ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠮᠠᠯ ᠵᠠᠮ ᠤᠨ ᠰᠦᠢᠳᠬᠡᠯ ᠬᠤᠷᠢᠶᠠᠬᠤ | ᠳᠦᠷᠢᠮ ᠤᠨᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠷ ᠬᠤᠷᠳᠤᠴᠠᠳᠤ ᠵᠠᠰᠠᠮᠠᠯ ᠵᠠᠮ ᠤᠨ ᠮᠤᠵᠢ ᠵᠢᠨᠵᠠᠭᠠᠭ ᠤᠨ ᠥᠷᠲᠡᠭᠡ ᠶᠢᠨ ᠬᠦᠴᠦᠨ ᠥᠬᠡᠶ ᠪᠣᠯᠭᠠᠬᠤ | ᠲᠤᠬᠠᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ 2019 ᠤᠨ ᠵᠢᠯ ᠤᠨ ᠡᠴᠦᠰ ᠲᠤ ᠦᠨᠳᠦᠷ ᠬᠤᠷᠳᠤᠴᠠᠳᠤ ᠵᠠᠰᠠᠮᠠᠯ ᠵᠠᠮ ᠤᠨ | ᠮᠤᠵᠢ ᠶᠢᠨ ᠥᠷᠲᠡᠭᠡ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠬᠠᠷᠢᠶᠠᠲᠤ ᠮᠠᠰᠢᠨ ᠲᠡᠷᠭᠡᠨ ᠤ ETC ᠤᠭᠰᠠᠷᠠᠬᠤ ᠨᠣᠷᠮ᠎ᠠ 90 % ᠠᠴᠠ ᠳᠣᠤᠷ᠎ᠠ ᠪᠠᠶᠢᠯᠭᠠᠵᠦ ᠪᠣᠯᠬᠤ | ᠥᠬᠡᠶ᠂ ᠦᠨᠳᠦᠷ ᠬᠤᠷᠳᠤᠴᠠᠳᠤ ᠵᠠᠰᠠᠮᠠᠯ ᠵᠠᠮ ᠢᠶᠠᠷ ᠨᠡᠪᠲᠡᠷᠡᠬᠦ ᠮᠠᠰᠢᠨ ᠲᠡᠷᠭᠡᠨ ᠤ ETC ᠬᠡᠷᠡᠭᠯᠡᠬᠦ ᠨᠣᠷᠮ᠎ᠠ ᠶᠢ90 % ᠠᠴᠠ ᠳᠡᠭᠡᠭᠰᠢ ᠬᠦᠷᠴᠦ᠂ ᠪᠥᠬᠦ | ᠬᠤᠰᠢᠭᠤᠨ ᠤ ᠵᠠᠰᠠᠮᠠᠯ ᠵᠠᠮ ᠤᠨ ᠲᠡᠷᠭᠡ ᠵᠣᠭᠰᠣᠬᠤ ᠥᠬᠡᠶ ᠪᠠᠷ ᠰᠦᠢᠳᠬᠡᠯ ᠬᠤᠷᠢᠶᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠲᠡᠷᠭᠡ ᠮᠠᠰᠢᠨ ᠤ ᠬᠡᠪ ᠤᠨ | ᠶᠣᠰᠣᠭᠠᠷ ᠨᠡᠪᠲᠡᠷᠡᠬᠦ ᠶᠢ ᠪᠠᠳᠤᠯᠠᠨ᠂ ᠨᠡᠶᠢᠭᠡᠮ ᠤᠨ ᠮᠠᠰᠢᠨ ᠲᠡᠷᠭᠡᠨ ᠤ ᠤᠭᠰᠠᠷᠠᠵᠤ ᠬᠡᠷᠡᠭᠯᠡᠬᠦ ᠠᠵᠢᠯ ᠢ ᠦᠨᠡᠨᠬᠦ ᠪᠡᠶᠡᠯᠡᠬᠦᠯᠬᠦ ᠶᠢ ᠪᠠᠲᠤᠯᠠᠬᠤ ᠶᠢᠨ ᠲᠤᠰᠠᠳᠠ᠂ | ᠡᠳᠦᠭᠡ ETC ᠲᠥᠬᠦᠭᠡᠷᠦᠮᠵᠢ ᠤᠭᠰᠠᠷᠠᠬᠤ ᠶᠢ ᠳᠡᠯᠭᠡᠷᠡᠭᠦᠯᠬᠦ ᠬᠤᠯᠪᠣᠭᠳᠠᠯ ᠪᠦᠬᠦᠢ ᠤᠴᠢᠷ ᠶᠠᠪᠤᠳᠠᠯ ᠤᠨ ᠳᠤᠬᠠᠢ ᠮᠡᠳᠡᠭᠳᠡᠯ ᠳᠣᠤᠷᠠᠬᠢ ᠮᠡᠲᠦ᠄ | ᠨᠢᠭᠡ᠂ ᠮᠠᠰᠢᠨ ᠲᠡᠷᠭᠡᠨ ᠤ ETC ᠲᠥᠬᠦᠭᠡᠷᠦᠮᠵᠢ ᠶᠢ ᠳᠡᠯᠭᠡᠷᠡᠭᠦᠯᠦᠨ ᠤᠭᠰᠠᠷᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠤᠷ | ᠰᠦᠯᠵᠢᠶ᠎ᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠣᠯᠠᠨ ᠲᠦᠮᠡᠨ ᠤ ᠶᠠᠪᠤᠵᠤ ᠰᠠᠭᠤᠬᠤ ᠳᠤ ᠳᠦᠭᠦᠮ ᠢ | ᠬᠠᠩᠭᠠᠬᠤ ᠪᠣᠳᠠᠲᠠᠶ ᠬᠡᠷᠡᠭᠴᠡᠭᠡ ᠪᠠ ᠪᠦᠳᠦᠮᠵᠢᠳᠦ ᠠᠷᠭ᠎ᠠ ᠬᠡᠮᠵᠢᠶ᠎ᠠ ᠪᠣᠯᠤᠨ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠣᠯᠠᠨ ᠲᠦᠮᠡᠨ ᠲᠡᠭᠦᠨ ᠤ ᠴᠢᠬᠤᠯᠠ ᠶᠡᠭᠡ ᠠᠴᠢ ᠬᠤᠯᠪᠣᠭᠳᠠᠯ ᠪᠠ ᠴᠢᠬᠤᠯᠠ ᠴᠢᠨᠠᠷ ᠢ | ᠭᠦᠶᠴᠡᠳᠲ᠋ᠠᠨᠢᠵᠤ᠂ ETC ᠲᠥᠬᠦᠭᠡᠷᠦᠮᠵᠢ ᠶᠢ ᠤᠭᠰᠠᠷᠠᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ᠃ | ᠬᠤᠶᠠᠷ᠂ ᠲᠣᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠤᠰᠢᠭᠤᠨ ᠤ ᠬᠡᠪᠴᠢᠶᠡᠨ ᠳᠠᠬᠢ ᠨᠡᠶᠢᠭᠡᠮ ᠤᠨ ᠮᠠᠰᠢᠨ ᠲᠡᠷᠭᠡᠨ ᠤ ᠥᠮᠴᠢᠯᠡᠭᠴᠢ | ᠰᠠᠨᠠᠭᠠᠴᠢᠯᠠᠭ᠎ᠠ ᠠᠴᠠ ᠪᠠᠨ ETCᠲᠥᠬᠦᠭᠡᠷᠦᠮᠵᠢ ᠶᠢ ᠤᠭᠰᠠᠷᠠᠬᠤ ᠬᠡᠷᠡᠭᠲᠡᠶ᠃ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠪᠠ ᠨᠠᠮ ᠤᠨ ᠭᠡᠰᠢᠭᠦᠨ ᠺᠠᠳ᠋ᠷ᠂ ᠠᠯᠪᠠᠨ ᠳᠤᠰᠢᠶᠠᠯᠳᠡᠨ ᠤ ᠬᠤᠪᠢ ᠶᠢᠨ ᠲᠡᠷᠭᠡ ᠶᠢ ᠤᠷᠢᠳᠠᠪᠠᠷ ᠤᠭᠰᠠᠷᠠᠨ ᠬᠡᠷᠡᠭᠯᠡᠭᠦᠯᠬᠦ ᠵᠢᠨᠬᠠᠮᠲᠤ | ᠡᠷᠬᠡᠪᠰᠢ 2019 ᠤᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠬᠡᠷᠡᠭᠲᠡᠶ︔ ᠪᠤᠰᠤᠳ ᠨᠡᠶᠢᠭᠡᠮ ᠤᠨ ᠮᠠᠰᠢᠨ ᠲᠡᠷᠭᠡ ︵ᠠᠶᠠᠨᠴᠢᠳ | ᠤᠨᠲ᠋ᠡᠭᠡᠭᠡᠪᠦᠷᠢ᠂ ᠠᠴᠢᠶᠠᠨ ᠤ ᠲᠡᠷᠭᠡ ᠪᠠᠭᠲᠠᠨ᠎ᠠ︶ ᠶᠢ 2019 ᠤᠨ ᠤ 11 ᠳ᠋ᠤᠭᠡᠷ ᠰᠠᠷ᠎ᠠ ᠶᠢᠨ ᠰᠡᠭᠦᠯᠴᠢ ᠪᠤᠯᠳᠠᠯ᠎ᠠ ᠪᠡᠶᠡᠯᠡᠭᠦᠯᠬᠦ ᠪᠠᠷ ᠴᠢᠷᠮᠠᠶᠢᠨ᠎ᠠ᠂ | ᠲᠤᠬᠠᠶᠢᠯᠠᠪᠠᠯ ᠪᠥᠬᠦ ᠬᠤᠰᠢᠭᠤᠨ ᠤ ᠮᠠᠰᠢᠨ ᠲᠡᠷᠭᠡᠨ ᠤ ETC ᠲᠥᠬᠦᠭᠡᠷᠦᠮᠵᠢ ᠶᠢ ᠤᠭᠰᠠᠷᠠᠬᠤ ᠨᠣᠷᠮ᠎ᠠ ᠶᠢ 90 % ᠠᠴᠠ ᠳᠡᠭᠡᠭᠰᠢ ᠪᠤᠯᠭᠠᠨ᠎ᠠ᠃ | ᠭᠤᠷᠪᠠ᠂ ᠲᠣᠰ ᠤᠳᠠᠭᠠᠨ ᠤ ETC ᠲᠥᠬᠦᠭᠡᠷᠦᠮᠵᠢ ᠶᠢ ᠳᠡᠯᠭᠡᠷᠡᠭᠦᠯᠦᠨ ᠤᠭᠰᠠᠷᠠᠬᠤ ᠳᠤ ᠪᠦᠬᠦᠨ ᠢ ᠰᠦᠶᠳᠬᠡᠯ ᠬᠤᠷᠢᠶᠠᠬᠤ ᠥᠬᠡᠶ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠲᠡᠷᠭᠡᠮᠠᠰᠢᠨ ᠤ ᠨᠡᠪᠲᠡᠷᠡᠬᠦ ᠰᠦᠶᠳᠬᠡᠯ ᠢ 5 % ᠠᠴᠠ ᠳᠤᠲᠠᠭᠤ ᠥᠬᠡᠶ ᠦᠨᠳᠦᠰᠦᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ︵ᠬᠤᠶᠢᠰᠢᠳᠠ ᠶᠢᠨ ᠲᠥᠷᠥ ᠶᠢᠨ ᠪᠣᠳᠣᠯᠭ᠎ᠠ ᠪᠤᠶᠤ ᠬᠤᠪᠢᠷᠠᠯᠲᠠ ᠲᠠᠢ︶ ᠶᠢ ᠬᠦᠷᠲᠡᠵᠦ᠂ ᠭᠦᠶᠴᠡᠳᠬᠡᠬᠦ ᠪᠠᠶᠢᠭᠤᠯᠤᠮᠵᠢ ᠨᠢ ᠬᠤᠰᠢᠭᠤᠨ ᠤ | ᠬᠡᠪᠴᠢᠶᠡᠨ ᠳᠠᠬᠢ ᠳᠤᠮᠳᠠᠳᠤ ᠤᠯᠤᠰ ᠤᠨᠦᠶᠯᠡᠳᠪᠦᠷᠢ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨᠲ᠋ᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠳᠤᠮᠳᠠᠳᠤ ᠤᠯᠤᠰ ᠤᠨᠰᠢᠤᠳᠠᠨ ᠤ ᠬᠠᠳᠠᠭᠠᠯᠠᠮᠵᠢ ᠶᠢᠨ ᠪᠠᠩᠬᠢ ᠪᠣᠯᠤᠨ᠎ᠠ᠂ ᠲᠡᠷᠭᠡᠨ ᠤ | ᠡᠵᠡᠨ ᠨᠢ ᠲᠡᠭᠦᠨ ᠤ ᠳᠣᠲᠣᠷᠠᠬᠢ ᠠᠯᠢ ᠨᠢᠭᠡ ᠶᠢ ᠨᠢ ᠴᠢᠯᠥᠭᠡᠲᠡᠶ ᠰᠣᠩᠭᠤᠨ ᠭᠦᠶᠴᠡᠳᠬᠡᠵᠦ᠂ ᠭᠦᠶᠴᠡᠳᠬᠡᠬᠦ ᠭᠠᠷᠳᠠᠮ ᠪᠠ ᠬᠠᠷᠠᠭᠠᠯᠵᠠᠯ ᠤᠨᠲ᠋ᠥ᠋ᠷᠥ ᠶᠢᠨ ᠪᠣᠳᠣᠯᠭ᠎ᠠ | ᠶᠢ ᠥᠪᠡᠰᠦᠪᠡᠨ ᠭᠦᠢᠴᠡᠳᠬᠡᠬᠦ ᠪᠠᠶᠢᠭᠤᠯᠤᠮᠵᠢ ᠡᠴᠠᠠᠰᠠᠭᠤᠨ ᠯᠠᠪᠯᠠᠨ᠎ᠠ᠃ | ᠳᠦᠷᠪᠡ᠂ ᠦᠨᠳᠦᠷ ᠬᠤᠷᠳᠤᠴᠠᠳᠤ ᠵᠠᠰᠠᠮᠠᠯ ᠵᠠᠮ ᠠᠴᠠ ᠭᠠᠳᠠᠨ᠎ᠠ᠂ ᠪᠥᠬᠦ ᠬᠤᠰᠢᠭᠤᠨ ᠤ ᠬᠢᠯᠢ ᠳᠣᠲᠣᠷᠠᠬᠢ ᠪᠤᠰᠤᠳ ᠡᠵᠡᠩᠨᠡᠯᠲᠡ ᠶᠢᠨ ᠴᠢᠨᠠᠷᠲᠠᠶ ᠵᠠᠰᠠᠮᠠᠯ | ᠵᠠᠮ᠂ ᠡᠵᠡᠩᠨᠡᠯᠲᠡ ᠶᠢᠨ ᠥᠮᠴᠢᠲᠡᠨ ᠤᠷᠢᠶᠠᠯᠠᠭ᠎ᠠ ᠶᠢ ᠳᠠᠭᠠᠵᠤ᠂ ᠦᠶᠯᠡᠴᠢᠯᠡᠭᠡᠨ ᠤ ᠴᠢᠳᠠᠪᠤᠷᠢ ᠪᠠᠨ ᠢᠳᠡᠪᠬᠢᠲᠡᠢ ᠳᠡᠭᠡᠭᠰᠢᠯᠡᠭᠦᠯᠦᠨ᠂ ETC ᠳᠥᠭᠦᠮ ᠳᠥᠲᠡ | ᠰᠦᠶᠳᠬᠡᠯ ᠬᠤᠷᠢᠶᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠦᠨᠳᠦᠷ ᠬᠤᠷᠳᠤᠴᠠᠳᠤ ᠵᠠᠰᠠᠮᠠᠯ ᠵᠠᠮ ᠢ ᠥᠭᠡᠷᠡᠴᠢᠯᠡᠬᠦ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠨ᠂ | 2019 ᠤᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠰᠢᠭᠤᠨ ᠤ ᠬᠡᠪᠴᠢᠶᠡᠨ ᠳᠠᠬᠢ ᠨᠢᠭᠡᠳᠦᠭᠡᠷ᠂ ᠬᠤᠶᠠᠳᠤᠭᠠᠷ ᠲᠡᠰ ᠤᠨ ᠵᠠᠰᠠᠮᠠᠯ ᠵᠠᠮ ᠤᠨ | ᠰᠦᠢᠳᠬᠡᠯ ᠬᠤᠷᠢᠶᠠᠬᠤ ᠥᠷᠲᠡᠭᠡ ᠪᠦᠬᠦᠨ ᠳᠤ ᠴᠥᠮ ETC ᠲᠤᠰᠬᠠᠶ ᠨᠡᠪᠲᠡᠷᠡᠬᠦ ᠵᠠᠮ ᠢ ᠪᠦᠷᠬᠦᠬᠦᠯᠦᠨ᠎ᠡ᠃ | ᠲᠠᠪᠤ᠂ ETC ᠳᠦᠭᠦᠭᠡᠷᠦᠮᠵᠢ ᠶᠢ ᠲᠡᠷᠭᠡᠨ ᠵᠣᠭᠰᠣᠭᠠᠯ ᠵᠡᠷᠭᠡ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠵᠣᠷᠢᠭᠵᠢᠭᠤᠯᠵᠤ᠂ ᠵᠢᠯ ᠤᠨ ᠡᠴᠦᠰ ᠲᠤ ᠭᠠᠯᠲᠤ | ᠲᠡᠷᠭᠡᠨ ᠥᠷᠲᠡᠭᠡ᠂ ᠠᠶᠠᠨᠴᠢᠳ ᠤᠨ ᠥᠷᠲᠡᠭᠡ ᠵᠡᠷᠭᠡ ᠲᠣᠮᠣ ᠬᠡᠯᠪᠡᠷᠢ ᠶᠢᠨ ᠵᠠᠮ ᠬᠠᠷᠢᠯᠴᠠᠭᠠᠨ ᠤ ᠲᠠᠯᠠᠪᠤᠷ ᠦᠷᠳᠡᠭᠡᠨ ᠳᠤ ᠰᠦᠶᠳᠬᠡᠯ ᠬᠤᠷᠢᠶᠠᠬᠤ ᠲᠡᠷᠭᠡᠨ | ᠵᠣᠭᠰᠣᠭᠠᠯ ᠤᠨ ETC ᠦᠶᠯᠡᠴᠢᠯᠡᠭᠡ ᠶᠢ ᠪᠦᠬᠦᠨ ᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ETC ᠳᠦᠭᠦᠭᠡᠷᠦᠮᠵᠢ ᠶᠢ ᠰᠠᠭᠤᠭᠠᠯᠢ | ᠠᠷᠠᠳ ᠤᠨᠲ᠋ᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠡᠷᠭᠡᠨ ᠵᠣᠭᠰᠣᠭᠠᠯ ᠤᠨ ᠲᠠᠯᠠᠪᠤᠷ ᠳᠤ ᠬᠡᠷᠡᠭᠯᠡᠬᠦ ᠶᠢ ᠳᠡᠯᠭᠡᠷᠡᠭᠦᠯᠦᠨ᠎ᠡ᠃ | ᠵᠢᠷᠭᠤᠭ᠎ᠠ᠂ ᠰᠢᠨ᠎ᠡ ᠪᠠᠷ ᠪᠦᠷᠢᠳᠬᠡᠭᠦᠯᠦᠭᠰᠡᠨ ᠮᠠᠰᠢᠨ ᠲᠡᠷᠭᠡ ᠪᠦᠬᠦᠨ ᠢ ETC ᠲᠥᠬᠦᠭᠡᠷᠦᠮᠵᠢ ᠤᠭᠰᠠᠷᠠᠬᠤ ᠶᠢ ᠪᠠᠲᠤᠯᠠᠵᠤ᠂ ETC ᠲᠥᠬᠦᠭᠡᠷᠦᠮᠵᠢ | ᠤᠭᠰᠠᠷᠠᠭᠰᠠᠨ ᠦᠭᠡᠢ ᠮᠠᠰᠢᠨ ᠲᠡᠷᠭᠡ ᠳᠤ᠂ ᠵᠢᠯ ᠤᠨ ᠪᠠᠶᠢᠴᠠᠭᠠᠯᠲᠠ ᠬᠢᠬᠦ ᠦᠶ᠎ᠡ ᠳᠤ ᠤᠭᠰᠠᠷᠠᠬᠤ ᠶᠢ ᠱᠠᠭᠠᠷᠳᠠᠬᠤ ᠬᠡᠷᠡᠭᠲᠡᠶ᠃ | ᠳᠣᠯᠤᠭ᠎ᠠ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠨᠢ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠦᠳᠲᠡᠷ ᠲᠦᠷᠭᠡᠨ | ᠨᠠᠶᠢᠳᠠᠪᠤᠷᠢᠵᠢᠭᠤᠯᠵᠦ᠂ ᠣᠯᠠᠨ ᠲᠦᠮᠡᠨ ᠢ ᠪᠦᠬᠦ ᠬᠦᠴᠦᠨ ᠢᠶᠠᠷ ᠢᠶᠠᠨ ᠳᠠᠶᠢᠴᠢᠯᠠᠵᠤ᠂ ETC ᠮᠠᠰᠢᠨ ᠲᠡᠷᠭᠡᠨ ᠤ ᠲᠥᠬᠦᠭᠡᠷᠦᠮᠵᠢ ᠤᠭᠰᠠᠷᠠᠬᠤ ᠡᠭᠦᠷᠭᠡ ᠶᠢ | ᠦᠳᠲᠡᠷ ᠲᠦᠷᠭᠡᠨ ᠥᠷᠨᠢᠭᠦᠯᠬᠦ ᠬᠡᠷᠡᠭᠲᠡᠶ᠃ | ᠨᠠᠢᠮᠠ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ 2019 ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ᠂ ᠪᠦᠬᠦᠶᠢᠯᠡᠵᠠᠰᠠᠮᠠᠯ ᠵᠠᠮ᠂ ETC ᠠᠶᠠᠨᠴᠢᠨ ᠠᠴᠢᠶᠠᠨ ᠤ ᠮᠠᠰᠢᠨ ᠤ ᠨᠡᠪᠲᠡᠷᠡᠬᠦ ᠰᠦᠶᠳᠬᠡᠯ ᠢ ᠴᠥᠮ 9.5 % ᠪᠠᠷ ᠨᠤᠭᠤᠯᠤᠨ ᠪᠣᠳᠣᠵᠤ ᠰᠦᠶᠳᠬᠡᠯ | ᠬᠤᠷᠢᠶᠠᠨ᠎ᠠ᠃ 2020 ᠤᠨ 1 ᠰᠠᠷ᠎ᠠ ᠶᠢᠨ 1 ᠤ ᠡᠳᠦᠷ ᠠᠴᠠ ᠡᠬᠢᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠰᠲᠠᠭᠠᠨ ᠲᠣᠭᠲᠠᠭᠠᠯ ᠭᠠᠷᠭᠠᠪᠠᠯ᠂ ᠡᠯ᠎ᠡ | ᠲᠥᠷᠥᠯ ᠤᠨ ᠨᠡᠪᠲᠡᠷᠡᠬᠦ ᠰᠦᠶᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠥᠮ ETC ᠰᠢᠰᠲ᠋ᠧᠮ ᠳᠤ ᠲᠦᠰᠢᠭᠯᠡᠨ | ᠪᠡᠶᠡᠯᠡᠭᠦᠯᠦᠨ᠎ᠡ᠃ ᠡᠭᠦᠨ ᠤ ᠬᠠᠮᠲᠤ᠂ ᠦᠨᠳᠦᠷ ᠬᠤᠷᠳᠤᠴᠠᠳᠦ ᠵᠠᠰᠠᠮᠠᠯ ᠵᠠᠮ ᠤᠨ ᠭᠠᠷᠴᠤ ᠤᠷᠤᠬᠤ ᠨᠢ ᠴᠥᠮ ETC ᠨᠡᠪᠲᠡᠷᠡᠬᠦ ᠵᠠᠮ ᠢᠶᠠᠷ ᠭᠤᠤᠯ ᠪᠣᠯᠭᠠᠵᠤ᠂ | ETC ᠦᠭᠡᠢ ᠮᠠᠰᠢᠨ ᠲᠡᠷᠭᠡ ᠨᠢ ᠭᠠᠳᠠᠭᠰᠢ ᠭᠠᠷᠬᠤ ᠳᠤ ᠮᠠᠰᠢ ᠶᠡᠭᠡ ᠬᠢᠵᠠᠭᠠᠷᠯᠠᠯ ᠳᠤ ᠤᠴᠠᠷᠠᠬᠤ ᠪᠣᠯᠤᠨ᠎ᠠ᠃ ᠥᠷᠭᠡᠨ ᠣᠯᠠᠨ ᠲᠦᠮᠡᠨ ᠵᠠᠮ ᠤᠨ ᠰᠠᠭᠠᠳ | ᠦᠭᠡᠢ ᠨᠡᠪᠲᠡᠷᠡᠬᠦ ᠪᠠ ᠲᠣᠰ ᠪᠡᠶ᠎ᠡ ᠶᠢᠨ ᠠᠰᠢᠭ ᠲᠤᠰᠠ ᠪᠠᠨ ᠬᠠᠮᠠᠭᠠᠯᠠᠬᠤ ᠡᠭᠦᠳᠡᠨ ᠠᠴᠠ᠂ ᠢᠳᠡᠪᠬᠢᠲᠡᠢ ᠬᠦᠷᠢᠶᠡᠯᠡᠵᠦ᠂ ᠲᠦᠷᠭᠡᠨᠬᠦ᠋ᠳᠡᠯᠦᠯᠴᠡᠨ᠂ ᠪᠥᠬᠦ | ᠬᠦᠴᠦᠨ ᠢᠶᠠᠷ ᠢᠶᠠᠨ ᠬᠠᠮᠵᠢᠯᠴᠠᠨ᠂ ᠮᠠᠨ ᠤ ᠬᠤᠰᠢᠭᠤᠨ ᠤ ETC ᠮᠠᠰᠢᠨ ᠲᠡᠷᠭᠡᠨ ᠤ ᠲᠥᠬᠦᠭᠡᠷᠦᠮᠵᠢ ᠤᠭᠰᠠᠷᠠᠬᠤ ᠡᠭᠦᠷᠭᠡ ᠪᠠᠨ ᠴᠠᠭ ᠲᠤᠬᠠᠶ ᠳᠤᠨᠢ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ | ᠣᠨᠴᠠᠭᠠᠶᠢᠯᠠᠨ ᠮᠡᠳᠡᠭᠳᠡᠪᠡ | | | ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2019 ᠤᠨ 10 ᠰᠠᠷ᠎ᠠ ᠶᠢᠨ 14 ᠤ ᠡᠳᠦᠷ | |