ᠨᠠᠢᠮᠠ᠂ ᠳ᠋ᠠ ᠸᠠ ᠬᠤᠤ ᠶᠢᠨ ᠰᠢᠷ᠎ᠠ ᠪᠤᠳᠠᠭ᠎ᠠ
ᠨᠡᠶᠢᠲᠡᠯᠡᠭᠰᠡᠨ ᠴᠠᠭ᠄
2019/1/8
        ᠳ᠋ᠠ ᠸᠠ ᠬᠤᠤ ᠶᠢᠨ ᠰᠢᠷ᠎ᠠ ᠪᠤᠳᠠᠭ᠎ᠠ ᠨᠢ ᠪᠤᠬᠢᠷᠳᠤᠯ ᠦᠭᠡᠢ ᠤᠯᠠᠭᠠᠨ ᠰᠢᠪᠠᠷᠳᠤ ᠭᠠᠵᠠᠷ ᠲᠤ ᠤᠷᠭᠤᠳᠠᠭ᠃ ᠲᠠᠷᠢᠵᠦ ᠤᠷᠭᠤᠭᠤᠯᠬᠤ ᠶᠠᠪᠤᠴᠠ ᠳᠤ ᠨᠤᠳᠤᠭ  ᠤᠨ ᠪᠤᠷᠳᠤᠭᠤᠷ ᠤᠷᠤᠭᠤᠯᠤᠨ᠂ ᠬᠠᠳᠤᠨ ᠭᠤᠤᠯ ᠤᠨ ᠤᠰᠤ ᠪᠠᠷ ᠤᠰᠤᠯᠠᠯᠳᠠ ᠬᠢᠳᠡᠭ᠃ ᠪᠦᠳᠦᠭᠡᠭᠳᠡᠭᠦᠨ ᠨᠢ ᠠᠯᠳᠠᠨ ᠰᠢᠷᠭᠠᠯ ᠦᠩᠭᠡ ᠲᠠᠢ᠂ ᠮᠦᠬᠦᠯᠢᠭ ᠨᠢ ᠬᠦᠯᠢᠭᠡᠷ ᠂ ᠰᠢᠮ᠎ᠡ ᠲᠡᠵᠢᠭᠡᠯ ᠪᠠᠷ ᠡᠯᠪᠡᠭ᠂ ᠦᠪᠡᠷᠮᠢᠴᠡ‌ᠠᠮᠳᠠ‌ᠠᠩᠭᠢᠯᠤᠮ᠎ᠠ ᠦᠨᠦᠷ ᠲᠠᠢ ᠪᠠᠶᠢᠵᠦ᠂ ᠮᠠᠰᠢ ᠰᠠᠶᠢᠨ ᠰᠢᠮ᠎ᠡ ᠲᠡᠵᠢᠭᠡᠯ ᠤᠨ ᠦᠨ᠎ᠡ ᠦᠷᠳᠡᠭ᠂ ᠡᠮᠴᠢᠯᠡᠭᠡᠨ ᠤ ᠦᠨ᠎ᠡ ᠦᠷᠳᠡᠭ ᠲᠠᠢ ᠪᠠᠶᠢᠵᠦ᠂ ᠡᠷᠡᠭᠦᠯ ᠮᠡᠨᠳᠦ ᠳᠤ ᠶᠡᠭᠡ ᠳᠤᠰᠠᠳᠠᠢ ᠪᠠᠶᠢᠳᠠᠭ᠃ ᠪᠦᠳᠦᠭᠡᠭᠳᠡᠭᠦᠨ ᠢ ᠪᠤᠯᠪᠠᠰᠤᠷᠠᠭᠤᠯᠤᠭᠰᠠᠨ ᠤ ᠳᠠᠷᠠᠭ᠎ᠠ᠂ ᠠᠷᠢᠬᠢ ᠨᠡᠷᠡᠬᠦ᠂ ᠡᠯ᠎ᠡ ᠵᠦᠢᠯ ᠤᠨ ᠠᠮᠳᠠᠳᠤ ᠢᠳᠡᠭᠡᠨ ᠬᠢᠵᠦ ᠪᠤᠯᠤᠨ᠎ᠠ᠃ ᠳᠤᠰ ᠪᠦᠳᠦᠭᠡᠭᠳᠡᠭᠦᠨ ᠤ ᠤᠮᠠᠷᠠᠳᠤ ᠶᠢᠨ ᠭᠠᠩ ᠬᠠᠭᠤᠷᠠᠢ ᠤᠷᠤᠨ ᠤ ᠳᠠᠪᠠᠭᠤᠯᠢᠭ ᠪᠠᠶᠢᠷᠢ ᠰᠠᠭᠤᠷᠢ ᠨᠢ ᠤᠯᠤᠰ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠳᠤᠭᠳᠠᠭᠤᠨ ᠬᠦᠭᠵᠢᠯᠳᠡ ᠶᠢ ᠪᠠᠳᠤᠯᠠᠬᠤ ᠳᠤ ᠠᠰᠢᠭᠳᠠᠢ ᠪᠠᠶᠢᠵᠦ᠂2005 ᠤᠨ ᠳᠤ ᠬᠤᠳᠠᠯᠳᠤᠭᠠᠨ ᠤ ᠳᠡᠮᠳᠡᠭ ᠢᠶᠠᠨ ᠳᠠᠩᠰᠠᠯᠠᠭᠤᠯᠵᠠᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ