ᠠᠵᠢᠯ ᠳᠤ ᠪᠠᠶᠢᠭ᠎ᠠ ᠠᠵᠢᠯᠲᠠᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠢ ᠦᠨᠡᠨᠬᠦ ᠰᠠᠶᠢᠳᠤᠷ ᠬᠢᠬᠦ ᠳᠤᠬᠠᠢ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019/12/3
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠨᠡᠭᠡᠭᠡᠯᠲᠡ ᠶᠢᠨ ᠲᠣᠭᠤᠷᠢᠭ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠳᠤ᠄        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠦ᠂ ︽ᠬᠦᠴᠢᠷᠳᠡᠯᠲᠡᠶ ᠠᠵᠢᠯᠲᠠᠨ ᠢ ᠬᠦᠴᠢᠷᠳᠡᠯ ᠠᠴᠠ ᠠᠩᠭᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2018 ︺ 47 ᠳ᠋ᠤᠭᠠᠷ ᠲᠣᠭᠠᠲᠤ︶  ᠪᠠ ︽ᠠᠵᠢᠯ ᠳᠤ ᠪᠠᠶᠢᠭ᠎ᠠ ᠠᠵᠢᠯᠲᠠᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠦᠨᠡᠨᠬᠦ ᠰᠠᠶᠢᠲᠤᠷ ᠬᠢᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠤᠷᠳᠤᠰ ᠵᠠᠰᠠᠭ ᠤᠨ ᠠᠯᠪᠠᠨ ᠵᠠᠬᠢᠳᠠᠯ ︹ 2019 ︺ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠥᠬᠦ ᠬᠤᠰᠢᠭᠤᠨ ᠤ ᠠᠵᠢᠯᠲᠠᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠦᠷᠨᠢᠭᠦᠯᠬᠦ ᠭᠡᠵᠦ ᠪᠠᠶᠢᠨ᠎ᠠ᠂ ᠡᠳᠦᠭᠡ ᠬᠤᠯᠪᠣᠭᠳᠠᠯ ᠪᠦᠬᠦᠢ ᠵᠦᠶᠯᠡᠰ ᠢ ᠳᠣᠤᠷᠠᠬᠢ ᠮᠡᠲᠦ ᠮᠡᠳᠡᠭᠳᠡᠪᠡ᠃       ᠨᠢᠭᠡ᠂ ᠤᠳᠤᠷᠢᠳᠤᠯᠭ᠎ᠠ ᠪᠠᠨ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ       ᠠᠵᠢᠯ ᠳᠤ ᠪᠠᠶᠢᠭ᠎ᠠ ᠠᠵᠢᠯᠲᠠᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠵᠤ ᠪᠠᠳᠤᠯᠠᠭ᠎ᠠ ᠵᠢᠨ‌ᠠᠵᠢᠯᠯᠠᠭ᠎ᠠ ᠪᠣᠯ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠵᠢᠨ‌‍ᠴᠢᠬᠤᠯᠠ ᠠᠷᠭ᠎ᠠ ᠬᠡᠮᠵᠢᠶ᠎ᠠ᠂ ᠠᠵᠢᠯᠳᠠᠨ ᠤ ᠦᠨᠳᠦᠰᠦᠨ ᠡᠮᠴᠢᠯᠡᠭᠡᠨ ᠤ ᠳᠦᠷᠢᠮ ᠤᠨ ᠨᠦᠬᠦᠪᠦᠷᠢ ᠪᠤᠯᠤᠨ᠎ᠠ᠃ ᠠᠵᠢᠯᠯᠠᠭ᠎ᠠ ᠶᠢ ᠥᠷᠨᠢᠭᠦᠯᠬᠦ ᠪᠠ ᠬᠡᠷᠡᠭᠵᠢᠭᠦᠯᠬᠦ ᠨᠢ ᠠᠵᠢᠯᠲᠠᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯᠲᠠᠨ ᠤ ᠡᠮ‌ᠡᠮᠨᠡᠯᠭᠡ ᠶᠢᠨ ᠳᠠᠷᠤᠭᠠᠰᠤ ᠶᠢ ᠬᠦᠩᠭᠡᠷᠡᠭᠦᠯᠦᠨ᠂ ᠠᠵᠢᠯᠲᠠᠨ‌‍ᠤ ᠡᠩᠨᠡᠭᠡ ᠶᠢ ᠳᠤᠭᠳᠠᠪᠤᠷᠢᠵᠢᠭᠤᠯᠤᠨ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠬᠤᠰᠢᠭᠤᠨ ᠤ ᠡᠯ᠎ᠡ ᠨᠢᠭᠡᠴᠡ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠠᠵᠢᠯ ᠳᠤ ᠪᠠᠶᠢᠭ᠎ᠠ ᠠᠵᠢᠯᠲᠠᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠠᠵᠢᠯᠯᠠᠭ᠎ᠠ ᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠲᠣᠭᠲᠠᠭᠤᠨ ᠢ ᠬᠠᠮᠠᠭᠠᠯᠠᠬᠤ ᠢᠨᠵᠧᠨᠧᠷᠢᠩ ᠢ ᠰᠠᠶᠢᠲᠤᠷ ᠬᠢᠵᠦ᠂ ᠠᠵᠢᠯᠲᠠᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠠᠵᠢᠯᠯᠠᠭ᠎ᠠ ᠶᠢ ᠮᠠᠨ ᠤ ᠬᠤᠰᠢᠭᠤᠨ ᠳᠤ ᠪᠦᠬᠦ ᠲᠠᠯ᠎ᠠ ᠪᠠᠷ ᠭᠦᠨᠵᠡᠭᠡᠶ ᠦᠷᠨᠢᠭᠦᠯᠬᠦ ᠶᠢ ᠳᠠᠰᠤᠷᠠᠯᠳᠡ ᠦᠭᠡᠢ ᠠᠬᠢᠭᠤᠯᠬᠤ ᠬᠡᠷᠡᠭᠲᠡᠶ      ᠬᠤᠶᠠᠷ᠂ ᠥᠷᠭᠡᠨ ᠢᠶᠠᠷ ᠤᠬᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ      ᠪᠥᠬᠦ ᠬᠤᠰᠢᠭᠤᠨ ᠤ ᠡᠯ᠎ᠡ ᠨᠢᠭᠡᠴᠡ ᠨᠦᠭᠦᠳ ᠣᠯᠠᠨ ᠠᠷᠭ᠎ᠠ ᠵᠠᠮ᠂ ᠣᠯᠠᠨ ᠬᠠᠷᠠᠭᠠᠰᠤ᠂ ᠪᠥᠬᠦ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠠᠵᠢᠯᠯᠠᠭ᠎ᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠤᠬᠠᠭᠤᠯᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠢᠳᠡᠪᠬᠢᠲᠡᠢ ᠤᠷᠤᠯᠴᠠᠵᠦ᠂ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠤᠭᠤᠷᠢᠨ ᠢ ᠪᠤᠢ ᠪᠣᠯᠭᠠᠬᠤ ᠬᠡᠷᠡᠭᠲᠡᠶ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠠᠵᠢᠯᠴᠢᠨ ᠠᠩᠭᠢ ᠶᠢᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠡᠳᠬᠦᠬᠦ ᠵᠣᠷᠢᠭ ᠰᠠᠨᠠᠭ᠎ᠠ ᠶᠢ ᠶᠡᠬᠡᠪᠡᠷ ᠰᠠᠨᠠᠭᠠᠴᠢᠯᠠᠵᠤ᠂ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠤᠳᠤᠷᠢᠳᠤᠯᠭ᠎ᠠ ᠪᠠ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠱᠠᠲᠤ ᠱᠠᠲᠤ ᠪᠠᠷ ᠪᠠᠶᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠣᠷᠣᠯᠴᠠᠬᠤ ᠬᠡᠪᠴᠢᠶ᠎ᠡ ᠪᠠᠨ ᠥᠷᠭᠡᠳᠬᠡᠵᠦ᠂ ᠠᠵᠢᠯᠲᠠᠨ ᠢ ᠦᠷᠭᠡᠨ ᠬᠡᠪᠴᠢᠶ᠎ᠡ ᠪᠠᠷ ᠵᠣᠬᠢᠶᠠᠨ ᠪᠠᠶᠢᠭᠤᠯᠤᠨ ᠠᠵᠢᠯᠯᠠᠭ᠎ᠠ ᠶᠢᠨ ᠳᠤᠮᠳᠠ  ᠤᠷᠤᠯᠴᠠᠭᠤᠯᠬᠤ ᠬᠡᠷᠡᠭᠲᠡᠶ᠃      ᠭᠤᠷᠪᠠ᠂ ᠲᠣᠭᠲᠠᠴᠠ ᠶᠢ ᠪᠦᠷᠢᠨᠰᠢᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ      ᠠᠵᠢᠯᠲᠠᠨ‌‍ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠠᠵᠢᠯᠯᠠᠭ᠎ᠠ ᠶᠢ ᠥᠪᠥᠷ ᠮᠣᠩᠭᠤᠯ ᠤᠨ ᠠᠵᠢᠯᠲᠠᠨ ᠤ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠵᠢᠨ‌ᠨᠡᠶᠢᠭᠡᠮᠯᠢᠭ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠳᠤ ᠣᠷᠣᠯᠠᠨ ᠭᠦᠶᠴᠡᠳᠬᠡᠬᠦ‍ ᠴᠢᠭ ᠪᠠᠶᠢᠭᠤᠯᠤᠨ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠦᠷᠢᠶᠡᠯᠡᠩ ᠲᠣᠭᠤᠷᠢᠭ ᠤᠨ ᠠᠵᠢᠯᠴᠢᠨ ᠤ ᠡᠪᠯᠡᠯ ᠳᠤ ᠣᠷᠣᠯᠠᠨ ᠬᠦᠢᠴᠡᠳᠬᠡᠭᠴᠢ ᠶᠢ ᠲᠣᠬᠢᠷᠠᠭᠤᠯᠵᠤ᠂ ᠪᠥᠬᠦ ᠬᠤᠰᠢᠭᠤᠨ ᠤ ᠠᠵᠢᠯ ᠳᠤ ᠪᠠᠶᠢᠭ᠎ᠠ ᠠᠵᠢᠯᠲᠠᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠵᠢᠨ‌ᠠᠵᠢᠯ ᠤᠨ ᠤᠬᠠᠭᠤᠯᠭ᠎ᠠ᠂ ᠳᠠᠶᠢᠴᠢᠯᠠᠯᠲᠠ ᠵᠢᠴᠢ ᠠᠵᠢᠯᠲᠠᠨ ᠢ ᠵᠣᠬᠢᠶᠠᠨ ᠪᠠᠶᠢᠭᠤᠯᠤᠨ ᠨᠡᠶᠢᠳᠡ ᠶᠢᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠵᠢᠨ‌ᠮᠥ᠋ᠩᠭᠦ ᠬᠤᠷᠢᠶᠠᠵᠤ ᠲᠤᠰᠢᠶᠠᠬᠤ᠂ ᠨᠥᠬᠦᠪᠥᠷᠢ ᠭᠤᠶᠤᠴᠢᠯᠠᠬᠤ ᠠᠩᠬᠠᠨ ᠤ ᠬᠢᠨᠠᠯᠳᠠ᠂ ᠨᠥᠬᠦᠪᠥᠷᠢ ᠮᠥᠩᠭᠦ ᠠᠪᠬᠤ ᠪᠠᠷ ᠭᠤᠶᠤᠴᠢᠯᠠᠬᠤ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠨᠢᠭᠡᠴᠡ ᠶᠢᠨ ᠬᠢᠨ ︽ᠳᠠᠯᠠᠳ ᠬᠤᠰᠢᠭᠤᠨ ᠤ ᠠᠵᠢᠯᠴᠢᠨ ᠤ ᠡᠪᠯᠡᠯ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠵᠢᠨ‌ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ﹀ ︵ᠳᠠᠯᠠᠳ ᠡᠪᠯᠡᠯ ᠲᠠᠷᠬᠠᠭᠠᠭᠰᠠᠨ ︹ 2019 ︺56 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠢᠯ ‍ᠤᠨ‌‍ᠲ᠋ᠣᠭᠲᠠᠴᠠ ᠶᠢ ᠪᠦᠷᠢᠨᠰᠢᠭᠦᠯᠦᠨ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ                                                                                     ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                     2019 ᠤᠨ ᠤ 7 ᠰᠠᠷ᠎ᠠ ᠶᠢᠨ 4 ᠤ ᠡᠳᠦᠷ
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ