤᠯᠤᠭᠠᠶᠢᠯᠠᠨ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠨ᠎ᠠ︶        ︵ᠳᠤᠯᠤᠭ᠎ᠠ︶ ᠢᠲᠡᠭᠡᠮᠵᠢ ᠶᠢᠨ ᠪᠡᠶᠡᠴᠢ ᠴᠤᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢᠨ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠢᠲᠡᠭᠡᠮᠵᠢ ᠶᠢᠨ ᠰᠤᠷᠠᠭ ᠵᠠᠩᠭᠢ ᠶᠢᠨ ᠤᠨᠳᠤᠤ ᠰᠠᠨᠠᠯ ᠤᠨ ᠭᠤᠮᠤᠳᠠᠯ ᠲᠤᠭᠠᠴᠢᠬᠤ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠲᠤᠬᠠᠢ ᠳᠤ ᠨᠢ ᠢᠲᠡᠭᠡᠮᠵᠢ ᠶᠢᠨ ᠰᠤᠷᠠᠭ ᠵᠠᠩᠭᠢ ᠶᠢᠨ ᠤᠨᠳᠤᠤ ᠰᠠᠨᠠᠯ ᠤᠨ ᠭᠤᠮᠤᠳᠠᠯ ᠲᠤᠭᠠᠴᠢᠬᠤ ᠪᠠ ᠵᠠᠭᠠᠯᠳᠤᠯᠭ᠎ᠠ ᠶᠢ ᠰᠢᠢᠳᠪᠦᠷᠢᠯᠡᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠠᠷᠭ᠎ᠠ ᠪᠠᠷᠢᠯ ᠢ ᠬᠡᠷᠡᠭᠵᠢᠭᠦᠯᠬᠦ ᠳᠤᠮᠳᠠ ᠪᠠᠨ ᠣᠯᠵᠣ ᠮᠡᠳᠡᠭᠰᠡᠨ᠂ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠤᠨᠳᠤᠤ ᠰᠠᠨᠠᠯ ᠤᠨ ᠭᠤᠶᠤᠴᠢᠯᠠᠯ ᠪᠤᠶᠤ ᠵᠠᠭᠠᠯᠳᠤᠯᠭ᠎ᠠ ᠪᠠᠷ ᠳᠠᠮᠵᠢᠨ ᠮᠡᠳᠡᠭᠡ ᠵᠠᠩᠭᠢ ᠶᠢᠨ ᠦᠨᠡᠨ ᠪᠤᠰᠤ ᠪᠣᠯᠬᠤ ᠶᠢ ᠪᠠᠲᠤᠯᠠᠭᠰᠠᠨ ᠪᠣᠯ ᠴᠠᠭ ᠲᠤᠬᠠᠢ ᠳᠤᠨᠢ ᠰᠤᠷᠠᠭ ᠵᠠᠩᠭᠢ ᠶᠢ ᠬᠠᠩᠭᠠᠭᠰᠠᠨ ᠪᠠᠶᠢᠭᠤᠯᠭ᠎ᠠ ᠳᠤ ᠮᠡᠳᠡᠭᠳᠡᠨ ᠬᠠᠷᠭᠤᠯᠵᠤ᠂ ᠰᠤᠷᠠᠭ ᠵᠠᠩᠭᠢ ᠶᠢ ᠬᠠᠩᠭᠠᠭᠰᠠᠨ ᠪᠠᠶᠢᠭᠤᠯᠭ᠎ᠠ ᠠᠴᠠ ᠦᠳᠲᠡᠷ ᠲᠦᠷᠭᠡᠨ ᠬᠠᠷᠭᠤᠭᠤᠯᠤᠨ ᠮᠠᠭᠠᠳᠯᠠᠬᠤ ᠶᠢᠨ ᠬᠠᠮᠲᠤ ᠲᠤᠰᠬᠠᠨ᠎ᠠ᠃ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠠᠷᠭ᠎ᠠ ᠪᠠᠷᠢᠯ ᠢ ᠰᠤᠷᠠᠭ ᠵᠠᠩᠭᠢ ᠶᠢ ᠬᠠᠷᠭᠤᠭᠤᠯᠵᠤ ᠪᠠᠶᠢᠬᠤ ᠬᠤᠭᠤᠴᠠᠭᠠᠨ  ᠳᠤ ᠭᠦᠢᠴᠡᠳᠬᠡᠬᠦ ᠦᠭᠡᠢ᠃ ᠬᠠᠷᠭᠤᠭᠤᠯᠤᠭᠰᠠᠨ ᠤ ᠳᠠᠷᠠᠭ᠎ᠠ ᠰᠤᠷᠠᠭ ᠵᠠᠩᠭᠢ ᠨᠢ ᠪᠤᠷᠤᠭᠤ ᠪᠠᠶᠢᠬᠤ ᠳᠤ ᠬᠦᠷᠪᠡᠯ ᠴᠠᠭ ᠲᠤᠬᠠᠢ ᠳᠤ ᠨᠢ ᠵᠠᠯᠠᠷᠠᠭᠤᠯᠤᠨ ᠦᠭᠡᠶᠢᠰᠬᠡᠨ᠎ᠡ᠃ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠭᠰᠡᠨ ᠨᠢ ᠪᠤᠷᠤᠭᠤ ᠪᠠᠶᠢᠭᠰᠠᠨ ᠪᠠᠶᠢᠳᠠᠯ ᠳᠣᠣᠷ᠎ᠠ ᠪᠡᠶᠡᠴᠢ ᠴᠤᠭᠴᠠ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ ᠬᠠᠮᠢᠶ᠎ᠠ ᠪᠦᠬᠦᠢ ᠪᠠᠶᠢᠭᠤᠯᠭ᠎ᠠ ᠪᠠ ᠰᠠᠯᠠᠭ᠎ᠠ ᠮᠦᠴᠢᠷ ᠠᠴᠠ ᠢᠳᠡᠪᠬᠢᠲᠡᠢ ᠠᠷᠭ᠎ᠠ ᠬᠡᠮᠵᠢᠶ᠎ᠡ ᠠᠪᠴᠤ ᠨᠡᠷ᠎ᠡ ᠲᠥᠷᠥ ᠶᠢ ᠨᠢ ᠰᠡᠷᠭᠦᠭᠡᠨ᠂ ᠮᠠᠭᠤ ᠨᠦᠯᠦᠭᠡ ᠶᠢ ᠦᠭᠡᠶᠢᠰᠬᠡᠵᠦ ᠦᠭᠭᠦᠨ᠎ᠡ᠃ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠲᠣᠰ ᠪᠡᠶ᠎ᠡ ᠶᠢᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠨ᠎ᠡ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠠᠴᠠ ᠲᠤᠯᠤᠭᠠᠶᠢᠯᠠᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠨ᠎ᠠ︶         ︵ᠨᠠᠢᠮᠠ︶ ᠮᠦᠷᠳᠡᠨ ᠳᠠᠭᠠᠵᠤ ᠦᠷ᠎ᠡ ᠪᠦᠲᠦᠮᠵᠢ ᠶᠢ ᠪᠠᠶᠢᠴᠠᠭᠠᠬᠤ ᠵᠤᠬᠢᠴᠠᠮᠵᠢ ᠶᠢ ᠪᠠᠶᠢᠭᠤᠯᠤᠨ᠎ᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠦᠷᠢᠨ ᠲᠦᠬᠦᠷ ᠢᠲᠡᠭᠡᠮᠵᠢ ᠶᠢᠨ ᠬᠤᠯᠪᠤᠭᠠᠯᠠᠨ ᠵᠤᠷᠢᠭᠵᠢᠭᠤᠯᠬᠤ ᠪᠠ ᠰᠢᠢᠳᠬᠡᠬᠦ ᠠᠵᠢᠯ ᠤᠨ ᠳᠦᠷᠢᠮ ᠢ ᠲᠡᠭᠦᠯᠳᠡᠷᠵᠢᠭᠦᠯᠦᠨ᠂ ᠪᠦᠬᠦ ᠬᠤᠰᠢᠭᠤᠨ ᠤ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠢ ᠭᠦᠢᠴᠡᠳ ᠠᠰᠢᠭᠯᠠᠨ᠂ ᠢᠲᠡᠭᠡᠮᠵᠢ ᠶᠢᠨ ᠬᠤᠯᠪᠤᠭᠠᠯᠠᠨ ᠬᠦᠬᠢᠭᠦᠯᠦᠨ ᠵᠤᠷᠢᠭᠵᠢᠭᠤᠯᠬᠤ ᠪᠠ ᠰᠢᠢᠳᠬᠡᠬᠦ ᠳᠤ ᠮᠦᠷᠳᠡᠨ ᠳᠠᠭᠠᠬᠤ᠂ ᠬᠢᠨᠠᠨ ᠬᠡᠮᠵᠢᠬᠦ᠂ ᠪᠦᠷᠢᠳᠬᠡᠬᠦ᠂ ᠦᠨᠡᠯᠡᠬᠦ ᠵᠤᠬᠢᠴᠠᠮᠵᠢ ᠶᠢ ᠪᠠᠶᠢᠭᠤᠯᠬᠤ ᠶᠢᠨ ᠬᠠᠮᠲᠤ ᠬᠠᠷᠠᠭᠠᠯᠵᠠᠭᠰᠠᠨ ᠬᠢᠨᠠᠨ ᠪᠠᠶᠢᠴᠠᠭᠠᠬᠤ᠂ ᠬᠢᠨᠠᠨ ᠰᠢᠯᠭᠠᠬᠤ ᠳᠦᠷᠢᠮ ᠢ ᠪᠠᠶᠢᠭᠤᠯᠤᠨ᠎ᠠ᠃ ᠢᠲᠡᠭᠡᠮᠵᠢ ᠶᠢᠨ ᠰᠤᠷᠠᠭ ᠵᠠᠩᠭᠢ ᠪᠠᠨ ᠬᠤᠷᠢᠶᠠᠩᠭᠤᠶᠢᠯᠡᠬᠤ᠂ ᠬᠠᠮᠲᠤ ᠪᠠᠷ ᠡᠳ᠋ᠯᠡᠬᠦ᠂ ᠬᠦᠬᠢᠭᠦᠯᠦᠯ ᠵᠤᠷᠢᠭᠵᠢᠭᠤᠯᠤᠯ ᠪᠠ ᠰᠢᠢᠳᠬᠡᠯ ᠤᠨ ᠠᠷᠭ᠎ᠠ ᠪᠠᠷᠢᠯ ᠢ ᠬᠡᠷᠡᠭᠵᠢᠭᠦᠯᠬᠦ ᠬᠦᠴᠦᠯᠡᠴᠡ ᠳᠤ ᠪᠠᠨ ᠬᠦᠷᠦᠭᠰᠡᠨ ᠦᠭᠡᠢ ᠪᠠᠶᠢᠭᠤᠯᠭ᠎ᠠ ᠪᠠ ᠰᠠᠯᠠᠭ᠎ᠠ ᠮᠦᠴᠢᠷ ᠢ ᠵᠠᠷᠯᠠᠬᠤ ᠪᠦᠭᠡᠳ ᠬᠢᠨᠠᠯᠲᠠ ᠲᠠᠯᠪᠢᠵᠦ ᠴᠡᠭᠴᠡᠯᠡᠨ ᠵᠠᠰᠠᠨ᠎ᠠ᠂ ᠡᠯ᠎ᠡ ᠬᠤᠯᠪᠤᠭᠠᠯᠠᠨ ᠵᠤᠷᠢᠭᠵᠢᠭᠤᠯᠬᠤ ᠪᠠ ᠬᠤᠯᠪᠤᠭᠠᠯᠠᠨ ᠰᠢᠢᠳᠬᠡᠬᠦ ᠠᠷᠭ᠎ᠠ ᠪᠠᠷᠢᠯ ᠢ ᠴᠦᠮ ᠪᠤᠳᠠᠲᠠᠶᠢᠵᠢᠭᠤᠯᠤᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠲᠤᠯᠤᠭᠠᠶᠢᠯᠠᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠨ᠎ᠠ︶        ᠵᠢᠷᠭᠤᠭ᠎ᠠ᠂ ᠬᠠᠤᠯᠢ ᠴᠠᠭᠠᠵᠠ ᠳᠦᠷᠢᠮ ᠲᠤᠭᠲᠠᠭᠠᠯ ᠪᠠ ᠢᠲᠡᠭᠡᠮᠵᠢ ᠶᠢᠨ ᠰᠤᠶᠤᠯ ᠤᠨ  ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠎ᠠ        ︵ᠨᠢᠭᠡ︶ ᠬᠠᠮᠢᠶ᠎ᠠ ᠪᠦᠬᠦᠢ ᠢᠲᠡᠭᠡᠮᠵᠢ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠰᠢᠭᠤᠨ ᠤ ᠡᠯ᠎ᠡ ᠰᠠᠯᠠᠭ᠎ᠠ ᠮᠦᠴᠢᠷ ᠢᠳᠡᠪᠬᠢᠲᠡᠢ ᠪᠠᠷ ᠢᠲᠡᠭᠡᠮᠵᠢ ᠶᠢᠨ ᠰᠤᠷᠠᠭ ᠵᠠᠩᠭᠢ ᠶᠢᠨ ᠬᠤᠷᠢᠶᠠᠩᠭᠤᠶᠢᠯᠠᠬᠤ᠂ ᠬᠠᠮᠲᠤ ᠪᠠᠷ ᠡᠳ᠋ᠯᠡᠬᠦ᠂ ᠨᠡᠶᠢᠲᠡᠯᠡᠬᠦ ᠪᠠ ᠬᠡᠷᠡᠭᠯᠡᠬᠦ ᠬᠠᠮᠢᠶ᠎ᠠ ᠪᠦᠬᠦᠢ ᠳᠦᠷᠢᠮ ᠢ ᠰᠤᠳᠤᠯᠤᠨ ᠠᠬᠢᠭᠤᠯᠤᠨ᠎ᠠ᠃ ᠢᠲᠡᠭᠡᠮᠵᠢ ᠶᠢᠨ ᠬᠢᠵᠠᠭᠠᠷᠯᠠᠯ ᠪᠠ ᠬᠠᠮᠲᠤ ᠶᠢᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠳᠤᠤᠷ᠎ᠠ ᠬᠠᠮᠢᠶ᠎ᠠ ᠪᠦᠬᠦᠢ ᠪᠠᠶᠢᠭᠤᠯᠭ᠎ᠠ ᠨᠢ ᠣᠳᠣᠬᠠᠨ ᠤ ᠳᠦᠷᠢᠮᠵᠢᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠤᠭᠲᠠᠭᠠᠯ ᠳᠤ ᠵᠠᠰᠠᠪᠤᠷᠢᠯᠠᠬᠤ ᠰᠠᠨᠠᠯ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠵᠢᠷᠤᠮ ᠢᠶᠠᠷ ᠳᠠᠮᠵᠢᠨ ᠵᠠᠰᠠᠪᠤᠷᠢᠯᠠᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠠᠴᠠ ᠲᠤᠯᠤᠭᠠᠶᠢᠯᠠᠨ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠡᠷᠭᠡ ᠰᠠᠯᠠᠭ᠎ᠠ ᠮᠦᠴᠢᠷ ᠠᠴᠠ ᠬᠠᠷᠢᠭᠤᠴᠠᠨ᠎ᠠ︶        ︵ᠬᠤᠶᠠᠷ︶ ᠢᠲᠡᠭᠡᠮᠵᠢ ᠶᠢᠨ ᠪᠠᠷᠢᠮᠵᠢᠶᠠᠨ ᠤ ᠵᠢᠷᠤᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠡᠶᠢᠬᠡᠮ ᠤᠨ ᠢᠲᠡᠭᠡᠮᠵᠢ ᠶᠢᠨ ᠺᠣᠳ᠋ ᠤᠨ ᠳᠦᠷᠢᠮ ᠤᠨ ᠨᠠᠶᠢᠳᠠᠪᠤᠷᠢᠵᠢᠬᠤ ᠶᠢ ᠲᠦᠯᠬᠢᠨ ᠠᠬᠢᠭᠤᠯᠵᠤ᠂ ᠢᠲᠡᠭᠡᠮᠵᠢ ᠶᠢᠨ ᠰᠤᠷᠠᠭ ᠵᠠᠩᠭᠢ ᠶᠢᠨ ᠴᠤᠭᠯᠠᠭᠤᠯᠬᠤ᠂ ᠬᠠᠳᠠᠭᠠᠯᠠᠬᠤ᠂ ᠬᠠᠮᠲᠤ ᠪᠠᠷ ᠡᠳ᠋ᠯᠡᠬᠦ᠂ ᠨᠡᠶᠢᠲᠡᠯᠡᠬᠦ᠂ ᠬᠡᠷᠡᠭᠯᠡᠬᠦ ᠪᠠ ᠢᠲᠡᠭᠡᠮᠵᠢ ᠶᠢᠨ ᠦᠨᠡᠯᠯᠡᠲᠡ᠂ ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠪᠦᠬᠦ ᠤᠷᠤᠨ ᠤ ᠢᠲᠡᠭᠡᠮᠵᠢ ᠶᠢᠨ ᠰᠤᠷᠠᠭ ᠵᠠᠩᠭᠢ ᠶᠢᠨ ᠬᠠᠮᠲᠤ ᠪᠠᠷ ᠡᠳ᠋ᠯᠡᠬᠦ ᠳᠡᠪᠴᠠᠩ ᠢ ᠪᠠᠶᠢᠭᠤᠯᠤᠨ ᠳᠥᠷᠢᠮᠵᠢᠭᠦᠯᠵᠦ᠂ ᠳ᠋ᠠᠶᠢᠲ᠋ᠠ ᠶᠢᠨ ᠬᠡᠯᠪᠡᠷᠢ᠂ ᠳ᠋ᠠᠶᠢᠲ᠋ᠠ ᠶᠢᠨ ᠵᠠᠯᠭᠠᠰᠤ ᠵᠡᠷᠭᠡ ᠮᠡᠷᠭᠡᠵᠢᠯ ᠤᠨ ᠪᠠᠷᠢᠮᠵᠢᠶ᠎ᠠ ᠪᠠᠨ ᠨᠢᠭᠡᠳᠬᠡᠨ᠎ᠡ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠣᠳᠠᠲᠣ ᠪᠠᠶᠢᠳᠠᠯ ᠳᠤ ᠪᠠᠨ ᠵᠤᠬᠢᠴᠠᠭᠤᠯᠤᠨ᠂ ᠢᠲᠡᠭᠡᠮᠵᠢ ᠶᠢᠨ ᠰᠤᠷᠠᠭ ᠵᠠᠩᠭᠢ ᠶᠢᠨ ᠬᠤᠷᠢᠶᠠᠩᠭᠤᠶᠢᠯᠠᠬᠤ᠂ ᠬᠠᠮᠲᠤ ᠪᠠᠷ ᠡᠳ᠋ᠯᠡᠬᠦ᠂ ᠨᠡᠶᠢᠲᠡᠯᠡᠬᠦ᠂ ᠬᠡᠷᠡᠭᠯᠡᠬᠦ ᠪᠠ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ᠂ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠠᠵᠢᠯ ᠤᠨ ᠶᠠᠪᠤᠴᠠ ᠪᠠ ᠠᠵᠢᠯᠯᠠᠬᠤ ᠪᠠᠷᠢᠮᠵᠢᠶ᠎ᠠ ᠶᠢ ᠬᠡᠷᠡᠭᠯᠡᠨ᠂ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠤᠷᠠᠭ ᠵᠠᠩᠭᠢ ᠶᠢᠨ ᠳᠠᠪᠴᠠᠩ ᠲᠠᠢ ᠵᠠᠯᠭᠠᠵᠤ ᠴᠢᠳᠠᠬᠤ ᠬᠡᠷᠡᠭᠲᠡᠢ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠬᠡᠰᠢᠭᠦᠨ ᠪᠠᠶᠢᠭᠤᠯᠭ᠎ᠠ ᠡᠷᠬᠡᠪᠡᠰᠢ ᠬᠠᠤᠯᠢ ᠴᠠᠭᠠᠵᠠ ᠳᠦᠷᠢᠮ ᠲᠤᠭᠲᠠᠭᠠᠯ ᠪᠠ ᠭᠠᠵᠠᠷ ᠤᠷᠤᠨ ᠤ ᠴᠢᠨᠠᠷᠲᠠᠢ ᠬᠠᠤᠯᠢ ᠳᠦᠷᠢᠮ᠂ ᠳᠥᠷᠢᠮ ᠲᠤᠭᠲᠠᠭᠠᠯ ᠢᠶᠠᠷ ᠦᠨᠳᠦᠰᠦᠯᠡᠯ ᠪᠤᠯᠭᠠᠨ᠂ ᠤᠯᠤᠰ᠂ ᠦᠪᠡᠷᠲᠡᠭᠡᠨ ᠵᠠᠰᠠᠬᠤ ᠤᠷᠤᠨ ᠤ ᠲᠤᠭᠲᠠᠭᠠᠭᠰᠠᠨ ᠬᠤᠯᠪᠤᠭᠠᠯᠠᠨ ᠵᠤᠷᠢᠭᠵᠢᠭᠤᠯᠤᠨ ᠰᠢᠢᠳᠬᠡᠬᠦ ᠡᠲᠡᠭᠡᠳ ᠤᠨ ᠨᠡᠷᠡᠰ ᠤᠨ ᠬᠦᠰᠦᠨᠦᠭ ᠤᠨ ᠮᠠᠭᠠᠳᠯᠠᠬᠤ ᠪᠠᠷᠢᠮᠵᠢᠶ᠎ᠠ ᠪᠠᠷ ︽ᠢᠲᠡᠭᠡᠯ ᠢ ᠵᠢᠷᠤᠮᠯᠠᠬᠤ︾ ᠪᠠ ︽ᠢᠲᠡᠭᠡᠯ ᠠᠯᠳᠠᠬᠤ︾ ᠶᠢᠨ ᠪᠠᠷᠢᠮᠵᠢᠶ᠎ᠠ ᠶᠢ ᠲᠤᠳᠤᠷᠬᠠᠶᠢᠯᠠᠵᠤ᠂ ᠢᠲᠡᠭᠡᠯ ᠤᠨ ᠵᠢᠷᠤᠮᠯᠠᠭᠰᠠᠨ‌ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ‌ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ︵ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠲᠤᠯᠤᠭᠠᠶᠢᠯᠠᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠷᠢᠭᠤᠴᠠᠨ᠎ᠠ︶         ︵ᠭᠤᠷᠪᠠ︶ ᠢᠲᠡᠭᠡᠮᠵᠢ ᠶᠢᠨ ᠰᠤᠷᠭᠠᠨ ᠬᠦᠮᠦᠵᠢᠯ ᠪᠠ ᠢᠲᠡᠭᠡᠮᠵᠢ ᠶᠢᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠬᠡᠮ ᠤᠨ ᠡᠯ᠎ᠡ ᠡᠲᠡᠭᠡᠳ ᠤᠨ ᠬᠦᠴᠦᠨ ᠢ ᠵᠤᠬᠢᠶᠠᠨ ᠪᠠᠶᠢᠭᠤᠯᠵᠤ᠂ ᠥᠷᠭᠡᠨ ᠤᠯᠠᠨ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠬᠠᠤᠯᠢ ᠶᠤᠰᠤᠭᠠᠷ ᠡᠵᠡᠩᠨᠡᠬᠦ ᠶᠢ ᠤᠷᠢᠶᠠᠯᠠᠨ ᠂ ︽ᠢᠲᠡᠭᠡᠮᠵᠢ ᠶᠢᠨ ᠬᠤᠳᠠᠯᠳᠤᠭ᠎ᠠ ᠪᠠᠨ ᠮᠠᠨᠳᠤᠭᠤᠯᠬᠤ︾ ᠦᠢᠯᠭᠠᠭᠳᠠᠬᠤᠨ ᠢ ᠪᠣᠢ ᠪᠤᠯᠭᠠᠵᠤ᠂ ᠰᠤᠨᠢᠨ ᠮᠡᠳᠡᠭᠡ ᠵᠠᠭᠤᠴᠢᠯᠠᠭᠤᠷ ᠵᠡᠷᠭᠡ ᠤᠯᠠᠨ ᠠᠷᠭ᠎ᠠ ᠵᠠᠮ ᠢᠶᠠᠷ ᠳᠠᠮᠵᠢᠨ ᠦᠨᠡᠨᠴᠢ ᠢᠲᠡᠭᠡᠮᠵᠢᠲᠠᠢ ᠠᠵᠤ ᠠᠬᠤᠶᠢᠯᠠᠯ ᠪᠠ ᠬᠤᠪᠢ ᠬᠦᠮᠦᠨ ᠢ ᠤᠬᠠᠭᠤᠯᠤᠨ ᠰᠤᠷᠲᠠᠯᠴᠢᠯᠠᠵᠤ᠂ ᠭᠦᠨ ᠵᠤᠵᠠᠭᠠᠨ ᠨᠡᠶᠢᠬᠡᠮ ᠤᠨ ᠠᠭᠤᠷ ᠠᠮᠢᠰᠬᠤᠯ ᠢ ᠪᠣᠢ ᠪᠤᠯᠭᠠᠨ ᠢᠲᠡᠭᠡᠯ ᠠᠯᠳᠠᠭᠰᠠᠨ ᠠᠵᠢᠯᠯᠠᠭ᠎ᠠ ᠳᠠᠬᠢ ᠶᠤᠰᠤ ᠰᠤᠷᠲᠠᠬᠤᠨ ᠤ ᠬᠢᠵᠠᠭᠠᠷᠯᠠᠯ ᠢ ᠴᠢᠩᠭᠠᠳᠬᠠᠨ᠂ ᠨᠡᠶᠢᠬᠡᠮ ᠤᠨ ᠶᠡᠷᠢᠶ᠎ᠡ ᠬᠡᠯᠡᠯᠴᠡᠭᠡᠨ ᠤ ᠬᠢᠨᠠᠯᠲᠠ ᠶᠢᠨ ᠵᠤᠬᠢᠴᠠᠮᠵᠢ ᠶᠢ ᠲᠡᠭᠦᠯᠳᠡᠷᠵᠢᠭᠦᠯᠦᠨ᠂ ᠲᠤᠰᠬᠠᠢ ᠰᠡᠳᠤᠪᠲᠦ ᠲᠧᠯᠸᠢᠰ ᠪᠤᠯᠤᠩ ᠵᠢᠴᠢ ᠲᠤᠰᠬᠠᠢ ᠫᠷᠤᠭ᠍ᠷᠡᠮ ᠢ ᠦᠢᠯᠡᠳᠴᠦ᠂ ᠢᠲᠡᠭᠡᠯ ᠢ ᠵᠢᠷᠤᠮᠯᠠᠭᠰᠠᠨ‌ᠨᠡᠶᠢᠲᠡᠯᠢᠭ ᠵᠢᠱᠢᠶ᠎ᠡ ᠵᠢᠴᠢ ᠢᠲᠡᠭᠡᠯ ᠠᠯᠳᠠᠭᠰᠠᠨ ᠰᠢᠢᠳᠬᠡᠯ ᠤᠨ ᠵᠢᠱᠢᠶ᠎ᠡ ᠶᠢ ᠤᠯᠠᠨ ᠳᠤ ᠦᠵᠡᠭᠦᠯᠦᠨ᠎ᠡ᠃ ᠰᠤᠨᠢᠨ ᠰᠡᠳᠬᠦᠯ᠂ ᠷᠠᠳᠢᠤ᠋᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠨ ᠢᠲᠡᠭᠡᠯ ᠠᠯᠳᠠᠭᠰᠠᠨ ᠪᠡᠶᠡᠴᠢ ᠴᠤᠭᠴᠠ ᠲᠠᠬᠢ ᠬᠢᠨᠡᠯᠲᠡ ᠶᠢ ᠴᠢᠩᠭᠠᠳᠬᠠᠵᠤ᠂ ᠨᠡᠶᠢᠬᠡᠮ ᠳᠤ ᠨᠦᠯᠦᠭᠡ ᠲᠤᠰᠬᠠᠯ ᠢᠶᠠᠷ ᠮᠠᠭᠤ᠂ ᠬᠡᠷᠡᠭ ᠤᠴᠢᠷ  ᠨᠢ ᠬᠦᠨᠳᠦ ᠨᠤᠴᠢᠲᠠᠢ ᠢᠲᠡᠭᠡᠯ ᠠᠯᠳᠠᠭᠰᠠᠨ ᠬᠡᠷᠡᠭ ᠢ ᠢᠯᠡᠴᠢᠯᠡᠵᠦ᠂ ᠤᠯᠠᠨ ᠲᠦᠮᠡᠨ ᠢᠶᠠᠷ ᠦᠨᠡᠯᠡᠭᠦᠯᠦᠨ ᠶᠡᠷᠢᠯᠴᠠᠭᠤᠯᠵᠤ᠂ ᠢᠲᠡᠭᠡᠯ ᠠᠯᠳᠠᠭᠰᠠᠨ ᠪᠡᠶᠡᠴᠢ ᠴᠤᠭᠴᠠ ᠳᠠᠬᠢ ᠶᠠᠷᠢᠶ᠎ᠠ ᠬᠡᠯᠡᠯᠴᠡᠭᠡᠨ ᠤ ᠳᠠᠷᠤᠯᠲᠠ ᠪᠠ ᠶᠤᠰᠤ ᠰᠤᠷᠲᠠᠬᠤᠨ ᠤ ᠬᠢᠵᠠᠭᠠᠷᠯᠠᠯ ᠢ ᠪᠣᠢ ᠪᠣᠯᠭᠠᠨ᠎ᠠ᠃ ᠰᠤᠷᠭᠠᠭᠤᠯᠢ᠂ ᠪᠠᠶᠢᠭᠤᠯᠭ᠎ᠠ ᠨᠢᠭᠡᠴᠢ᠂ ᠨᠡᠶᠢᠬᠡᠮ ᠲᠤᠭᠤᠷᠢᠭ᠂ ᠭᠡᠷ ᠪᠦᠯᠢ ᠵᠡᠷᠭᠡ ᠪᠠᠷ ᠳᠠᠮᠵᠢᠨ ᠢᠲᠡᠭᠡᠯ ᠠᠯᠳᠠᠭᠰᠠᠨ ᠬᠤᠪᠢ ᠬᠦᠮᠦᠨ ᠳᠠᠬᠢ ᠰᠤᠷᠭᠠᠨ ᠬᠦᠮᠦᠵᠢᠯ ᠪᠠ ᠳᠡᠮᠵᠢᠯᠭᠡ ᠪᠠᠨ ᠴᠢᠩᠭᠠᠳᠬᠠᠨ᠂ ᠴᠠᠭ ᠲᠤᠬᠠᠢ  ᠳᠤᠨᠢ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢ ᠬᠦᠲᠦᠯᠦᠨ ᠳᠠᠭᠠᠭᠤᠯᠤᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠤᠷᠤᠭᠴᠢ ᠪᠠ ᠵᠠᠯᠠᠭᠤᠴᠤᠳ ᠤᠨ ᠢᠲᠡᠭᠡᠮᠵᠢ ᠶᠢᠨ ᠤᠬᠠᠭᠤᠯᠭ᠎ᠠ ᠪᠠ ᠰᠤᠷᠭᠠᠨ ᠬᠦᠮᠦᠵᠢᠯ ᠢ ᠴᠢᠩᠭᠠᠳᠬᠠᠨ᠂ ᠨᠢᠭᠲᠠᠯᠠᠨ ᠪᠤᠳᠤᠭᠴᠢ᠂ ᠬᠢᠨᠠᠨ ᠪᠣᠳᠣᠭᠴᠢ᠂ ᠵᠢᠭᠤᠯᠴᠢᠯᠠᠯ ᠤᠨ ᠬᠦᠲᠥᠴᠢ᠂ ᠳᠠᠭᠠᠳᠬᠠᠯ ᠤᠨ ᠵᠠᠭᠤᠴᠢᠯᠠᠭᠴᠢ᠂ ᠠᠯᠪᠠᠨ ᠠᠵᠢᠯᠲᠠᠨ ᠵᠡᠷᠭᠡ ᠴᠢᠬᠤᠯᠠ ᠴᠠᠷ᠎ᠠ ᠬᠦᠷᠢᠶᠠᠨ ᠤ ᠬᠦᠮᠦᠰ ᠲᠠᠬᠢ ᠢᠲᠡᠭᠡᠮᠵᠢ ᠶᠢ ᠴᠢᠬᠤᠯᠠᠴᠢᠯᠠᠬᠤ ᠪᠠᠷ ᠠᠭᠤᠯᠭ᠎ᠠ ᠪᠠᠨ ᠪᠤᠯᠭᠠᠭᠰᠠᠨ ᠠᠵᠢᠯ ᠮᠡᠷᠭᠡᠵᠢᠯ ᠤᠨ ᠶᠤᠰᠤ ᠰᠤᠷᠲᠠᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠢᠲᠡᠭᠡᠯ ᠢ ᠵᠢᠷᠤᠮᠯᠠᠭᠰᠠᠨ‌ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠤᠬᠠᠭᠤᠯᠭ᠎ᠠ ᠶᠢᠨ ᠮᠡᠳᠡᠭᠡᠯᠡᠯ ᠪᠠ ᠬᠡᠷᠡᠭ ᠤᠨ ᠵᠠᠳᠠᠯᠤᠯ ᠤᠨ ᠬᠦᠴᠦᠯᠡᠴᠡ ᠪᠠᠨ ᠴᠢᠩᠭᠠᠳᠬᠠᠨ᠎ᠠ᠃ ︵ᠤᠬᠠᠭᠤᠯᠬᠤ ᠬᠡᠯᠲᠡᠰ᠂ ᠪᠤᠯᠪᠠᠰᠤᠨ ᠤ ᠠᠯᠪᠠᠨ ᠭᠡᠷ ᠲᠤᠯᠤᠭᠠᠶᠢᠯᠠᠨ᠂ ᠲᠧᠯᠸᠢᠰ ᠬᠤᠷᠢᠶ᠎ᠠ᠂ ᠰᠤᠨᠢᠨ ᠬᠤᠷᠢᠶ᠎ᠠ ᠠᠴᠠ ᠬᠠᠷᠢᠭᠤᠴᠠᠨ᠎ᠠ︶         ︵ᠳᠥᠷᠪᠡ︶ ᠬᠡᠷᠡᠭᠵᠢᠭᠦᠯᠦᠯᠲᠡ ᠪᠠ ᠰᠢᠪᠠᠳᠠᠨ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠨ᠎ᠠ᠃ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢᠲᠡᠭᠡᠯ ᠢ ᠵᠢᠷᠤᠮᠯᠠᠭᠰᠠᠨ ᠠᠵᠢᠯᠯᠠᠭ᠎ᠠ ᠶᠢ ᠬᠤᠯᠪᠤᠭᠠᠯᠠᠨ ᠵᠤᠷᠢᠭᠵᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠤᠭᠠᠯᠠᠨ ᠰᠢᠢᠳᠬᠡᠬᠦ ᠶᠢ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠷᠭ᠎ᠠ ᠬᠡᠮᠵᠢᠶ᠎ᠡ ᠪᠤᠯᠭᠠᠨ ᠲᠤᠰ ᠲᠦᠰᠦᠯ ᠤᠨ ᠲᠤᠭᠲᠠᠭᠠᠭᠰᠠᠨ ᠪᠤᠳᠠᠲᠣ ᠠᠵᠢᠯ ᠤᠨ ᠠᠷᠭ᠎ᠠ ᠪᠠᠷᠢᠯ ᠢ ᠨᠠᠷᠢᠨ ᠬᠢᠨᠠᠮᠠᠭᠠᠢ ᠪᠠᠷ ᠬᠡᠷᠡᠭᠵᠢᠭᠦᠯᠵᠦ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠪᠤᠳᠠᠲᠠᠢ ᠴᠢᠩᠭ᠎ᠠ ᠠᠳᠬᠤᠵᠤ᠂ ᠠᠵᠢᠯ ᠤᠨ ᠵᠤᠬᠢᠴᠠᠮᠵᠢ ᠶᠢ ᠪᠠᠶᠢᠭᠤᠯᠵᠤ᠂ ᠢᠲᠡᠭᠡᠮᠵᠢ ᠶᠢᠨ ᠠᠵᠢᠯ ᠤᠨ ᠪᠠᠶᠢᠭᠤᠯᠤᠮᠵᠢ᠂ ᠬᠡᠰᠢᠭᠦᠨ ᠤ ᠤᠷᠤᠨ ᠲᠤᠭ᠎ᠠ᠂ ᠲᠦᠷᠦᠯ ᠵᠦᠢᠯ ᠤᠨ ᠲᠤᠰᠬᠠᠢ ᠪᠡᠯᠡ ᠮᠦᠩᠭᠦ ᠵᠡᠷᠭᠡ ᠴᠢᠬᠤᠯᠠ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠬᠤᠯᠪᠤᠭᠠᠯᠠᠨ ᠵᠤᠷᠢᠭᠵᠢᠭᠤᠯᠬᠤ ᠪᠠ ᠬᠤᠯᠪᠤᠭᠠᠯᠠᠨ ᠰᠢᠢᠳᠬᠡᠬᠦ ᠠᠷᠭ᠎ᠠ ᠪᠠᠷᠢᠯ ᠢ ᠤᠨᠤᠪᠴᠢᠲᠠᠢ ᠲᠤᠤᠱᠯᠠᠭᠤᠯᠬᠤ ᠶᠢ ᠪᠠᠲᠤᠯᠠᠨ᠎ᠠ᠃ ᠨᠦᠬᠦᠴᠡᠯ ᠲᠠᠢ ᠪᠠᠶᠢᠭᠤᠯᠭ᠎ᠠ ᠶᠢᠨ ᠤᠷᠢᠳᠠᠪᠠᠷ ᠲᠤᠷᠰᠢᠵᠤ ᠤᠷᠢᠳᠠᠪᠠᠷ ᠬᠡᠷᠡᠭᠵᠢᠭᠦᠯᠬᠦ ᠶᠢ ᠵᠤᠷᠢᠭᠵᠢᠭᠤᠯᠤᠨ᠂ ᠬᠠᠮᠲᠤᠷᠠᠨ ᠠᠵᠢᠯᠯᠠᠬᠤ ᠰᠠᠨᠠᠭᠤᠯᠤᠮᠵᠢ ᠪᠠ ᠳᠦᠷᠢᠮᠵᠢᠭᠰᠡᠨ ᠪᠢᠴᠢᠭ ᠮᠠᠲ᠋ᠧᠷᠢᠶᠠᠯ ᠳᠡᠭᠡᠷ᠎ᠡ ᠭᠠᠷ ᠤᠨ ᠦᠰᠦᠭ ᠵᠢᠷᠤᠬᠤ ᠵᠡᠷᠭᠡ ᠠᠯᠢ ᠤᠯᠠᠨ ᠬᠡᠯᠪᠡᠷᠢ ᠪᠠᠷ ᠤᠷᠲᠤ ᠬᠤᠭᠤᠴᠠᠭᠠᠨ ᠤ ᠦᠷ᠎ᠡ ᠠᠰᠢᠭ ᠲᠠᠢ ᠵᠤᠬᠢᠴᠠᠮᠵᠢ ᠶᠢ ᠪᠠᠶᠢᠭᠤᠯᠵᠤ᠂ ᠢᠲᠡᠭᠡᠮᠵᠢ ᠶᠢᠨ ᠵᠤᠷᠢᠭᠵᠢᠭᠤᠯᠤᠯ ᠤᠨ ᠠᠭᠤᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠤᠨ ᠂ ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠨ᠎ᠠ᠃ ᠪᠦᠬᠦ ᠬᠤᠰᠢᠭᠤᠨ ᠤ ᠨᠡᠶᠢᠬᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠬᠡᠰᠢᠭᠦᠨ ᠪᠠᠶᠢᠭᠤᠯᠭ᠎ᠠ ᠡᠷᠬᠡᠪᠡᠰᠢ ᠰᠠᠯᠠᠭ᠎ᠠ ᠮᠦᠴᠢᠷ ᠤᠨ ᠬᠤᠭᠤᠷᠤᠨᠳᠤᠬᠢ ᠬᠠᠮᠵᠢᠯᠴᠠᠭ᠎ᠠ ᠪᠠᠨ ᠴᠢᠩᠭᠠᠳᠬᠠᠵᠤ᠂ ᠦᠪᠡᠷ ᠦᠪᠡᠷ ᠤᠨ ᠠᠵᠢᠯ ᠤᠨ ᠬᠤᠪᠢᠶᠠᠷᠢᠯᠠᠯ ᠢᠶᠠᠨ ᠰᠠᠶᠢᠲᠤᠷ ᠬᠢᠵᠦ ᠬᠠᠮᠲᠤᠷᠠᠨ ᠠᠵᠢᠯᠯᠠᠵᠤ᠂ ᠬᠠᠮᠲᠤ ᠪᠠᠷ ᠤᠷᠤᠭᠰᠢᠯᠠᠵᠤ᠂ ᠬᠠᠮᠲᠤ ᠶᠢᠨ ᠬᠦᠴᠦᠨ ᠢ ᠪᠣᠢ ᠪᠤᠯᠭᠠᠨ᠎ᠠ᠃ ᠡᠯ᠎ᠡ ᠬᠠᠷᠢᠭᠤᠴᠠᠯᠭᠠᠲᠤ ᠪᠠᠶᠢᠭᠤᠯᠭ᠎ᠠ ᠲᠤᠰᠬᠠᠢ ᠬᠦᠮᠦᠨ ᠢᠶᠠᠷ ᠬᠤᠰᠢᠭᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠳᠤ ᠠᠵᠢᠯ ᠤᠨ ᠶᠠᠪᠤᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠴᠠᠭ ᠲᠤᠬᠠᠢ ᠳᠤᠨᠢ ᠠᠵᠢᠯ ᠤᠨ ᠶᠠᠪᠤᠴᠠ ᠳᠤ ᠲᠤᠬᠢᠶᠠᠯᠳᠤᠭᠰᠠᠨ ᠠᠰᠠᠭᠤᠳᠠᠯ ᠢ ᠲᠤᠰᠬᠠᠬᠤ ᠶᠢᠨ ᠬᠠᠮᠲᠤ ᠰᠢᠢᠳᠪᠦᠷᠢᠯᠡᠵᠦ᠂ ᠡᠯ᠎ᠡ ᠠᠷᠭ᠎ᠠ ᠬᠡᠮᠵᠢᠶ᠎ᠠ ᠶᠢᠨ ᠨᠠᠶᠢᠳᠠᠪᠤᠷᠢᠵᠢᠬᠤ ᠶᠢ ᠪᠠᠲᠤᠯᠠᠨ᠎ᠠ᠃ ᠬᠤᠰᠢᠭᠤᠨ ᠤ ᠬᠦᠭᠵᠢᠭᠦᠯᠦᠯᠲᠡ ᠦᠭᠡᠷᠡᠴᠢᠯᠡᠯᠲᠠ ᠶᠢᠨ ᠲᠤᠪᠴᠢᠶ᠎ᠠ ᠡᠷᠬᠡᠪᠡᠰᠢ ᠨᠢᠭᠡᠳᠦᠯᠲᠡᠢ ᠲᠦᠯᠦᠪᠯᠡᠨ ᠵᠤᠬᠢᠴᠠᠭᠤᠯᠵᠤ ᠠᠵᠢᠯ ᠤᠨ ᠠᠬᠢᠴᠠ ᠶᠢ ᠴᠠᠭ ᠲᠤᠬᠠᠢ ᠳᠤ ᠨᠢ ᠮᠦᠷᠲᠡᠨ ᠳᠠᠭᠠᠵᠤ᠂ ᠡᠭᠦᠷᠭᠡ ᠶᠢᠨ ᠨᠠᠶᠢᠳᠠᠪᠤᠷᠢᠵᠢᠯᠲᠠ ᠶᠢᠨ ᠪᠠᠶᠢᠳᠠᠯ ᠢ ᠬᠢᠨᠠᠨ ᠰᠢᠪᠠᠳᠠᠵᠤ ᠵᠠᠰᠠᠭ ᠤᠨ ᠤᠷᠳᠤᠨ ᠳᠤ ᠬᠠᠷᠢᠭᠤ ᠮᠡᠳᠡᠭᠦᠯᠦᠨ᠎ᠡ᠃ ᠬᠤᠰᠢᠭᠤᠨ ᠤ ᠵᠠᠰᠠᠭ ᠤᠨ ᠤᠷᠳᠤᠨ ᠲᠣᠰ ᠲᠦᠰᠦᠯ ᠤᠨ ᠬᠡᠷᠡᠭᠵᠢᠭᠦᠯᠦᠯᠲᠡ ᠶᠢᠨ ᠪᠠᠶᠢᠳᠠᠯ ᠳᠤ ᠵᠤᠬᠢᠬᠤ ᠬᠤᠭᠤᠴᠠᠭᠠᠳᠤ ᠲᠤᠰᠬᠠᠢ ᠰᠢᠪᠡᠳᠡᠨ ᠪᠠᠶᠢᠴᠠᠭᠠᠯᠲᠠ ᠬᠢᠨ᠎ᠡ᠃ ︵ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠲᠤᠯᠤᠭᠠᠶᠢᠯᠠᠨ᠂ ᠬᠤᠰᠢᠭᠤᠨ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠠᠴᠠ ᠬᠠᠷᠢᠭᠤᠴᠠᠨ᠎ᠠ︶        ᠳᠣᠯᠤᠭ᠎ᠠ᠂ ᠪᠣᠰᠣᠳ ᠬᠡᠷᠡᠭ ᠤᠴᠢᠷ        ︽ᠳᠠᠯᠠᠳ ᠬᠤᠰᠢᠭᠤᠨ ᠤ ᠢᠲᠡᠭᠡᠮᠵᠢ ᠶᠢᠨ〈 ᠤᠯᠠᠭᠠᠨ ᠬᠠᠷ᠎ᠠ ᠨᠡᠷᠡᠰ ᠤᠨ ᠳᠠᠩᠰᠠ 〉 ᠶᠢᠨ ᠨᠡᠶᠢᠲᠡᠯᠡᠬᠦ ᠪᠠ ᠵᠤᠷᠢᠭᠵᠢᠭᠤᠯᠤᠨ ᠰᠢᠢᠳᠬᠡᠬᠦ ᠪᠠᠶᠢᠭᠤᠯᠤᠮᠵᠢ ︵ᠲᠤᠷᠰᠢᠨ ᠬᠡᠷᠡᠭᠯᠡᠬᠦ︶︾ ︵ᠳᠠᠯᠠᠳ ᠬᠤᠰᠢᠭᠤᠨ ᠤ ᠵᠠᠰᠠᠭ ᠤᠨ ᠤᠷᠳᠤᠨ ᠤ ᠲᠠᠷᠬᠠᠭᠠᠭᠰᠠᠨ ﹇2016﹈ 39 ᠳ᠋ᠦ᠋ᠭᠡᠷ ᠨᠤᠮᠧᠷᠲᠤ ᠪᠢᠴᠢᠭ ᠮᠠᠲ᠋ᠧᠷᠢᠶᠠᠯ︶   ᠢ ᠬᠠᠮᠲᠤ ᠳᠤ ᠨᠢ ᠬᠦᠴᠦᠨ ᠦᠭᠡᠢ ᠪᠤᠯᠤᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ