ᠪᠤᠭᠤᠷᠣᠯ ᠤᠨ ᠰᠦᠮ᠎ᠡ ᠶᠢᠨ ᠤᠪᠤᠭ᠎ᠠ
ᠨᠡᠶᠢᠲᠡᠯᠡᠭᠰᠡᠨ ᠴᠠᠭ᠄
2019/1/2
        ᠪᠤᠭᠤᠷᠤᠯ ᠤᠨ ᠰᠦᠮ᠎ᠡ ᠶᠢᠨ ᠤᠪᠤᠭ᠎ᠠ ᠪᠤᠯ ᠳᠠᠯᠠᠳ ᠬᠤᠰᠢᠭᠤᠨ ᠤ ᠪᠤᠷᠤ ᠳᠡᠭᠡᠭ ᠤᠨ ᠰᠢᠯᠢ ᠶᠢᠨ ᠡᠩᠭᠡᠷ ᠲᠠᠬᠢ ᠪᠤᠭᠤᠷᠤᠯ ᠤᠨ ᠰᠦᠮ᠎ᠡ ᠶᠢᠨ ᠡᠮᠦᠨ᠎ᠡ ᠪᠤᠨᠳᠤᠭᠤᠷ ᠪᠤᠷᠤ ᠲᠤᠯᠤᠭᠠᠢ ᠶᠢᠨ ᠤᠷᠤᠢ ᠳᠡᠭᠡᠷ᠎ᠡ ᠪᠤᠰᠬᠠᠭᠰᠠᠨ ᠪᠤᠷᠭᠠᠰᠤᠨ ᠮᠤᠳᠤᠨ ᠰᠠᠭᠰᠤᠭᠠᠢ ᠲᠠᠢ ᠤᠪᠤᠭ᠎ᠠ ᠶᠤᠮ᠃         ᠳᠤᠰ ᠤᠪᠤᠭ᠎ᠠ ᠶᠢ ᠪᠤᠭᠤᠷᠤᠯ ᠤᠨ ᠰᠦᠮ᠎ᠡ ᠶᠢᠨ ᠯᠠᠮᠠ ᠬᠢᠭᠡᠳ ᠠᠳᠡᠬᠢ ᠶᠢᠨ ᠮᠠᠯᠴᠢᠨ ᠠᠷᠠᠳ᠂ ᠤᠷᠳᠤᠰ ᠲᠤᠭᠠᠯᠠᠯ ᠤᠨ ᠨᠠᠢᠮᠠᠨ ᠰᠠᠷ᠎ᠠ ᠶᠢᠨ ᠠᠷᠪᠠᠨ ᠭᠤᠷᠪᠠᠨ ᠳᠤ᠂ ᠬᠤᠨᠢᠨ ᠦᠳᠬᠡ ᠰᠢᠭᠦᠰᠦ ᠪᠤᠯᠤᠨ ᠰᠤᠭ ᠳᠡᠭᠡᠵᠢ᠂ ᠰᠦ ᠰᠠᠭᠠᠯᠢ ᠪᠠᠷ ᠳᠠᠬᠢᠵᠦ ᠰᠠᠴᠤᠯᠢ ᠡᠷᠭᠦᠨ᠂ ᠳᠠᠬᠢᠯᠭ᠎ᠠ ᠶᠢᠨ ᠳᠠᠷᠠᠭ᠎ᠠ ᠪᠦᠬᠡ ᠪᠠᠷᠢᠯᠳᠤᠬᠤ᠂ ᠮᠤᠷᠢ ᠤᠷᠤᠯᠳᠤᠬᠤ ᠵᠡᠷᠭᠡ ᠨᠠᠶᠢᠷ ᠨᠠᠭᠠᠳᠤᠮ ᠬᠢᠵᠦ᠂ ᠤᠪᠤᠭ᠎ᠠ ᠤᠷᠤᠳ᠂ ᠯᠤᠤᠰ ᠤᠨ ᠳᠡᠭᠷᠢ ᠶᠢ ᠪᠠᠶᠠᠰᠬᠠᠨ ᠪᠤᠷᠤᠭᠠᠨ ᠬᠤᠷ᠎ᠠ ᠭᠤᠶᠤᠵᠤ᠂ ᠮᠠᠯ ᠰᠦᠷᠦᠭ ᠤᠨ ᠦᠩᠰᠢᠭ ᠰᠠᠶᠢᠬᠠᠨ ᠦᠰᠬᠡᠬᠦ ᠪᠤᠶᠠᠨ ᠭᠡᠰᠢᠭ ᠢ ᠬᠤᠷᠤᠶᠢᠯᠠᠨ ᠳᠠᠯᠠᠯᠠᠵᠦ ᠳᠠᠭᠠᠳᠬᠠᠳᠠᠭ ᠪᠠᠶᠢᠵᠠᠢ᠃
ᠢᠷᠡᠯᠲᠡ᠄ ︽ᠳᠠᠯᠠᠳ ᠤᠨ ᠰᠤᠶᠤᠯ ᠲᠡᠦᠬᠡ︾ ᠭᠡᠬᠦ ᠨᠤᠮ ᠠᠴᠠ ᠪᠠᠭᠤᠯᠭᠠᠪᠠ᠃