ᠳᠦᠰᠢ ᠶᠢᠨ ᠤᠪᠤᠭ᠎ᠠ
ᠨᠡᠶᠢᠲᠡᠯᠡᠭᠰᠡᠨ ᠴᠠᠭ᠄
2019/1/2
      ᠳᠦᠰᠢ ᠶᠢᠨ ᠤᠪᠤᠭ᠎ᠠ ᠪᠤᠯ ᠳᠠᠯᠠᠳ ᠬᠤᠰᠢᠭᠤᠨ ᠤ ᠤᠪᠤᠭᠠᠨ ᠰᠢᠯᠢ ᠰᠢᠶᠠᠩ ᠤᠨ ᠳᠦᠰᠢ ᠶᠢᠨ ᠰᠦᠮ᠎ᠡ  ᠶᠢᠨ ᠠᠷᠣ ᠳᠤ ᠳᠦᠰᠢ ᠰᠢᠭ ᠬᠡᠯᠪᠡᠷᠢ ᠲᠠᠢ ᠠᠭᠤᠯᠠ ᠶᠢᠨ ᠤᠷᠤᠢ ᠳᠡᠭᠡᠷ᠎ᠡ ᠪᠤᠰᠬᠠᠭᠰᠠᠨ ᠤᠪᠤᠭ᠎ᠠ ᠶᠤᠮ᠃       ᠳᠤᠰ ᠤᠪᠤᠭ᠎ᠠ ᠶᠢ ᠳᠠᠯᠠᠳ ᠬᠤᠰᠢᠭᠤᠨ ᠤ ᠨᠤᠶᠠᠨ ᠠᠴᠠ ᠡᠷᠬᠢᠯᠡᠨ ᠠᠳᠡᠬᠢ ᠶᠢᠨ ᠬᠠᠷᠢᠶ᠎ᠠ ᠰᠣᠮᠣ ᠶᠢᠨ ᠮᠠᠯᠴᠢᠨ ᠠᠷᠠᠳ ᠲᠠᠢ᠂ ᠤᠷᠳᠤᠰ ᠲᠤᠭᠠᠯᠠᠯ ᠤᠨ ᠨᠠᠢᠮᠠᠨ ᠰᠠᠷ᠎ᠠ ᠶᠢᠨ ᠠᠷᠪᠠᠨ ᠭᠤᠷᠪᠠᠨ ᠳᠤ ᠦᠳᠬᠡ ᠰᠢᠭᠦᠰᠦ ᠪᠠᠷ ᠳᠠᠬᠢᠵᠦ ᠪᠦᠬᠡ ᠪᠠᠷᠢᠯᠳᠤᠬᠤ ᠮᠤᠷᠢ ᠤᠷᠤᠯᠳᠤᠬᠤ ᠵᠡᠷᠭᠡ ᠨᠠᠶᠢᠷ ᠨᠠᠭᠠᠳᠤᠮ ᠲᠠᠢ ᠳᠠᠬᠢᠯᠭ᠎ᠠ ᠬᠢᠳᠡᠭ ᠪᠠᠶᠢᠵᠠᠢ᠃        
ᠢᠷᠡᠯᠲᠡ᠄ ︽ᠳᠠᠯᠠᠳ ᠤᠨ ᠰᠤᠶᠤᠯ ᠲᠡᠦᠬᠡ︾ ᠭᠡᠬᠦ ᠨᠤᠮ ᠠᠴᠠ ᠪᠠᠭᠤᠯᠭᠠᠪᠠ᠃