ᠬᠤᠰᠢᠭᠤ ᠨᠠᠮ ᠤᠨ ᠬᠤᠷᠢᠶ᠎ᠠ ᠶᠢᠨ ᠱᠦᠵᠢ ᠴᠢ᠊᠂ ᠳᠠᠯᠠᠨᠳᠠᠢ ᠵᠡᠭᠡᠰᠦᠳᠡᠢ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2019/10/31
       10 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠴᠢ᠊᠂ ᠳᠠᠯᠠᠨᠳᠠᠢ᠂ ᠬᠤᠰᠢᠭᠤ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠬᠤᠸᠠᠩ ᠵᠢᠶᠠᠨ ᠵᠢᠶᠦ᠋ᠨ ᠵᠢᠴᠢ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠳᠠ᠂ ᠤᠢ ᠰᠢᠭᠤᠢ ᠪᠠ ᠨᠤᠳᠤᠭ ᠪᠡᠯᠴᠢᠭᠡᠷ ᠤᠨ ᠳᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ᠬᠠᠮᠳᠤ ᠵᠡᠭᠡᠰᠦᠳᠡᠢ ᠪᠠᠯᠭᠠᠰᠤᠨ ᠤ ᠰᠢᠩᠭᠡᠨ ᠳᠠᠷᠡᠰᠦ ᠳᠤᠰᠬᠤᠨ᠂ ᠵᠠᠩ ᠢ ᠴᠧᠩ ᠶᠤᠤ ᠳᠤᠰᠬᠤᠨ ᠳᠤ ᠬᠦᠷᠴᠦ᠂ ᠡᠰᠢ ᠰᠦᠷᠡᠯ ᠢ ᠲᠠᠷᠢᠶᠠᠨ ᠳᠤ ᠪᠤᠴᠠᠭᠠᠬᠤ ᠳᠦᠷᠦᠯ ᠵᠦᠢᠯ ᠤᠨ ᠶᠠᠪᠤᠭᠳᠠᠭᠰᠠᠨ ᠪᠠᠶᠢᠳᠠᠯ ᠳᠤ ᠵᠢᠭᠠᠨ ᠵᠢᠯᠤᠭᠤᠳᠤᠯᠭ᠎ᠠ ᠬᠢᠵᠦ᠂ ᠪᠠᠯᠭᠠᠰᠤᠨ ᠤ ᠤᠳᠤᠷᠢᠳᠤᠯᠭ᠎ᠠ ᠯᠢ ᠮᠤᠤ᠂ ᠸᠠᠩ ᠬᠠᠢ ᠵᠢᠶᠦ᠋ᠨ᠂ ᠵᠤᠤ ᠶᠦᠩ ᠰᠢᠶᠠᠩ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃

         ᠴᠢ᠊᠂ ᠳᠠᠯᠠᠨᠳᠠᠢ ᠡᠰᠢ ᠰᠦᠷᠡᠯ ᠢ ᠲᠠᠷᠢᠶᠠᠨ ᠳᠤ ᠪᠤᠴᠠᠭᠠᠬᠤ ᠠᠵᠢᠯᠯᠠᠭ᠎ᠠ ᠶᠢᠨ ᠤᠷᠤᠨ ᠳᠤ ᠬᠦᠷᠴᠦ ᠨᠠᠷᠢᠯᠢᠭ ᠪᠠᠶᠢᠴᠠᠭᠠᠯᠳᠠ ᠬᠢᠬᠦ ᠶᠢᠨ ᠬᠠᠮᠳᠤ

ᠠᠵᠢᠯᠯᠠᠭ᠎ᠠ ᠶᠢᠨ ᠶᠠᠪᠤᠴᠠ ᠵᠢᠴᠢ ᠦᠷ᠎ᠡ ᠪᠦᠳᠦᠮᠵᠢ   ᠤᠨ ᠳᠤᠬᠠᠢ ᠤᠶᠢᠯᠠᠭᠠᠵᠦ᠂ ᠡᠰᠢ ᠰᠦᠷᠡᠯ ᠤᠨ ᠶᠡᠷᠦᠩᠬᠡᠶᠢᠯᠡᠭᠰᠡᠨ ᠠᠰᠢᠭᠯᠠᠯᠳᠡ ᠶᠢ ᠳᠡᠭᠡᠭᠰᠢᠯᠡᠭᠦᠯᠬᠦ᠂

ᠲᠠᠷᠢᠶᠠᠯᠠᠩ ᠤᠨ ᠳᠤᠭᠳᠠᠮᠠᠯ ᠭᠠᠳᠠᠭᠰᠢᠯ ᠦᠭᠡᠢ ᠪᠤᠬᠢᠷᠳᠤᠯ ᠵᠢᠴᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ᠂ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠭᠡᠨ

ᠪᠠᠶᠢᠭᠤᠯᠤᠯᠳᠠ ᠵᠡᠷᠭᠡ ᠲᠠᠯ᠎ᠠ ᠪᠠᠷ ᠪᠤᠳᠠᠳᠠᠢ ᠱᠠᠭᠠᠷᠳᠠᠯᠭ᠎ᠠ ᠳᠤᠷᠠᠳᠬᠤ ᠶᠢᠨ ᠬᠠᠮᠳᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠮᠢᠶ᠎ᠠ ᠪᠦᠬᠦᠢ

ᠳᠦᠷᠦ ᠶᠢᠨ ᠪᠤᠳᠤᠯᠭ᠎ᠠ ᠶᠢᠨ ᠤᠬᠠᠭᠤᠯᠬᠤ ᠬᠦᠴᠦᠯᠡᠴᠡ ᠪᠠᠨ ᠴᠢᠩᠭᠠᠳᠬᠠᠬᠤ ᠶᠢ ᠱᠠᠭᠠᠷᠳᠠᠨ᠂ ᠠᠷᠠᠳ ᠤᠯᠠᠨ ᠤ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ

 ᠢ ᠴᠢᠩᠭᠠᠳᠬᠠᠬᠤ ᠶᠢ ᠵᠤᠷᠢᠭᠵᠢᠭᠤᠯᠤᠨ ᠳᠠᠭᠠᠭᠤᠯᠵᠦ᠂ ᠡᠰᠢ ᠰᠦᠷᠡᠯ ᠤᠨ ᠶᠠᠷᠦᠩᠬᠡᠶᠢᠯᠡᠭᠰᠡᠨ ᠠᠰᠢᠭᠯᠠᠯᠳᠡ ᠶᠢᠨ ᠨᠤᠷᠮ᠎ᠠ ᠶᠢ ᠳᠡᠭᠡᠭᠰᠢᠯᠡᠭᠦᠯᠦᠨ᠂ ᠴᠡᠪᠡᠷ ᠳᠤᠬᠢᠯᠢᠭ

ᠬᠦᠮᠦᠨ ᠠᠷᠠᠳ ᠤᠨ ᠤᠷᠤᠰᠢᠨ ᠠᠮᠢᠳᠤᠷᠠᠬᠤ ᠤᠷᠴᠢᠨ ᠠᠬᠤᠢ ᠶᠢ ᠪᠦᠷᠢᠯᠳᠦᠭᠦᠯᠬᠦ ᠬᠡᠷᠡᠭᠳᠡᠢ ᠭᠡᠵᠡᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ