ᠪᠠᠩ ᠴᠧᠩ ᠮᠤᠷᠢᠨ ᠮᠡᠷᠭᠡᠵᠢᠯ ᠤᠨ ᠺᠯᠦ᠋ᠪ ᠨᠢ ᠳᠠᠯᠠᠳ ᠬᠤᠰᠢᠭᠤᠨ ᠤ ᠽᠠᠨᠳᠠᠨᠵᠦ ᠰᠤᠮᠤᠨ ᠤ | ᠲᠤᠯᠤᠭᠠᠨ ᠬᠠᠯᠵᠠᠨ ᠳᠤᠰᠬᠤᠨ ᠳᠤ ᠪᠠᠶᠢᠷᠢᠯᠠᠵᠦ᠂ 2006 ᠤᠨ ᠳᠤ ᠪᠠᠶᠢᠭᠤᠯᠤᠭᠳᠠᠵᠦ᠂ ᠲᠠᠯᠠᠪᠠᠢ ᠨᠢ1000 | ᠭᠠᠷᠤᠢ ᠮᠤ᠋ ᠪᠠᠶᠢᠵᠦ᠂ ᠤᠯᠠᠨ ᠤᠯᠤᠰ ᠤᠨ ᠪᠠᠷᠢᠮᠵᠢᠶ᠎ᠠ ᠲᠠᠢ ᠵᠦᠴᠢᠶ᠎ᠡ ︵ᠮᠤᠷᠢᠨ ᠤ ᠫᠧᠩ ᠰᠠᠷᠠᠪᠴᠢ︶᠂ ᠭᠡᠷ | ᠳᠤᠳᠤᠷᠠᠬᠢ ᠮᠤᠷᠢᠨ ᠮᠡᠷᠭᠡᠵᠢᠯ ᠤᠨ ᠤᠷᠳᠤᠨ᠂ ᠬᠤᠷᠳᠤᠨ ᠮᠤᠷᠢᠨ ᠤ ᠤᠷᠤᠯᠳᠤᠭᠠᠨ ᠤ ᠲᠠᠯᠠᠪᠠᠢ ᠪᠤᠯᠤᠨ ᠲᠠᠪᠤᠨ | ᠤᠳᠤᠨ ᠳᠡᠰ ᠤᠨ ᠬᠢᠷᠢ ᠳᠦᠪᠰᠢᠨ ᠪᠦᠬᠦᠢ ᠬᠦᠯᠢᠶᠠᠨ ᠠᠪᠬᠤ ᠳᠦᠪ ᠲᠠᠢ︔ ᠡᠭᠦᠨ ᠳᠤ ᠨᠡᠶᠢᠳᠡ200 ᠦᠷᠦᠭᠡ | ᠵᠦᠴᠢᠶ᠎ᠡ ᠲᠠᠢ ᠪᠠᠶᠢᠵᠦ᠂ ᠤᠯᠠᠨ ᠴᠢᠳᠠᠪᠤᠷᠢᠳᠤ ᠭᠡᠷ ᠳᠤᠳᠤᠷᠠᠬᠢ ᠤᠷᠳᠤᠨ ᠨᠢ ᠡᠯ᠎ᠡ ᠲᠦᠷᠦᠯ ᠤᠨ ᠮᠤᠷᠢᠨ | ᠮᠡᠷᠭᠡᠵᠢᠯ ᠤᠨ ᠤᠷᠤᠯᠳᠤᠭᠠᠨ ᠪᠠ ᠳᠤᠭᠯᠠᠯᠳᠠ ᠳᠤ ᠵᠤᠷᠢᠭᠤᠯᠤᠨᠲ᠋ᠤᠬᠢᠷᠠᠭᠤᠯᠵᠦ᠂ ᠬᠤᠷᠳᠤᠨ ᠮᠤᠷᠢᠨ ᠤ | ᠤᠷᠤᠯᠳᠤᠭᠠᠨ ᠤ ᠲᠠᠯᠠᠪᠠᠢ ᠨᠢ ᠤᠯᠠᠨ ᠤᠯᠤᠰ ᠤᠨ ᠪᠠᠷᠢᠮᠵᠢᠶ᠎ᠠ ᠲᠠᠢ2000 ᠮᠧᠲᠷ ᠤᠨ ᠲᠠᠯᠠᠪᠤᠷᠲ᠋ᠠᠢ ᠪᠠᠶᠢᠵᠦ᠂ | ᠰᠤᠷᠭᠠᠭᠤᠯᠢᠯᠠᠯ ᠤᠨ ᠲᠠᠯᠠᠪᠤᠷ ᠤᠨ ᠲᠠᠯᠠᠪᠠᠢ ᠨᠢ 600 ᠮᠤ᠋ ᠲᠤ ᠬᠦᠷᠴᠦ ᠪᠠᠶᠢᠳᠠᠭ᠃ ᠬᠦᠯᠢᠶᠡᠨ ᠠᠪᠬᠤ ᠲᠦᠪ | ᠲᠤ ᠪᠠᠭᠠᠵᠢ ᠬᠡᠷᠡᠭᠰᠡᠯ ᠤᠨ ᠳᠠᠰᠤᠭ᠂ ᠪᠠᠶ᠎ᠠ ᠪᠤᠯᠪᠠᠰᠤᠷᠠᠭᠤᠯᠬᠤ ᠳᠠᠰᠤᠭ᠂ ᠬᠤᠪᠴᠠᠰᠤ ᠰᠤᠯᠢᠬᠤ ᠳᠠᠰᠤᠭ | ᠳᠤᠬᠢᠷᠠᠭᠤᠯᠤᠭᠠ ᠦᠭᠡᠢ᠂VIP ᠵᠤᠴᠢᠨ ᠤ ᠦᠷᠦᠭᠡ 50 ᠭᠠᠷᠤᠢ ᠳᠠᠰᠤᠯᠭ᠎ᠠ ᠪᠠᠶᠢᠵᠦ᠂ ᠤᠯᠠᠨᠤᠯᠤᠰ ᠤᠨ | ᠤᠷᠤᠯᠳᠤᠭᠠᠨ ᠢ ᠡᠷᠬᠢᠯᠡᠨ ᠬᠢᠬᠦ ᠦᠨᠳᠦᠰᠦᠨ ᠨᠦᠭᠦᠴᠡᠯ ᠢ ᠪᠦᠷᠢᠯᠳᠦᠭᠦᠯᠦᠭᠰᠡᠨ ᠪᠠᠶᠢᠨ᠎ᠠ᠃ | | | | | | | | ᠲᠤᠮᠤ ᠬᠡᠯᠪᠡᠷᠢ ᠶᠢᠨ ᠮᠤᠷᠢᠨ ᠰᠤᠶᠤᠯ ᠤᠨ ᠤᠷᠤᠯᠳᠤᠭᠠᠨ ᠪᠠ ᠳᠤᠭᠯᠠᠯᠳᠠ ᠶᠢ ᠦᠷᠨᠢᠭᠦᠯᠬᠦ ᠶᠢᠨ | ᠲᠦᠯᠦᠭᠡ᠂ ᠪᠠᠩ ᠴᠧᠩ ᠮᠤᠷᠢᠨ ᠮᠡᠷᠭᠡᠵᠢᠯ ᠤᠨ ᠺᠯᠦ᠋ᠪ ᠨᠢ ᠳᠤᠰᠬᠠᠶᠢᠯᠠᠨ ᠡᠸᠦ᠋ᠷᠤᠫᠡ ᠠᠮᠧᠷᠢᠺᠠ ᠠᠴᠠ ᠡᠯ᠎ᠡ | ᠳᠦᠷᠦᠯ ᠤᠨ ᠤᠷᠤᠯᠳᠤᠭᠠᠨ ᠤ ᠮᠤᠷᠢ ᠪᠤᠯᠤᠨ ᠳᠤᠭᠯᠠᠯᠳᠠ ᠶᠢᠨ ᠮᠤᠷᠢ ᠬᠤᠳᠠᠯᠳᠤᠨ ᠠᠪᠴᠠᠢ︔ 2012 ᠣᠨ ᠤ | ᠡᠬᠢ ᠪᠠᠷ ᠺᠯᠦ᠋ᠪ ᠨᠢ ᠬᠡᠳᠦᠨ ᠪᠦᠯᠦᠭ ᠮᠤᠷᠢᠨ ᠤ ᠳᠤᠰᠬᠠᠢ ᠮᠡᠷᠭᠡᠵᠢᠯᠳᠡᠨ ᠢ ᠲᠤᠮᠢᠯᠠᠨᠠᠮᠧᠷᠢᠺᠠ ᠶᠢᠨ ᠪᠠᠷᠠᠭᠤᠨ | ᠭᠡᠰᠡᠭ ᠤᠨ ᠡᠯ᠎ᠡ ᠳᠤᠮᠤ ᠬᠡᠯᠪᠡᠷᠢ ᠶᠢᠨ ᠲᠠᠷᠢᠶᠠᠯᠠᠩ ᠤᠨ ᠲᠠᠯᠠᠪᠤᠷ ᠲᠤ ᠬᠦᠷᠴᠦ᠂ ᠨᠢᠭᠡ ᠰᠠᠷ᠎ᠠ ᠭᠠᠷᠣᠢ ᠶᠢᠨ | ᠨᠠᠷᠢᠯᠢᠭ ᠪᠠᠶᠢᠴᠠᠭᠠᠨ ᠰᠤᠩᠭᠤᠯᠳᠠ ᠪᠠᠷ ᠳᠠᠮᠵᠢᠨ67 ᠰᠢᠯᠭᠠᠷᠠᠭᠰᠠᠨ ᠮᠤᠷᠢ ᠶᠢ ᠬᠤᠳᠠᠯᠳᠤᠨ ᠠᠪᠴᠠᠢ᠃ ᠡᠭᠦᠨ ᠤ | ᠬᠠᠮᠳᠤ ᠪᠠᠰᠠ ᠳᠤᠰᠬᠠᠢ ᠬᠦᠮᠦᠨ ᠲᠤᠮᠢᠯᠠᠨᠡᠸᠦ᠋ᠷᠤᠫᠡ ᠲᠦᠪ ᠲᠤ ᠬᠦᠷᠴᠦ 11 ᠪᠤᠯᠪᠠᠰᠤᠷᠠᠭᠰᠠᠨ ᠬᠠᠰᠢᠷ | ᠳᠤᠭᠯᠠᠯᠳᠠ ᠶᠢᠨ ᠮᠤᠷᠢ ᠬᠤᠳᠠᠯᠳᠤᠨ ᠠᠪᠴᠦ᠂ ᠡᠳᠡᠭᠡᠷ ᠮᠤᠷᠢ ᠶᠢ ᠰᠤᠷᠭᠠᠵᠦ ᠠᠷᠠᠴᠢᠯᠠᠬᠤ ᠶᠢᠨ ᠲᠦᠯᠦᠭᠡ᠂ ᠪᠠᠩ | ᠴᠧᠩ ᠮᠤᠷᠢᠨ ᠮᠡᠷᠭᠡᠵᠢᠯ ᠤᠨ ᠺᠯᠦ᠋ᠪ ᠨᠢ ᠳᠤᠰᠬᠠᠶᠢᠯᠠᠨ ᠳᠤᠰᠬᠠᠢ ᠮᠡᠷᠭᠡᠵᠢᠯ ᠤᠨ ᠮᠠᠯ ᠤᠨ ᠡᠮᠴᠢ᠂ ᠮᠤᠷᠢᠨ ᠤ | ᠠᠷᠠᠴᠢᠯᠠᠭᠴᠢ᠂ ᠮᠤᠷᠢᠨ ᠤ ᠰᠤᠷᠭᠠᠭᠤᠯᠢᠭᠴᠢ ᠪᠤᠯᠤᠨ ᠮᠤᠷᠢᠨ ᠮᠡᠷᠭᠡᠵᠢᠯ ᠤᠨ ᠰᠤᠷᠭᠠᠭᠴᠢ ᠵᠡᠷᠭᠡ 30 ᠭᠠᠷᠤᠢ | ᠬᠦᠮᠦᠰ ᠲᠠᠢ ᠤᠯᠤᠰ ᠤᠨ ᠳᠡᠰ ᠤᠨ ᠰᠢᠯᠭᠠᠷᠠᠭᠰᠠᠨ ᠮᠤᠷᠢᠨ ᠮᠡᠷᠭᠡᠵᠢᠯ ᠤᠨ ᠪᠦᠯᠬᠦᠮ ᠢ ᠤᠷᠢᠨ ᠠᠪᠴᠢᠷᠠᠭᠰᠠᠨ | ᠪᠠᠶᠢᠨ᠎ᠠ᠃ ᠤᠯᠤᠰ ᠤᠨ ᠳᠤᠳᠤᠭᠠᠳᠤᠬᠢ ᠪᠤᠰᠤᠳ ᠮᠤᠷᠢᠨ ᠮᠡᠷᠭᠡᠵᠢᠯ ᠤᠨ ᠺᠯᠦ᠋ᠪ ᠲᠠᠢ ᠬᠠᠷᠢᠴᠠᠭᠤᠯᠪᠠᠯ᠂ ᠪᠠᠩ | ᠴᠧᠩ ᠮᠤᠷᠢᠨ ᠮᠡᠷᠭᠡᠵᠢᠯ ᠤᠨ ᠺᠯᠦ᠋ᠪ ᠨᠢ ᠡᠯ᠎ᠡ ᠲᠠᠯ᠎ᠠ ᠶᠢᠨ ᠮᠤᠷᠢᠨ ᠮᠡᠷᠭᠡᠵᠢᠯ ᠤᠨ ᠰᠤᠷᠭᠠᠭᠤᠯᠢᠯ ᠤᠨ ᠲᠠᠯ᠎ᠠ ᠪᠠᠷ | ᠲᠡᠷᠢᠭᠦᠯᠡᠵᠦ᠂ ᠵᠢᠯ ᠪᠤᠯᠭᠠᠨ ᠶᠡᠭᠡ ᠠᠷᠪᠢᠨ ᠮᠤᠷᠢᠨᠤ ᠪᠠᠭ᠋ᠠᠳᠠᠳ ᠳᠦᠷᠪᠡᠨ ᠵᠦᠭ ᠠᠴᠠ ᠬᠦᠷᠦᠯᠴᠡᠨ ᠢᠷᠡᠵᠦ | ᠲᠤᠭᠤᠷᠢᠨ ᠪᠠᠶᠢᠴᠠᠭᠠᠯᠳᠠ ᠬᠢᠬᠦ ᠶᠢᠨ ᠬᠠᠮᠳᠤ ᠮᠤᠷᠢᠨ ᠮᠡᠷᠭᠡᠵᠢᠯ ᠤᠨᠰᠤᠷᠭᠠᠭᠤᠯᠢᠯᠠᠯ ᠢ ᠬᠦᠯᠢᠶᠡᠳᠡᠭ᠃ | ᠳᠤᠰᠬᠠᠶᠢᠯᠠᠭᠰᠠᠨᠮᠤᠷᠢᠨ ᠮᠡᠷᠭᠡᠵᠢᠯ ᠤᠨ ᠪᠦᠯᠬᠦᠮ ᠤᠨ ᠵᠢᠭᠠᠨ ᠵᠢᠯᠤᠭᠤᠳᠤᠯᠭ᠎ᠠ ᠳᠤᠤᠷ᠎ᠠ᠂ ᠺᠯᠦ᠋ᠪ ᠨᠢ ᠡᠯ᠎ᠡ ᠲᠦᠷᠦᠯ | ᠤᠨ ᠮᠤᠷᠢᠨ ᠮᠡᠷᠭᠡᠵᠢᠯ ᠤᠨ ᠤᠷᠤᠯᠳᠤᠭᠠᠨ ᠳᠤ ᠴᠤᠯᠭᠤᠷᠠᠨ ᠭᠠᠷᠴᠦ᠂ ᠦᠩᠭᠡᠷᠡᠭᠰᠡᠨ ᠳᠤ ᠤᠯᠠᠨ ᠠᠷᠪᠢᠨ ᠤᠯᠤᠰ | ᠤᠨ ᠳᠡᠰ ᠤᠨ ᠪᠤᠯᠤᠨ ᠤᠷᠤᠨ ᠨᠤᠳᠤᠭ ᠤᠨ ᠳᠠᠰ ᠤᠨ ᠱᠠᠩᠨᠠᠯ ᠬᠦᠷᠳᠡᠵᠡᠢ᠃ | | | | |