ᠡᠩᠭᠡᠪᠡᠢ ᠠᠮᠢ ᠠᠬᠤᠢ ᠶᠢᠨ ᠵᠢᠱᠢᠶ᠎ᠡ ᠦᠵᠡᠭᠦᠯᠬᠦ ᠤᠷᠤᠨ ᠨᠢ ᠦᠪᠡᠷᠲᠡᠭᠡᠨ ᠵᠠᠰᠠᠬᠤ ᠤᠷᠤᠨ ᠤ ᠪᠠᠶᠢᠭᠤᠯᠭ᠎ᠠ ᠶᠢᠨ ᠳᠠᠩᠰᠠ ᠡᠪᠬᠡᠮᠡᠯ ᠤᠨ ᠠᠵᠢᠯ ᠤᠨ ᠨᠢᠭᠡᠳᠦᠭᠡᠷ ᠲᠡᠰ ᠤᠨ ᠪᠠᠶᠢᠭᠤᠯᠭ᠎ᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2019/1/18

        1 ᠰᠠᠷ᠎ᠠ ᠶᠢᠨ 9 ᠤ ᠡᠳᠦᠷ᠂ ᠣᠷᠳᠣᠰ ᠬᠤᠲᠠ ᠶᠢᠨ ᠳᠠᠩᠰᠠ ᠡᠪᠬᠡᠮᠡᠯ ‍ᠤᠨ‌‍ᠲ᠋ᠤᠪᠴᠢᠶᠠᠨ ᠤ ᠬᠢᠨᠠᠨ

ᠰᠢᠯᠭᠠᠬᠤ ᠳᠤᠭᠤᠶᠢᠯᠠᠩ ᠤᠨ ᠵᠢᠶᠠ ᠶᠦᠩ ᠴᠢᠶᠠᠩ ᠵᠡᠷᠬᠡ ᠨᠢᠭᠡ ᠪᠦᠯᠦᠭ ᠬᠦᠮᠦᠰ ᠨᠢ ᠡᠩᠬᠡᠪᠡᠢ ᠠᠮᠢ ᠠᠬᠤᠢ ᠶᠢᠨ

ᠵᠢᠱᠢᠶ᠎ᠡ ᠦᠵᠡᠭᠦᠯᠬᠦ ᠤᠷᠤᠨ ᠳᠤ ᠢᠷᠡᠵᠦ ᠡᠩᠭᠡᠪᠡᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠤᠷᠤᠨ ᠨᠢ

ᠦᠪᠡᠷᠲᠡᠭᠡᠨ ᠵᠠᠰᠠᠬᠤ ᠤᠷᠤᠨ ᠨᠢᠭᠡᠳᠦᠭᠡᠷ ᠲᠡᠰ ᠤᠨ ᠪᠠᠷᠢᠮᠵᠢᠶᠠᠲᠤ ᠳᠠᠩᠰᠠ ᠡᠪᠬᠡᠮᠡᠯ ᠤᠨ ᠲᠠᠰᠤᠭ ᠪᠤᠯᠤᠨ

ᠳᠠᠪᠰᠢᠬᠤ ᠶᠢ ᠬᠢᠨᠠᠨ ᠰᠢᠯᠭᠠᠬᠤ ᠶᠢᠨ ᠬᠠᠮᠲᠤ ᠬᠢᠨᠠᠨ ᠰᠢᠯᠭᠠᠬᠤ ᠬᠤᠷᠠᠯ ᠢ ᠡᠷᠬᠢᠯᠡᠪᠡ᠂ ᠵᠢᠱᠢᠶ᠎ᠡ ᠦᠵᠡᠭᠦᠯᠬᠦ

ᠤᠷᠤᠨ ᠤ ᠨᠠᠮ ᠤᠨ ᠠᠵᠢᠯᠯᠠᠬᠤ ᠵᠦᠪᠯᠡᠯ ᠤᠨ ᠬᠡᠰᠢᠭᠦᠨ᠂ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠯᠢᠦ

ᠭᠧᠨ ᠸᠠᠢ ᠪᠠ ᠬᠠᠮᠢᠶ᠎ᠠ ᠪᠦᠬᠦᠢ ᠳᠠᠩᠰᠠ ᠡᠪᠬᠡᠮᠡᠯ ᠤᠨ ᠬᠠᠷᠢᠭᠤᠴᠠᠯᠭᠠᠳᠠᠨ‌ᠡᠴᠠ ᠬᠤᠷᠠᠯ ᠳᠤ ᠤᠷᠤᠯᠴᠠᠪᠠ᠃

       ᠬᠤᠷᠠᠯ ᠳᠡᠭᠡᠷ᠎ᠡ ᠵᠢᠱᠢᠶ᠎ᠡ ᠦᠵᠡᠭᠦᠯᠬᠦ ᠤᠷᠤᠨ ᠤ ᠳᠠᠩᠰᠠ ᠡᠪᠬᠡᠮᠡᠯ ᠤᠨ ᠲᠠᠰᠤᠭ ᠤᠨ

ᠬᠠᠷᠢᠭᠤᠴᠠᠯᠭᠠᠳᠠᠨ‌ᠡᠴᠠ ᠳᠠᠩᠰᠠ ᠡᠪᠬᠡᠮᠡᠯ ᠤᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ ᠳᠠᠩᠰᠠ

ᠡᠪᠬᠡᠮᠡᠯ ‍ᠦᠨ‌‍ᠲ᠋ᠠᠰᠤᠭ ᠪᠠ ᠳᠠᠩᠰᠠ ᠡᠪᠬᠡᠮᠡᠯ ᠤᠨ ᠠᠵᠢᠯ ᠤᠨ ᠥᠷᠨᠢᠭᠦᠯᠦᠯᠲᠡ ᠶᠢᠨ ᠲᠤᠬᠠᠢ ᠮᠡᠳᠡᠭᠦᠯᠦᠯᠲᠡ ᠬᠢᠪᠡ᠃

ᠤᠷᠢᠳᠠᠪᠠᠷ ᠳᠠᠩᠰᠠ ᠡᠪᠬᠡᠮᠡᠯ ᠤᠨ ᠲᠠᠰᠤᠭ ᠤᠨ ᠵᠤᠬᠢᠶᠠᠨ ᠪᠠᠶᠢᠭᠤᠯᠤᠯᠳᠠ ᠪᠠ ᠬᠡᠰᠢᠭᠦᠨ᠂ ᠲᠤᠨᠤᠭ ᠳᠦᠬᠦᠭᠡᠷᠦᠮᠵᠢ

ᠪᠠ ᠪᠠᠭᠠᠵᠢ ᠬᠡᠷᠡᠭᠰᠡᠯ᠂ ᠭᠡᠷ ᠲᠤ ᠬᠠᠳᠠᠭᠠᠯᠠᠬᠤ ᠳᠠᠩᠰᠠ ᠡᠪᠬᠡᠮᠡᠯ ᠳᠤ ᠲᠤᠭ᠎ᠠ ᠪᠠᠷᠢᠮᠲᠠ ᠶᠢᠨ ᠲᠤᠬᠠᠢ ᠨᠠᠷᠢᠯᠢᠭ

ᠬᠠᠷᠢᠭᠤ ᠮᠡᠳᠡᠭᠦᠯᠦᠯᠲᠡ ᠬᠢᠪᠡ᠃

       ᠬᠤᠷᠠᠯ ᠤᠨ ᠳᠠᠷᠠᠭ᠎ᠠ ᠳᠠᠩᠰᠠ ᠡᠪᠬᠡᠮᠡᠯ ᠤᠨ ᠲᠠᠰᠤᠭ ᠤᠨ ᠡᠯ᠎ᠡ ᠵᠦᠢᠯ ᠤᠨ ᠳᠠᠩᠰᠠ ᠡᠪᠬᠡᠮᠡᠯ ᠳᠤ

ᠪᠣᠳᠠᠲᠠᠢ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠲᠤ ᠨᠢ ᠬᠢᠨᠠᠨ ᠪᠠᠶᠢᠴᠠᠭᠠᠵᠤ ᠬᠤᠪᠢ ᠦᠭᠴᠦ᠂ ᠬᠢᠨᠠᠨ

ᠰᠢᠯᠭᠠᠬᠤ ᠳᠤᠭᠤᠶᠢᠯᠠᠩ ᠤᠨ ᠬᠡᠰᠢᠭᠦᠨ ᠸᠠᠩ ᠠᠢ ᠫᠢᠩ ᠦᠨᠡᠯᠡᠬᠦ ᠪᠠᠷᠢᠮᠵᠢᠶ᠎ᠠ ᠪᠠᠷ ᠳᠠᠮᠵᠢᠨ᠂ ᠨᠢᠭᠡ ᠨᠢᠭᠡ ᠵᠤᠷᠪᠤᠰ

 ᠪᠠᠷ ᠬᠤᠪᠢ ᠤᠯᠤᠭᠰᠠᠨ ᠪᠠᠶᠢᠳᠠᠯ ᠢ ᠲᠠᠶᠢᠯᠪᠤᠷᠢᠯᠠᠨ᠂ ᠤᠷᠤᠰᠢᠵᠤ ᠪᠠᠶᠢᠭ᠎ᠠ ᠠᠰᠠᠭᠤᠳᠠᠯ ᠪᠠ ᠲᠤᠰᠬᠠᠯ ᠤᠨ ᠲᠤᠬᠠᠢ

ᠰᠠᠨᠠᠭᠤᠯᠭ᠎ᠠ ᠳᠤᠷᠠᠳᠴᠤ᠂ ᠦᠨᠡᠯᠡᠭᠰᠡᠨ ᠥᠷ᠎ᠡ ᠳ᠋ᠦᠩ ᠢᠶᠠᠷ ᠵᠢᠱᠢᠶ᠎ᠡ ᠦᠵᠡᠭᠦᠯᠬᠦ ᠤᠷᠤᠨ ᠤ ᠳᠠᠩᠰᠠ ᠡᠪᠬᠡᠮᠡᠯ ᠤᠨ

ᠲᠠᠰᠤᠭ ᠤᠨ ᠡᠯ᠎ᠡ ᠵᠢᠭᠠᠯᠲᠠ ᠨᠢ ᠴᠦᠮ ᠦᠪᠡᠷᠲᠡᠭᠡᠨ ᠵᠠᠰᠠᠬᠤ ᠤᠷᠤᠨ ᠤ ᠨᠢᠭᠡᠳᠦᠭᠡᠷ ᠲᠡᠰ ᠤᠨ ᠪᠠᠷᠢᠮᠵᠢᠶᠠᠨ ᠳᠤ

ᠬᠦᠷᠦᠭᠰᠡᠨ ᠢ ᠲᠤᠳᠤᠷᠬᠠᠶᠢᠯᠠᠪᠠ᠃

       ᠬᠢᠨᠠᠨ ᠰᠢᠯᠭᠠᠬᠤ ᠳᠤᠭᠤᠶᠢᠯᠠᠩ ᠤᠨ ᠳᠠᠷᠤᠭ᠎ᠠ ᠵᠢᠶᠠ ᠶᠦᠩ ᠴᠢᠶᠠᠩ ᠵᠢᠭᠠᠬᠤ ᠳᠤ ᠪᠠᠨ᠄ ᠨᠢᠭᠡ ᠳᠤ᠂

ᠵᠢᠱᠢᠶ᠎ᠡ ᠦᠵᠡᠭᠦᠯᠬᠦ ᠤᠷᠤᠨ ᠨᠢ ᠦᠷᠭᠦᠯᠵᠢᠯᠡᠨ ᠳᠠᠩᠰᠠ ᠡᠪᠬᠡᠮᠡᠯ ᠤᠨ ᠠᠵᠢᠯ ᠢ ᠴᠢᠬᠤᠯᠠᠴᠢᠯᠠᠨ ᠦᠵᠡᠵᠦ᠂

ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠮᠡᠷᠭᠡᠵᠢᠯ ᠤᠨ ᠴᠢᠳᠠᠪᠤᠷᠢ ᠶᠢᠨ ᠲᠠᠯ᠎ᠠ ᠪᠠᠷ ᠤᠯᠠᠮ ᠨᠢᠭᠡ ᠠᠯᠬᠤᠮ

ᠴᠢᠩᠭᠠᠳᠬᠠᠨ᠎ᠠ︔ ᠬᠤᠶᠠᠷ ᠲᠤ᠂ ᠳᠠᠯᠠᠳ ᠬᠤᠰᠢᠭᠤᠨ ᠤ ᠳᠠᠩᠰᠠ ᠡᠪᠬᠡᠮᠡᠯ ᠤᠨ ᠲᠤᠪᠴᠢᠶ᠎ᠠ ᠲᠠᠢ

ᠰᠤᠯᠢᠯᠴᠠᠭ᠎ᠠ ᠪᠠᠨ ᠴᠢᠩᠭᠠᠳᠬᠠᠨ᠎ᠠ︔ ᠭᠤᠷᠪᠠ ᠳᠤ᠂ ᠦᠪᠡᠷᠲᠡᠭᠡᠨ ᠵᠠᠰᠠᠬᠤ ᠤᠷᠤᠨ ᠤ ᠲᠡᠰ ᠤᠨ ᠳᠠᠩᠰᠠ

ᠡᠪᠬᠡᠮᠡᠯ ᠤᠨ ᠳᠠᠪᠰᠢᠭᠰᠠᠨ ᠨᠢᠭᠡᠴᠢ ᠪᠤᠯᠤᠭᠰᠠᠨ ᠤ ᠬᠤᠪᠢ ᠳᠤ ᠦᠩᠭᠡᠷᠡᠭᠰᠡᠨ ᠤ ᠠᠵᠢᠯ ᠢᠶᠠᠨ ᠰᠠᠶᠢᠲᠤᠷ

ᠪᠠᠶᠢᠴᠠᠭᠠᠵᠤ᠂ ᠨᠢᠭᠡᠨᠲᠡ ᠤᠯᠤᠭᠰᠠᠨ ᠢᠷᠠᠭᠤ ᠠᠯᠳᠠᠷ ᠢᠶᠠᠨ ᠪᠠᠲᠤᠯᠠᠵᠤ᠂ ᠵᠢᠱᠢᠶ᠎ᠡ ᠦᠵᠡᠭᠦᠯᠦᠨ ᠳᠠᠭᠤᠷᠢᠶᠠᠯ ᠪᠣᠯᠬᠤ

ᠦᠢᠯᠡᠳᠦᠯ ᠢᠶᠠᠨ ᠪᠠᠳᠠᠷᠠᠭᠤᠯᠤᠨ᠎ᠠ᠃

       ᠬᠠᠮᠤᠭ ᠡᠴᠦᠰ ᠲᠤ᠂ ᠬᠢᠨᠠᠨ ᠰᠢᠯᠭᠠᠬᠤ ᠳᠤᠭᠤᠶᠢᠯᠠᠩ ᠨᠢ ᠡᠩᠬᠡᠪᠡᠢ ᠠᠮᠢ ᠠᠬᠤᠢ ᠶᠢᠨ ᠵᠢᠱᠢᠶ᠎ᠡ

ᠦᠵᠡᠭᠦᠯᠬᠦ ᠤᠷᠤᠨ ᠳᠤ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠳᠠᠩᠰᠠ

ᠡᠪᠬᠡᠮᠡᠯ ᠤᠨ ᠠᠵᠢᠯ ᠤᠨ ᠨᠢᠭᠡᠳᠦᠭᠡᠷ ᠲᠡᠰ ᠤᠨ ᠪᠠᠶᠢᠭᠤᠯᠭ᠎ᠠ ᠶᠢᠨ ᠢᠷᠠᠭᠤ ᠠᠯᠳᠠᠷ ᠤᠨ ᠫᠠᠶᠢᠰᠠ ᠶᠢ ᠣᠯᠭᠤᠪᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ