ᠣᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ ᠶᠢ ᠤᠬᠠᠭᠤᠯᠬᠤ ᠭᠠᠷᠠᠭ ‍ᠤᠨ‌ᠠᠵᠢᠯᠯᠠᠭ᠎ᠠ ᠥᠷᠨᠢᠭᠦᠯᠬᠦ ᠲᠤᠬᠠᠶ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019/11/29
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠨᠡᠭᠡᠭᠡᠯᠲᠡ ᠶᠢᠨ ᠲᠣᠭᠤᠷᠢᠭ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠥᠷᠭᠡᠨ ᠢᠶᠠᠷ ᠤᠬᠠᠭᠤᠯᠵᠤ᠂ ᠣᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠨ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠤᠪᠴᠢᠶ᠎ᠠ ᠶᠢᠨ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠳᠡ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ︵ᠳᠣᠲᠣᠭᠠᠳᠤ ᠬᠠᠮᠢᠶᠠᠷᠤᠯᠲᠠ ᠶᠢᠨ ᠡᠨᠧᠷᠭᠢ ᠠᠷᠪᠢᠯᠠᠬᠤ ᠦᠰᠦᠭ ︹ 2019 ︺123 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ 2019 ᠤᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ︵6 ᠳ᠋ᠤᠭᠠᠷ ᠰᠠᠷ᠎ᠠ ᠶᠢᠨ 17 ᠤ ᠡᠳᠦᠷ ᠠᠴᠠ 23 ᠤ ᠡᠳᠦᠷ ᠪᠣᠯᠲᠠᠯ᠎ᠠ︶ ᠣᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃        ᠨᠢᠭᠡ᠂ ᠠᠵᠢᠯᠯᠠᠭᠠᠨ ᠤ ᠵᠣᠷᠢᠯᠭ᠎ᠠ        ᠡᠨᠧᠷᠭᠢ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠠᠮᠢ ᠠᠬᠤᠢ ᠶᠢᠨ ᠪᠣᠯᠪᠠᠰᠤᠨ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠲᠦᠭᠡᠮᠡᠯᠵᠢᠭᠦᠯᠵᠦ᠂ ᠡᠨᠧᠷᠭᠢ ᠠᠷᠪᠢᠯᠠᠬᠤ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠵᠤ᠂ ᠠᠷᠪᠢᠯᠠᠵᠦ ᠲᠦᠪᠯᠡᠷᠡᠭᠦᠯᠦᠨ ᠣᠷᠴᠢᠯᠳᠤᠭᠤᠯᠤᠨ ᠠᠰᠢᠭᠯᠠᠬᠤ ᠡᠬᠢ ᠪᠠᠶᠠᠯᠢᠭ ᠤᠨ ᠦᠵᠡᠯᠲᠡ ᠶᠢ ᠪᠤᠶᠢᠵᠢᠭᠤᠯᠬᠤ ᠪᠠ ᠦᠶᠯᠡᠳᠦᠯᠭᠡᠵᠢᠭᠦᠯᠵᠦ᠂ ᠳᠥᠭᠦᠮ ᠳᠥᠲᠡ ᠲᠣᠬᠢᠷᠠᠮᠵᠢᠲᠠᠶ᠂ ᠪᠣᠬᠢᠷᠲᠤᠯ ᠦᠭᠡᠢ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠪᠠ ᠠᠵᠢᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠪᠥᠬᠦ ᠬᠤᠰᠢᠭᠤᠨ ᠤ ᠡᠯ᠎ᠡ ᠱᠠᠲᠤᠨ ᠤ ᠣᠯᠠᠨ ᠨᠡᠶᠢᠳᠡ ᠶᠢᠨ ᠪᠠᠶᠢᠭᠤᠯᠤᠮᠵᠢ ᠪᠠ ᠥᠷᠭᠡᠨ ᠣᠯᠠᠨ ᠺᠠᠳ᠋ᠷ ᠠᠵᠢᠯᠲᠠᠨ ᠤ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠨᠠᠮ ᠵᠠᠰᠠᠭ ᠤᠨ ᠪᠠᠶᠢᠭᠤᠯᠤᠯᠭ᠎ᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃      ᠬᠤᠶᠠᠷ᠂ ᠠᠵᠢᠯᠯᠠᠭ᠎ᠠ ᠶᠢᠨ ᠭᠤᠤᠯ ᠰᠡᠳᠦᠪ       2019 ᠤᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠪᠣᠬᠢᠷᠲᠤᠯ ᠥᠬᠡᠶ ᠬᠥᠭᠵᠢᠯᠲᠡ᠂ ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠵᠦ︾  ᠂ ᠳᠣᠤᠷ᠎ᠠ ᠨᠡᠭᠦᠷᠡᠰᠦᠲᠥ᠋ᠷᠥᠭᠴᠢᠲᠦ ᠡᠳᠦᠷ ︵6 ᠰᠠᠷ᠎ᠠ ᠶᠢᠨ 19 ᠤ ᠡᠳᠦᠷ︶ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠳᠣᠤᠷ᠎ᠠ ᠨᠡᠭᠦᠷᠡᠰᠦᠲᠥ᠋ᠷᠥᠭᠴᠢᠲᠦ ᠠᠵᠢᠯᠯᠠᠭ᠎ᠠ ᠦᠷᠨᠢᠭᠦᠯᠦᠨ᠂ ᠬᠥᠬᠡ ᠣᠭᠲᠠᠷᠭᠤᠶ ᠪᠠᠨ ᠬᠠᠮᠠᠭᠠᠯᠠᠬᠤ︾᠃      ᠭᠤᠷᠪᠠ᠂ ᠠᠵᠢᠯᠯᠠᠭ᠎ᠠ ᠶᠢᠨ ᠠᠭᠤᠯᠭ᠎ᠠ      ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ 2019 ᠤᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠳᠣᠤᠷ᠎ᠠ ᠨᠡᠭᠦᠷᠡᠰᠦᠲᠥ᠋ᠷᠥᠭᠴᠢᠲᠦ ᠡᠳᠦᠷ ᠤᠨ ᠠᠵᠢᠯᠯᠠᠭ᠎ᠠ ᠶᠢᠨ ᠭᠤᠤᠯ ᠰᠡᠳᠦᠪ ‍ᠤᠨ‌‍ᠲ᠋ᠣᠭᠤᠷᠢᠨ ᠳᠤ᠂ ᠲᠣᠰ ᠨᠢᠭᠡᠴᠡ ᠤᠨ ᠢᠶᠠᠨ ᠣᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠳᠣᠤᠷ᠎ᠠ ᠨᠡᠭᠦᠷᠡᠰᠦᠲᠥ᠋ᠷᠥᠭᠴᠢᠲᠦ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠢᠯᠠᠩᠭᠤᠶ᠎ᠠ ᠨᠠᠮ ᠵᠠᠰᠠᠭ ᠤᠨ ᠪᠠᠶᠢᠭᠤᠯᠭ᠎ᠠ ᠨᠤᠭᠤᠳ ᠣᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠶᠢᠨ ᠶᠡᠷᠦ ᠶᠢᠨ ᠮᠡᠳᠡᠯᠭᠡ ᠵᠢᠴᠢ ᠳᠣᠤᠷ᠎ᠠ ᠨᠡᠭᠦᠷᠡᠰᠦᠲᠥ᠋ᠷᠥᠭᠴᠢᠲᠦ ᠣᠯᠠᠨ‌ᠨᠡᠶᠢᠳᠡ ᠶᠢᠨ ᠪᠠᠶᠢᠭᠤᠯᠤᠮᠵᠢ ᠶᠢ ᠡᠭᠦᠳᠦᠨ ᠪᠠᠶᠢᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠭ᠎ᠠ ᠬᠢᠵᠦ᠂ ᠡᠨᠧᠷᠭᠢ ᠠᠷᠪᠢᠯᠠᠬᠤ ᠰᠢᠨ᠎ᠡ ᠦᠶᠯᠡᠳᠬᠦᠨ᠂ ᠰᠢᠨ᠎ᠡ ᠮᠡᠷᠭᠡᠵᠢᠯ ᠪᠠ ᠰᠢᠨ᠎ᠡ ᠡᠨᠧᠷᠭᠢ ᠶᠢ ᠶᠡᠬᠡᠪᠡᠷ ᠳᠡᠯᠭᠡᠷᠡᠭᠦᠯᠵᠦ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠠᠵᠢᠯᠯᠠᠬᠤ᠂ ᠪᠣᠬᠢᠷᠲᠤᠯ ᠥᠬᠡᠶ ᠬᠡᠷᠡᠭᠯᠡᠭᠡ ᠶᠢᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠢ ᠬᠥᠮᠦᠵᠢᠭᠦᠯᠬᠦ ᠬᠡᠷᠡᠭᠲᠡᠶ᠃ ᠤᠬᠠᠭᠤᠯᠭ᠎ᠠ ᠶᠢᠨ ᠵᠠᠷᠯᠠᠯ ᠢ ᠡᠯ᠎ᠡ ᠰᠠᠯᠠᠭ᠎ᠠ ᠮᠥᠴᠢᠷ ᠥᠪᠡᠰᠦᠪᠡᠨ ᠳᠠᠷᠤᠮᠠᠯᠯᠠᠨ᠎ᠠ ︵http :// ecpi.ggj.gov.cn,2019 ᠤᠨ ᠤ ᠤᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ ᠤᠬᠠᠭᠤᠯᠭ᠎ᠠ ᠶᠢᠨ ᠵᠢᠷᠤᠭ︶  ᠃     ᠳᠦᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ     ︵ᠨᠢᠭᠡ︶ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠣᠰ ᠨᠢᠭᠡᠴᠡ  ᠤᠨ ᠢᠶᠠᠨ ᠣᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠲᠤᠤᠷ᠎ᠠ ᠨᠡᠭᠦᠷᠡᠰᠦᠲᠥ᠋ᠷᠥᠭᠴᠢᠲᠦ ᠡᠳᠦᠷ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ 2019 ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠠᠵᠢᠯᠯᠠᠭ᠎ᠠ ᠶᠢᠨ ᠳᠦᠷᠰᠦ ᠰᠢᠩᠭᠡᠭᠡᠯᠳᠡ ᠶᠢᠨ ᠮᠠᠲ᠋ᠧᠷᠢᠶᠠᠯ᠂ ᠪᠢᠴᠢᠭ ᠤᠨ ᠳ᠋ᠦᠩᠨᠡᠯᠲᠡ ︵ᠡᠯᠧᠺᠲᠷᠣᠨ ᠬᠡᠪᠯᠡᠯ ᠪᠠᠭᠲᠠᠨ᠎ᠠ︶ ᠪᠠᠨ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠵᠢᠨ‌‍ᠲ᠋ᠤᠪᠴᠢᠶᠠᠨ ᠳᠤ ᠮᠡᠳᠡᠭᠦᠯᠦᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠳᠦᠯᠲᠡᠶ ᠬᠤᠷᠢᠶᠠᠩᠭᠤᠶᠢᠯᠠᠨ ᠡᠮᠬᠢᠳᠬᠡᠵᠦ᠂ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠤᠪᠴᠢᠶᠠᠨ ᠳᠤ ᠮᠡᠳᠡᠭᠦᠯᠦᠨ᠎ᠡ᠃     ᠬᠠᠷᠢᠯᠴᠠᠬᠤ ᠬᠥᠮᠦᠨ᠄ ᠵᠠᠩ ᠴᠢ ᠢᠦᠶ     ᠬᠠᠷᠢᠯᠴᠠᠬᠤ ᠤᠲᠠᠰᠤ᠄ 0477 — 5960742     ᠢᠮᠧᠯ᠄ 827738033 @qq.com                                                                                                                                          ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2019 ᠤᠨ 6 ᠰᠠᠷ᠎ᠠ ᠶᠢᠨ 14 ᠤ ᠡᠳᠦᠷ
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ