ᠤᠯᠤᠰ ᠤᠨ ᠡᠨᠧᠷᠬᠢ ᠶᠢᠨ ᠳᠤᠪᠴᠢᠶᠠᠨ ᠤ ᠤᠮᠠᠷᠠᠳᠤ ᠤᠷᠤᠨ ᠤ ᠬᠢᠨᠠᠨ ᠬᠠᠮᠢᠶᠠᠷᠤᠯᠳᠠ ᠶᠢᠨ ᠳᠤᠪᠴᠢᠶᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠨᠠᠨ ᠬᠠᠮᠢᠶᠠᠷᠤᠯᠳᠠ ᠶᠢᠨ ᠠᠯᠪᠠᠨ ᠭᠡᠷ ᠤᠨ ᠡᠷᠬᠢᠯᠡᠭᠴᠢ ᠡᠤ ᠢᠦᠢ ᠯᠦᠩ ᠨᠠᠷ ᠡᠩᠭᠡᠪᠡᠢ ᠪᠠᠯᠭᠠᠰᠤᠨ ᠳᠤ ᠬᠦᠷᠴᠦ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2019/11/6
      11 ᠰᠠᠷ᠎ᠠ ᠶᠢᠨ 5 ᠤ ᠡᠳᠦᠷ᠂ ᠤᠯᠤᠰ ᠤᠨ ᠡᠨᠧᠷᠬᠢ ᠶᠢᠨ ᠳᠤᠪᠴᠢᠶᠠᠨ ᠤ ᠤᠮᠠᠷᠠᠳᠤ ᠤᠷᠤᠨ ᠤ ᠬᠢᠨᠠᠨ ᠬᠠᠮᠢᠶᠠᠷᠤᠯᠳᠠ ᠶᠢᠨ ᠳᠤᠪᠴᠢᠶᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠨᠠᠨ ᠬᠠᠮᠢᠶᠠᠷᠤᠯᠳᠠ ᠶᠢᠨ ᠠᠯᠪᠠᠨ ᠭᠡᠷ ᠤᠨ ᠡᠷᠬᠢᠯᠡᠭᠴᠢ ᠡᠤ ᠢᠦᠢ ᠯᠦᠩ᠂ ᠤᠷᠳᠤᠰ ᠤᠨ ᠴᠠᠭᠢᠯᠭᠠᠨ ᠦᠢᠯᠡᠰ  ᠤᠨ ᠳᠤᠪᠴᠢᠶᠠᠨ ᠤ ᠨᠠᠮ ᠤᠨ ᠳᠤᠭᠤᠶᠢᠯᠠᠩ ᠤᠨ ᠱᠦᠵᠢ ᠸᠠᠩ ᠹᠧᠩ ᠵᠧᠨ᠂ ᠳᠡᠳ᠋ ᠳᠤᠪᠴᠢᠶᠠᠨ ᠳᠠᠷᠤᠭ᠎ᠠ ᠹᠧᠩ ᠰᠢᠶᠠᠩ᠂ ᠳᠠᠯᠠᠳ ᠤᠨ ᠴᠠᠭᠢᠯᠭᠠᠨ ᠬᠠᠩᠭᠠᠬᠤ ᠳᠤᠪᠴᠢᠶᠠᠨ ᠤ ᠳᠤᠪᠴᠢᠶᠠᠨ ᠳᠠᠷᠤᠭ᠎ᠠ ᠸᠧᠢ ᠬᠠᠢ ᠫᠢᠩ᠂ ᠱᠦᠵᠢ ᠲᠢᠶᠠᠨ ᠵᠢᠶᠠᠨ ᠵᠢᠶᠦ᠋ᠨ ᠨᠠᠷ ᠡᠩᠭᠡᠪᠡᠢ ᠪᠠᠯᠭᠠᠰᠤᠨ ᠤ ᠬᠤᠸᠠ ᠮᠤᠬᠤᠷ ᠳᠤᠰᠬᠤᠨ ᠳᠤ ᠬᠦᠷᠴᠦ ᠬᠤᠳᠠᠯᠳᠤᠭ᠎ᠠ ᠡᠷᠬᠢᠯᠡᠬᠦ ᠤᠷᠴᠢᠨ ᠢ ᠰᠢᠯᠢᠳᠡᠭᠵᠢᠭᠦᠯᠬᠦ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠰᠠᠶᠢᠵᠢᠷᠠᠭᠤᠯᠬᠤ ᠠᠵᠢᠯ  ᠤᠨ ᠦᠷᠨᠢᠭᠦᠯᠦᠭᠰᠡᠨ ᠪᠠᠶᠢᠳᠠᠯ ᠳᠤ ᠵᠢᠭᠠᠨ ᠵᠢᠯᠤᠭᠤᠳᠤᠯᠭ᠎ᠠ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦ᠋ ᠯᠢᠶᠠᠩ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠪᠠᠯᠭᠠᠰᠤᠨ ᠳᠠᠷᠤᠭ᠎ᠠ ᠵᠠᠩ ᠶᠦᠩ ᠹᠸᠢ ᠪᠠᠷᠠᠳᠠᠪᠠ᠃                                              

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ