ᠳᠠᠯᠠᠳ ᠬᠤᠰᠢᠭᠤ“ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠭᠤᠯᠤᠨ  ᠠᠷᠠᠳ ᠤᠯᠠᠨ ᠤ ᠳᠤᠮᠳᠠ ᠭᠦᠨᠵᠡᠭᠡᠶᠢᠷᠡᠬᠦ”ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠢ ᠹᠧᠩ ᠱᠦᠢ ᠯᠢᠶᠠᠩ ᠪᠠᠯᠭᠠᠰᠤᠨ ᠳᠤ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2019/12/5
     12 ᠰᠠᠷ᠎ᠠ ᠶᠢᠨ 4 ᠤ ᠡᠳᠦᠷ᠂ ᠮᠠᠨ ᠤ ᠬᠤᠰᠢᠭᠤ“ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠭᠤᠯᠤᠨ   ᠠᠷᠠᠳ ᠤᠯᠠᠨ ᠤ ᠳᠤᠮᠳᠠ ᠭᠦᠨᠵᠡᠭᠡᠶᠢᠷᠡᠬᠦ”ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠢ  ᠹᠧᠩ ᠱᠦᠢ ᠯᠢᠶᠠᠩ ᠪᠠᠯᠭᠠᠰᠤᠨ ᠳᠤ ᠡᠷᠬᠢᠯᠡᠨ ᠶᠠᠪᠤᠭᠳᠠᠭᠤᠯᠪᠠ᠃ ᠡᠬᠢᠯᠡᠯᠲᠡ ᠶᠢᠨ ᠶᠣᠰᠣᠯᠠᠯ ᠨᠢ ᠨᠠᠮ ᠤᠨ ᠭᠡᠰᠢᠭᠦᠨ ᠺᠠᠳ᠋ᠷᠴᠤᠳ ᠤᠨ ᠲᠥᠪ ᠴᠢᠩᠭ᠎ᠠ ᠳᠠᠩᠭᠠᠷᠢᠭᠯᠠᠯ᠂ ᠠᠵᠤ ᠠᠬᠤᠶᠢᠯᠠᠯ ᠤᠨ ᠡᠳ᠋ ᠪᠣᠳᠠᠰ ᠬᠠᠨᠳᠢᠪᠯᠠᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠰᠠᠶᠢᠨ ᠳᠤᠷ᠎ᠠ ᠶᠢᠨ ᠦᠶᠯᠡᠴᠢᠯᠡᠭᠡ ᠬᠠᠩᠭᠠᠬᠤ ᠵᠡᠷᠭᠡ ᠣᠯᠠᠨ‌‍ᠲ᠋ᠦ᠋ᠷᠦᠯ ᠤᠨ ᠬᠡᠯᠪᠡᠷᠢ ᠪᠠᠷ ᠳᠠᠮᠵᠢᠨ᠂ ᠮᠠᠯᠴᠢᠨ ᠲᠠᠷᠢᠶᠠᠴᠢᠨ ᠳᠤ ᠦᠨᠡᠨᠬᠦ“ᠰᠣᠶᠣᠯ ᠢᠶᠠᠷ ᠠᠷᠠᠳ ᠲᠤ ᠠᠰᠢᠭ ᠬᠦᠷᠳᠡᠭᠡᠬᠦ” ᠬᠦᠷᠳᠡᠭᠡᠮᠵᠢ ᠶᠢ ᠤᠯᠭᠤᠪᠠ᠃

      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠯᠡᠷᠡᠩᠭᠦᠶ ᠠᠵᠢᠯᠯᠠᠭ᠎ᠠ ᠨᠢ“ᠤᠯᠠᠭᠠᠨᠮᠥ᠋ᠴᠢᠷ +”ᠬᠡᠯᠪᠡᠷᠢ ᠪᠠᠷ᠂ ᠬᠤᠶᠠᠷ ᠠᠩᠭᠢ ︽ᠲᠠᠯ᠎ᠠ ᠨᠤᠲᠤᠭ ᠤᠨ

ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠢ ᠨᠢᠭᠡᠳᠬᠡᠨ ᠨᠡᠶᠢᠯᠡᠭᠦᠯᠪᠡ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂

ᠡᠨᠡ ᠬᠤᠶᠠᠷ ᠠᠨᠩᠭᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ ᠮᠠᠨ ᠤ ᠬᠤᠰᠢᠭᠤᠨ ᠤ 40 ᠭᠠᠴᠠᠭ᠎ᠠ ᠲᠣᠰᠬᠤᠨ ᠳᠤ ᠬᠦᠷᠴᠦ᠂“

ᠭᠤᠷᠪᠠ ᠶᠢ ᠬᠦᠷᠭᠡᠨ ᠭᠤᠷᠪᠠ ᠶᠢ ᠠᠰᠠᠭᠤᠬᠤ” ᠪᠠᠷ ᠭᠤᠤᠯᠳᠠᠯᠭ᠎ᠠ ᠪᠣᠯᠭᠠᠨ᠂ ᠦᠶᠯᠡᠴᠢᠯᠡᠬᠦ ᠠᠭᠤᠯᠭ᠎ᠠ᠂ ᠬᠡᠯᠪᠡᠷᠢ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂

ᠬᠤᠲᠠ ᠬᠥᠳᠡᠭᠡ ᠶᠢᠨ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠲᠣᠭᠲᠠᠴᠠ᠂ ᠰᠣᠶᠣᠯ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠡᠷᠡᠭᠦᠯ ᠬᠠᠮᠠᠭᠠᠯᠠᠯ“ᠭᠤᠷᠪᠠ ᠶᠢ ᠬᠥᠳᠡᠭᠡ ᠪᠠᠭᠤᠯᠭᠠᠬᠤ”ᠠᠵᠢᠯ ᠤᠨ ᠲᠣᠭᠲᠠᠴᠠ ᠪᠠ ᠣᠯᠠᠨ ᠨᠡᠶᠢᠳᠡ ᠶᠢᠨ ᠰᠣᠶᠣᠯ ᠤᠨ ᠦᠶᠯᠡᠴᠢᠯᠡᠭᠡᠨ ᠤ

ᠰᠢᠰᠲ᠋ᠧᠮ ᠤᠨ ᠠᠵᠢᠯᠯᠠᠭᠠᠨ ᠤ ᠲᠣᠭᠲᠠᠴᠠ ᠶᠢ ᠨᠡᠪᠲᠡᠷᠡᠭᠦᠯᠵᠦ᠂ ᠤᠬᠠᠭᠤᠯᠭ᠎ᠠ᠂ ᠬᠥᠮᠦᠵᠢᠯ᠂ ᠣᠯᠠᠨ ᠲᠦᠮᠡᠨ ᠳᠤ ᠦᠶᠯᠡᠴᠢᠯᠡᠬᠦ ᠪᠠᠷ ᠬᠥᠮᠦᠰ ᠤᠨ ᠰᠡᠳᠬᠢᠯ ᠢ

ᠨᠢᠭᠲᠠᠷᠠᠭᠤᠯᠵᠤ᠂ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃                                  

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ