ᠪᠥᠬᠦ ᠬᠤᠰᠢᠭᠤᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠭᠤᠤᠯ ᠬᠠᠷᠢᠭᠤᠴᠠᠯᠭᠠᠳᠠᠨ ᠤ ᠪᠣᠯᠪᠠᠰᠤᠷᠠᠯ ᠤᠨ ᠠᠩᠭᠢ ᠡᠩᠭᠡᠪᠡᠢ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019/11/7
      ᠤᠷᠴᠢᠮ ᠤᠨ ᠡᠳᠦᠷ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠭᠤᠤᠯ ᠬᠠᠷᠢᠭᠤᠴᠠᠯᠭᠠᠳᠠᠨ ᠤ ᠪᠣᠯᠪᠠᠰᠤᠷᠠᠯ ᠤᠨ ᠠᠩᠭᠢ ᠡᠩᠭᠡᠪᠡᠢ ᠪᠠᠯᠭᠠᠰᠤᠨ ᠤ ᠫᠦ᠋ ᠰᠢᠨ ᠨᠡᠶᠢᠭᠡᠮ ᠲᠣᠭᠤᠷᠢᠭ ᠲᠤ ᠬᠢᠴᠢᠶᠡᠯ ᠡᠬᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠤ᠋ ᠵᠧᠨ ᠫᠢᠩ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠶᠠᠳᠤᠭᠠᠷ ᠰᠠᠯᠠᠭᠠᠨ ᠤ ᠡᠷᠬᠢᠯᠡᠭᠴᠢ ᠹᠠᠨ ᠹᠦ᠋ ᠳ᠋ᠦᠩ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠬᠠᠨ ᠵᠥᠩ᠂ ᠬᠤᠰᠢᠭᠤᠨ ᠤ ᠨᠠᠮ ᠤᠨ ᠰᠤᠷᠭᠠᠭᠤᠯᠢ ᠶᠢᠨ ᠯᠢ ᠰᠢᠤᠸᠠᠢ ᠲᠢᠶᠠᠨ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠶᠦᠩ ᠹᠧᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠬᠠᠨ ᠵᠥᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃

          ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠰᠤ᠋ ᠵᠧᠨ ᠫᠢᠩ ᠬᠤᠰᠢᠭᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠢ ᠲᠥᠯᠥᠭᠡᠯᠡᠨ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ‍ᠤᠨ‌‍ᠱᠦ᠋ᠵᠢ᠂ ᠲᠣᠰᠬᠤᠨ ᠤ ᠡᠷᠬᠢᠯᠡᠭᠴᠢ ᠵᠢᠴᠢ ᠤᠷᠲᠤ ᠬᠤᠭᠤᠴᠠᠭᠠᠨ ᠤ

ᠲᠤᠷᠰᠢ ᠦᠨᠳᠦᠰᠦᠨ ᠱᠠᠲᠤᠨ ᠳᠤ ᠠᠵᠢᠯᠯᠠᠵᠤ ᠪᠠᠶᠢᠭᠰᠠᠨ ᠭᠠᠴᠠᠭ᠎ᠠ ᠲᠣᠰᠬᠤᠨ ᠤ ᠺᠠᠳ᠋ᠷᠴᠤᠳ ᠲᠤ ᠭᠦᠨ‌‍ᠲ᠋ᠠᠯᠠᠷᠬᠠᠯ ᠳᠡᠪᠰᠢᠭᠦᠯᠪᠡ᠃ ᠲᠡᠷᠡ ᠱᠠᠭᠠᠷᠳᠠᠬᠤ ᠳᠤ ᠪᠠᠨ᠄

ᠨᠢᠭᠡ ᠳᠤ᠂ ᠤᠯᠤᠰ ᠲᠥᠷᠥ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ

ᠪᠠᠶᠢᠭᠤᠯᠤᠭᠴᠢ ᠪᠣᠯᠬᠤ ᠬᠡᠷᠡᠭᠲᠡᠶ︔ ᠬᠤᠶᠠᠷ ᠲᠤ᠂ ᠬᠦᠷᠦᠯᠴᠡᠬᠦ ᠦᠭᠡᠢ ᠲᠠᠯ᠎ᠠ ᠪᠠᠨ ᠦᠨᠡᠨᠬᠦ ᠣᠶᠢᠯᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ

ᠴᠢᠩᠭᠠᠳᠬᠠᠬᠤ ᠳᠤᠮᠳᠠ ᠰᠢᠪᠲᠤᠯᠤᠯᠲᠠ ᠬᠢᠵᠦ᠂ ᠲᠡᠷᠢᠭᠦᠨ ᠤ ᠵᠢᠱᠢᠶᠡᠴᠢ ᠪᠣᠯᠬᠤ ᠪᠠᠷ ᠴᠢᠷᠮᠠᠶᠢᠨ᠎ᠠ︔ ᠭᠤᠷᠪᠠ ᠳᠤ᠂ ᠰᠤᠷᠤᠯᠴᠠᠯᠭ᠎ᠠ ᠪᠠᠨ ᠴᠢᠩᠭᠠᠳᠬᠠᠵᠤ᠂

ᠳᠣᠲᠣᠭᠠᠳᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠬᠡᠪ ᠴᠢᠨᠠᠷ ‍ᠤᠨ‌‍ᠲ᠋ᠤᠲᠠᠭᠤᠳᠠᠯ ᠪᠡᠨ‌ᠦᠨᠡᠨᠬᠦ ᠨᠥᠬᠦᠪᠥᠷᠢᠯᠡᠨ᠎ᠡ᠃ ᠣᠯᠠᠨ ᠢᠶᠠᠷ ᠢᠶᠠᠨ ᠲᠠᠨᠢᠯᠲᠠ ᠪᠠᠨ

ᠳᠡᠭᠡᠭᠰᠢᠯᠡᠭᠦᠯᠦᠨ᠂ ᠣᠪᠣᠷ ᠢᠶᠠᠨ ᠲᠥᠪ ᠪᠣᠯᠭᠠᠵᠤ᠂ ᠤᠬᠠᠮᠰᠠᠷ ᠠᠴᠠ ᠪᠠᠨ ᠡᠨᠡ ᠤᠳᠠᠭᠠᠨ ᠤ ᠰᠤᠷᠤᠯᠴᠠᠯᠭ᠎ᠠ ᠳᠤ ᠣᠷᠣᠯᠴᠠᠬᠤ ᠶᠢ ᠬᠦᠰᠡᠵᠦ ᠪᠠᠶᠢᠨ᠎ᠠ ᠭᠡᠪᠡ᠃

       

          ᠪᠠᠯᠭᠠᠰᠤᠨ ᠳᠠᠷᠤᠭ᠎ᠠ ᠵᠠᠩ ᠶᠦᠩ ᠹᠸᠢ ᠰᠤᠷᠤᠯᠭ᠎ᠠ ᠡᠬᠢᠯᠡᠬᠦ ᠶᠠᠷᠢᠶ᠎ᠠ ᠲᠠᠯᠪᠢᠵᠦ᠂ ᠲᠡᠷᠡ ᠵᠢᠭᠠᠬᠤ ᠳᠤ ᠪᠠᠨ᠄ ᠲᠣᠰ ᠤᠳᠠᠭ᠎ᠠ ᠶᠢᠨ ᠪᠣᠯᠪᠠᠰᠤᠷᠠᠯ ᠨᠢ

ᠶᠠᠭ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠭᠡᠨ ᠢᠶᠠᠷ ᠥᠷᠨᠢᠭᠦᠯᠵᠦ

ᠪᠠᠶᠢᠭ᠎ᠠ ᠲᠠᠰᠢᠷᠠᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠵᠢᠨ‌‍ᠲ᠋ᠤᠮᠳᠠᠳᠤ ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠭᠠᠴᠠᠭ᠎ᠠ ᠲᠣᠰᠬᠤᠨ ᠤ

ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠪᠣᠯᠤᠨ ᠠᠵᠢᠯ ᠶᠢᠨ ᠪᠠᠶᠢᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠲᠣᠭᠲᠠᠭᠰᠠᠨ ᠬᠠᠷᠠᠯᠲᠠ ᠡᠭᠦᠷᠭᠡ ᠪᠠᠨ ᠴᠢᠨᠠᠷ

ᠰᠠᠶᠢᠲᠠᠶ ᠪᠡᠶᠡᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠣᠯᠠᠨ ᠢᠶᠠᠷ ᠢᠶᠠᠨ ᠲᠣᠰ ᠤᠳᠠᠭ᠎ᠠ ᠶᠢᠨ ᠪᠣᠯᠪᠠᠰᠤᠷᠠᠭᠤᠯᠤᠯ ᠢᠶᠠᠷ ᠠᠵᠠ‌‍ᠲ᠋ᠣᠬᠢᠶᠠᠯ

ᠪᠣᠯᠭᠠᠵᠤ᠂ ᠢᠯᠡᠭᠦᠬᠡᠨ‌‍ᠰᠣᠯᠢᠯᠴᠠᠵᠤ᠂  ᠢᠯᠡᠭᠦᠭᠡᠨ‌ᠬᠠᠷᠢᠯᠴᠡᠵᠦ᠂ ᠰᠠᠶᠢᠨ‌‍ᠲ᠋ᠠᠯ᠎ᠠ ᠶᠢ ᠨᠢ ᠠᠪᠴᠤ ᠳᠤᠲᠠᠭᠤᠳᠠᠯ ᠢᠶᠠᠨ ᠨᠥᠬᠦᠪᠥᠷᠢᠯᠡᠵᠦ᠂ ᠠᠵᠢᠯ ᠤᠨ

ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      

           

   

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ