ᠳᠠᠯᠠᠳ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠬᠡᠦᠭᠡᠳ ᠬᠡᠷᠬᠢᠨ‌ᠠᠩᠭᠢ ᠬᠤᠪᠢᠶᠠᠬᠤ ᠳᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2019/12/6
     ᠰᠤᠷᠪᠤᠯᠵᠢᠯᠠᠭᠰᠠᠨ ᠵᠣᠴᠢᠨ᠄ ᠳᠠᠯᠠᠳ ᠬᠤᠰᠢᠭᠤᠨ ᠤ ᠰᠤᠷᠭᠠᠨ ᠬᠦᠮᠦᠵᠢᠯ ᠪᠠ ᠪᠠᠶ᠎ᠠ ᠲᠠᠮᠢᠷ ᠤᠨ ᠳᠤᠪᠴᠢᠶᠠᠨ ᠤ ᠳᠡᠳ᠋ ᠳᠠᠷᠤᠭ᠎ᠠ     ᠸᠠᠩ ᠲᠢᠶᠧ

      ᠰᠤᠷᠪᠤᠯᠵᠢᠯᠠᠭᠴᠢ᠄ ᠳᠠᠯᠠᠳ ᠬᠤᠰᠢᠭᠤᠨ ᠤ ᠬᠡᠤᠬᠡᠳ ᠤᠨ ᠴᠡᠴᠡᠷᠯᠢᠭ ᠲᠤ ᠰᠤᠷᠤᠭ᠊ᠴᠢ ᠡᠯᠰᠡᠬᠦ ᠳᠤ ᠶᠠᠮᠠᠷ

ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠬᠤ ᠪᠣᠶ︖

       ᠸᠠᠩ ᠲᠢᠶᠧ᠄ ︽ᠵᠠᠰᠠᠭ ᠤᠨ ᠣᠷᠳᠣᠨ ᠢᠶᠠᠷ ᠭᠤᠤᠯᠯᠠᠨ ᠵᠢᠯᠤᠳᠤᠭᠤᠯᠵᠦ᠂ ᠨᠡᠶᠢᠭᠡᠮ ᠨᠡᠶᠢᠳᠡ ᠪᠠᠷ

ᠤᠷᠤᠯᠴᠠᠨ᠂ ᠠᠷᠠᠳ ᠢᠷᠭᠡᠨ ᠬᠠᠮᠳᠤᠪᠡᠷ ᠬᠦᠢᠴᠡᠳᠬᠡᠬᠦ ᠶᠢ ᠵᠡᠷᠭᠡᠪᠡᠷ ᠠᠳᠬᠤᠬᠤ︾ ᠦᠵᠡᠯ ᠰᠠᠨᠠᠭ᠎ᠠ ᠶᠢ ᠵᠢᠷᠤᠮᠯᠠᠵᠤ

᠂ ︽ᠬᠠᠷᠢᠴᠠᠩᠭᠤᠶ ᠣᠶᠢᠷ᠎ᠠ ᠪᠠᠶᠢᠭ᠎ᠠ᠂ ᠡᠷᠦᠬᠡ ᠠᠮᠠ ᠶᠢᠨ ᠳᠠᠩᠰᠠ ᠶᠢ ᠲᠡᠷᠢᠭᠦᠨ ᠳᠤ ᠲᠠᠯᠪᠢᠬᠤ᠂ ᠰᠢᠯᠭᠠᠬᠤ

ᠦᠭᠡᠢ ᠪᠠᠷ ᠴᠡᠴᠡᠷᠯᠢᠭ ᠲᠤ ᠣᠷᠣᠭᠤᠯᠬᠤ︾ ᠵᠠᠷᠴᠢᠮ ᠢ ᠦᠨᠳᠦᠰᠦᠯᠡᠨ᠂ ᠢᠯᠡ ᠪᠠᠷ ᠰᠤᠷᠤᠭᠴᠢ ᠡᠯᠰᠡᠬᠦ ᠶᠢ

ᠬᠡᠷᠡᠭᠵᠢᠭᠦᠯᠵᠦ ᠪᠠᠶᠢᠨ᠎ᠠ᠃ ᠮᠠᠨ ᠤ ᠬᠤᠰᠢᠭᠤ 2016 ᠣᠨ ᠠᠴᠠ ᠡᠬᠢᠯᠡᠨ᠂ ᠣᠶᠢᠷ᠎ᠠ ᠬᠠᠪᠢ ᠶᠢᠨ ᠣᠷᠣᠨ

ᠲᠤᠭᠤᠷᠢᠭ ᠬᠤᠪᠢᠶᠠᠨ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠺᠣᠮᠫᠢᠦ᠋ᠲ᠋ᠧᠷ ᠢᠶᠠᠷ ᠨᠣᠮᠧᠷ ᠰᠤᠩᠭᠤᠨ

ᠰᠤᠷᠤᠯᠭ᠎ᠠ ᠶᠢᠨ ᠤᠷᠤ ᠳᠤᠬᠢᠷᠠᠭᠤᠯᠤᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃

      ᠰᠤᠷᠪᠤᠯᠵᠢᠯᠠᠭᠴᠢ᠄ ᠡᠨᠡ ᠵᠢᠯ ᠤᠨ ᠳᠠᠯᠠᠳ ᠬᠤᠰᠢᠭᠤᠨ ᠤ ᠬᠡᠦᠬᠡᠳ ᠤᠨ ᠴᠡᠴᠡᠷᠯᠢᠭ ᠤᠨ ᠰᠤᠷᠤᠭᠴᠢ

ᠡᠯᠰᠡᠬᠦ ᠠᠵᠢᠯ ᠤᠨ ᠪᠣᠳᠠᠲᠠᠶ ᠴᠠᠭ ᠨᠢ ᠬᠡᠵᠢᠶ᠎ᠡ ᠪᠣᠶ︖

      ᠸᠠᠩ ᠲᠢᠶᠧ᠄ ᠰᠦᠯᠵᠢᠶᠡᠨ ᠳᠡᠭᠡᠷ᠎ᠡ ᠨᠡᠷ᠎ᠡ‌ᠮᠡᠳᠡᠭᠦᠯᠬᠦ ᠴᠠᠭ ᠪᠣᠯ 2019 ᠤᠨ 6 ᠰᠠᠷ᠎ᠠ ᠶᠢᠨ 18 ᠤ

ᠡᠳᠦᠷ ᠠᠴᠠ 6 ᠰᠠᠷ᠎ᠠ ᠶᠢᠨ 24 ᠤ ᠡᠳᠦᠷ ᠪᠣᠯᠲᠠᠯ᠎ᠠ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠴᠠᠭ ᠪᠣᠯ 7

ᠰᠠᠷ᠎ᠠ ᠶᠢᠨ 4 ᠤ ᠡᠳᠦᠷ ᠠᠴᠠ 7 ᠰᠠᠷ᠎ᠠ ᠶᠢᠨ 6 ᠤ ᠡᠳᠦᠷ ᠪᠣᠯᠲᠠᠯ᠎ᠠ᠂ ᠨᠢᠯᠬ᠎ᠠ ᠬᠡᠤᠬᠡᠳ ᠤᠨ ᠬᠢᠨᠠᠨ ᠬᠠᠮᠢᠶᠠᠷᠤᠭᠴᠢ

ᠨᠡᠷ᠎ᠡ ᠮᠡᠳᠡᠭᠦᠯᠬᠦ ᠬᠦᠰᠦᠨᠦᠭ ᠪᠠ ᠬᠡᠷᠡᠭᠰᠡᠬᠦ ᠮᠠᠲ᠋ᠧᠷᠢᠶᠠᠯ ᠢᠶᠠᠨ ᠠᠪᠴᠤ᠂ ᠭᠤᠶᠤᠴᠢᠯᠠᠨ‌ᠮᠡᠳᠡᠭᠦᠯᠦᠭᠰᠡᠨ ᠬᠡᠤᠬᠡᠳ ᠤᠨ

ᠴᠡᠴᠡᠷᠯᠢᠭ ᠲᠤ ᠬᠦᠷᠴᠦ ᠮᠠᠲ᠋ᠧᠷᠢᠶᠠᠯ ᠢᠶᠠᠨ ᠬᠢᠨᠠᠨ ᠬᠠᠷᠭᠤᠭᠤᠯᠤᠨ᠎ᠠ᠃ ᠵᠢᠱᠢᠶᠡᠯᠡᠪᠡᠯ ᠭᠠᠳᠠᠭᠰᠢ ᠭᠠᠷᠤᠭᠰᠠᠨ ᠵᠡᠷᠭᠡ

ᠣᠨᠴᠠᠭᠠᠢ ᠰᠢᠯᠲᠠᠭᠠᠨ ᠠᠴᠠ ᠪᠣᠯᠵᠤ ᠨᠡᠷ᠎ᠡ  ᠮᠡᠳᠡᠭᠦᠯᠵᠦ ᠵᠠᠪᠳᠤᠭᠰᠠᠨ ᠦᠭᠡᠢ ᠬᠡᠤᠬᠡᠳ ᠤᠨ ᠬᠢᠨᠠᠨ

ᠬᠠᠮᠢᠶᠠᠷᠤᠭᠴᠢ ᠨᠢ 8 ᠰᠠᠷ᠎ᠠ ᠶᠢᠨ 15 ᠤ ᠡᠳᠦᠷ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠠᠪᠴᠤ ᠬᠠᠷᠢᠶ᠎ᠠ

ᠣᠷᠣᠨ ᠤ ᠬᠡᠤᠬᠡᠳ ᠤᠨ ᠴᠡᠴᠡᠷᠯᠢᠭ ᠲᠤ ᠬᠦᠷᠴᠦ ᠨᠥᠬᠦᠵᠦ ᠨᠡᠷ᠎ᠡ ᠮᠡᠳᠡᠭᠦᠯᠬᠦ ᠪᠠ ᠮᠠᠲ᠋ᠧᠷᠢᠶᠠᠯ ᠢᠶᠠᠨ ᠬᠢᠨᠠᠨ

ᠬᠠᠷᠭᠤᠭᠤᠯᠤᠨ᠎ᠠ᠃ ︵ᠨᠥᠬᠦᠪᠥᠷᠢᠯᠡᠨ ᠮᠡᠳᠡᠭᠦᠯᠬᠦ︶

      ᠰᠤᠷᠪᠤᠯᠵᠢᠯᠠᠭᠴᠢ᠄ ᠪᠠᠭ᠎ᠠ ᠠᠩᠭᠢ ᠶᠢᠨ ᠰᠤᠷᠤᠭᠴᠢ ᠡᠯᠰᠡᠬᠦ ᠨᠢ ᠠᠯᠢ ᠨᠠᠰᠤᠨ ᠤ ᠬᠤᠭᠤᠷᠤᠨᠳᠤᠬᠢ ᠬᠡᠤᠬᠡᠳ

 ᠢ ᠡᠯᠰᠡᠳᠡᠭ ᠪᠣᠶ︖

      ᠸᠠᠩ ᠲᠢᠶᠧ᠄ ᠲᠣᠰ ᠰᠤᠷᠤᠯᠭ᠎ᠠ ᠵᠢᠨ‌‍ᠬᠡᠤᠬᠡᠳ ᠤᠨ ᠴᠡᠴᠡᠷᠯᠢᠭ ᠤᠨ ᠪᠠᠭ᠎ᠠ ᠠᠩᠭᠢ ᠨᠢ 2015 ᠤᠨ 9

ᠳ᠋ᠦᠭᠡᠷ ᠰᠠᠷ᠎ᠠ ᠶᠢᠨ 1 ᠤ ᠡᠳᠦᠷ ᠠᠴᠠ 2016 ᠤᠨ 8 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠷᠣᠨᠳᠣ

ᠲᠥᠷᠥᠭᠰᠡᠨ ︵1 ᠡᠳᠦᠷ᠂ 31 ᠤ ᠡᠳᠦᠷ ᠳᠤᠷᠦᠭᠰᠡᠳ ᠢ ᠪᠠᠭᠳᠠᠭᠠᠨ᠎ᠠ︶᠂ ᠲᠤᠬᠠᠶᠢᠯᠠᠪᠠᠯ 3 — 4 ᠪᠦᠬᠦᠯᠢ

ᠨᠠᠰᠤᠨ ᠤ ᠬᠡᠤᠬᠡᠳ᠂ ᠪᠡᠶ᠎ᠡ ᠮᠠᠬᠠᠪᠣᠳ ᠨᠢ ᠡᠷᠡᠭᠦᠯ ᠴᠢᠭᠢᠷᠠᠭ᠂ ᠬᠠᠮᠲᠤ ᠶᠢᠨ ᠠᠵᠢᠯᠯᠠᠭ᠎ᠠ ᠳᠤ ᠣᠷᠣᠯᠴᠠᠵᠤ ᠪᠣᠯᠬᠤ

ᠰᠤᠷᠬᠤ ᠨᠠᠰᠤᠨ ᠤ ᠬᠡᠤᠬᠡᠳ ᠢ ᠡᠯᠰᠡᠨ᠎ᠡ᠃ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠵᠣᠬᠢᠰᠲᠠᠶ ᠪᠠᠷ

ᠠᠭᠤᠵᠢᠭᠤ ᠲᠠᠯᠪᠢᠵᠤ ᠪᠣᠯᠤᠨ᠎ᠠ᠃

      ᠰᠤᠷᠪᠤᠯᠵᠢᠯᠠᠭᠴᠢ᠄  ᠪᠠᠯᠴᠢᠷ ᠬᠡᠤᠬᠡᠳ ᠨᠢ ᠪᠠᠭ᠎ᠠ ᠠᠩᠭᠢ ᠶᠢᠨ ᠰᠤᠷᠤᠭᠴᠢ ᠡᠯᠰᠠᠬᠦ ᠨᠠᠰᠤᠨ ᠤ

ᠬᠤᠭᠤᠷᠤᠨᠳᠤ ᠦᠭᠡᠢ ᠪᠤᠯ ᠶᠠᠭᠠᠬᠢᠬᠤ ᠪᠣᠶ︖

       ᠸᠠᠩ ᠲᠢᠶᠧ᠄ ᠬᠤᠶᠠᠷ ᠵᠦᠶᠯ ᠤᠨ ᠪᠠᠶᠢᠳᠠᠯ ᠬᠤᠪᠢᠶᠠᠨ᠎ᠠ᠂ ᠨᠢᠭᠡ ᠵᠦᠶᠯ ᠨᠢ ᠪᠦᠬᠦᠯᠢ 3 ᠨᠠᠰᠤ

ᠬᠦᠷᠦᠭᠡᠳᠦᠢ ᠬᠡᠦᠭᠡᠳ᠂ ᠳᠠᠷᠠᠭ᠎ᠠ ᠵᠢᠯ ᠪᠠᠭ᠎ᠠ ᠠᠩᠭᠢ ᠳᠤ ᠰᠤᠷᠤᠯᠴᠠᠬᠤ ᠶᠢ ᠰᠠᠨᠠᠭᠠᠴᠢᠯᠠᠨ᠎ᠠ᠃  ᠪᠠᠰᠠ‌ᠨᠢᠭᠡ

ᠵᠦᠶᠯ ᠨᠢ ᠪᠦᠬᠦᠯᠢ 4 ᠨᠠᠰᠤᠨ ᠠᠴᠠ ᠬᠡᠳᠦᠷᠡᠭᠰᠡᠨ ᠬᠡᠦᠬᠡᠳ᠂ ᠳᠤᠮᠳᠠ ᠵᠡᠷᠭᠡ ᠶᠢᠨ ᠠᠩᠭᠢ ᠳᠤ ᠰᠤᠷᠤᠯᠴᠠᠬᠤ ᠶᠢ

ᠰᠠᠨᠠᠭᠠᠴᠢᠯᠠᠨ᠎ᠠ᠃

       ᠰᠤᠷᠪᠤᠯᠵᠢᠯᠠᠭᠴᠢ᠄ ᠳᠤᠮᠳᠠ ᠠᠩᠭᠢ ᠶᠢᠨ ᠨᠠᠰᠤᠨ ᠤ ᠬᠡᠤᠬᠡᠳ ᠬᠡᠷᠬᠢᠨ ᠴᠡᠴᠡᠷᠯᠢᠭ ᠲᠤ ᠣᠷᠣᠬᠤ ᠪᠣᠶ︖

       ᠸᠠᠩ ᠲᠢᠶᠧ᠄ ᠳᠤᠮᠳᠠ ᠠᠩᠭᠢ ᠨᠢᠭᠡᠳᠦᠯᠲᠡᠶ ᠰᠤᠷᠤᠭᠴᠢ ᠡᠯᠰᠡᠬᠦ ᠥᠬᠡᠶ᠂ ᠭᠡᠷ ᠤᠨ ᠠᠬᠠᠮᠠᠳ

ᠬᠡᠤᠬᠡᠳ ᠤᠨ ᠴᠡᠴᠡᠷᠯᠢᠭ ᠤᠨ ᠳᠤᠮᠳᠠ ᠠᠩᠭᠢ ᠨᠢ ᠰᠤᠷᠤᠭᠴᠢ ᠡᠯᠰᠡᠬᠦ ᠡᠰᠡᠬᠦ ᠶᠢ ᠦᠪᠡᠷᠳᠡᠭᠡᠨ ᠠᠰᠠᠭᠤᠨ ᠯᠠᠪᠯᠠᠨ᠎ᠠ᠃

       ᠰᠤᠷᠪᠤᠯᠵᠢᠯᠠᠭᠴᠢ᠄ ᠭᠡᠷ ᠤᠨ ᠠᠬᠠᠮᠠᠳ ᠬᠡᠦᠬᠡᠳ ᠤᠨ ᠠᠩᠭᠢ ᠳᠤ ᠰᠤᠷᠤᠯᠴᠠᠬᠤ ᠳᠤ ᠤᠷᠢᠳᠠᠪᠠᠷ

ᠴᠡᠴᠡᠷᠯᠢᠭ ᠲᠤ ᠣᠷᠣᠵᠤ ᠪᠣᠯᠤᠨ᠎ᠠ ᠤᠤ︖

       ᠸᠠᠩ ᠲᠢᠶᠧ᠄ ᠪᠣᠯᠬᠤ ᠦᠭᠡᠢ᠃

       ᠰᠤᠷᠪᠤᠯᠵᠢᠯᠠᠭᠴᠢ᠄ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ

ᠵᠠᠷᠤᠳᠠᠯ ᠨᠢ ᠬᠡᠳᠦᠶ ᠪᠣᠶ︖

       ᠸᠠᠩ ᠲᠢᠶᠧ᠄ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠵᠠᠷᠤᠳᠠᠯ ᠢ ᠲᠥᠷᠥᠯ ᠲᠡᠰ ᠢᠶᠠᠷ ᠨᠢ

ᠬᠤᠪᠢᠶᠠᠪᠠᠯ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠳ ᠤᠨ ᠬᠤᠷᠢᠶᠠᠬᠤ ᠵᠠᠷᠤᠳᠠᠯ ᠨᠢ ᠠᠳᠠᠯᠢ

ᠪᠤᠰᠤ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠡᠴᠡᠷᠯᠢᠭ ᠨᠢ ᠰᠠᠷ᠎ᠠ ᠪᠦᠷᠢ 500

ᠲᠥᠭᠦᠷᠢᠭ᠂ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠴᠡᠴᠡᠷᠯᠢᠭ ᠨᠢ ᠰᠠᠷ᠎ᠠ ᠪᠦᠷᠢ 400 ᠲᠥᠭᠦᠷᠢᠭ᠂

ᠨᠢᠭᠡᠳᠦᠭᠡᠷ ᠲᠥᠷᠥᠯ ᠤᠨ ᠬᠥᠬᠡ ᠲᠡᠰ ᠤᠨ ᠬᠡᠤᠬᠡᠳ ᠤᠨ ᠴᠡᠴᠡᠷᠯᠢᠭ ᠨᠢ ᠰᠠᠷ᠎ᠠ ᠪᠦᠷᠢ 320 ᠲᠥᠭᠦᠷᠢᠭ᠂

ᠨᠢᠭᠡᠳᠦᠭᠡᠷ ᠲᠥᠷᠥᠯ ᠤᠨ ᠬᠥᠬᠡᠭᠴᠢᠨ ᠲᠡᠰ ᠤᠨ ᠬᠡᠤᠬᠡᠳ ᠤᠨ ᠴᠡᠴᠡᠷᠯᠢᠭ ᠨᠢ ᠰᠠᠷ᠎ᠠ ᠪᠦᠷᠢ 280 ᠲᠥᠭᠦᠷᠢᠭ᠂

ᠬᠤᠶᠠᠳᠤᠭᠠᠷ ᠲᠥᠷᠥᠯ ᠤᠨ ᠬᠥᠬᠡ ᠲᠡᠰ ᠤᠨ ᠬᠡᠤᠬᠡᠳ ᠤᠨ ᠴᠡᠴᠡᠷᠯᠢᠭ ᠵᠢᠴᠢ ᠲᠡᠭᠦᠨ ᠠᠴᠠ ᠲᠤᠭᠤᠭᠰᠢᠬᠢ

ᠴᠡᠴᠡᠷᠯᠢᠭ ᠨᠢ ᠰᠠᠷ᠎ᠠ ᠪᠦᠷᠢ 210 ᠲᠥᠭᠦᠷᠢᠭ᠂ ᠨᠢᠭᠡ ᠰᠤᠷᠤᠯᠭ᠎ᠠ ᠶᠢᠨ ᠬᠤᠭᠤᠴᠠᠭᠠᠨ ᠳᠤ 4 ᠰᠠᠷ᠎ᠠ ᠬᠠᠭᠠᠰ ᠤᠨ

ᠰᠦᠶᠳᠬᠡᠯ ᠬᠤᠷᠢᠶᠠᠨ᠎ᠠ᠃ ᠪᠣᠳᠠᠲᠠᠶ ᠵᠦᠶᠯ ᠢ ᠬᠡᠤᠬᠡᠳ ᠤᠨ ᠴᠡᠴᠡᠷᠯᠢᠭ ᠠᠴᠠ ᠠᠰᠠᠭᠤᠨ ᠯᠠᠪᠯᠠᠭᠠᠷᠠᠶ︕

      ᠰᠤᠷᠪᠤᠯᠵᠢᠯᠠᠭᠴᠢ᠄ ᠪᠠᠯᠴᠢᠷ ᠬᠡᠤᠬᠡᠳ‌ᠡᠷᠦᠬᠡ ᠠᠮᠠ ᠳᠤ ᠳᠠᠩᠰᠠᠯᠠᠭᠤᠯᠤᠭᠰᠠᠨ‌ᠦᠭᠡᠢ ᠪᠣᠯ ᠨᠡᠷ᠎ᠡ ᠮᠡᠳᠡᠭᠦᠯᠵᠦ

ᠪᠤᠯᠬᠤ ᠦᠭᠡᠢ ᠤᠤ︖

       ᠸᠠᠩ ᠲᠢᠶᠧ᠄ ᠲᠡᠶᠢᠮᠦ ᠡ᠃

       ᠰᠤᠷᠪᠤᠯᠵᠢᠯᠠᠭᠴᠢ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠᠲᠠᠶ

ᠪᠣᠶ︖

       ᠸᠠᠩ ᠲᠢᠶᠧ᠄ ᠪᠠᠯᠭᠠᠰᠤ ᠲᠣᠭᠤᠷᠢᠭ ᠤᠨ ᠰᠤᠷᠬᠤ ᠨᠠᠰᠤᠨ ᠤ ᠬᠡᠦᠬᠡᠳ ᠤᠨ ᠡᠷᠦᠬᠡ ᠠᠮᠠ ᠶᠢᠨ

ᠳᠠᠩᠰᠠ ᠶᠢᠨ ᠮᠡᠳᠡᠭᠡ ᠵᠠᠩᠭᠢ ᠪᠠ ᠬᠢᠨᠠᠨ ᠬᠠᠮᠢᠶᠠᠷᠤᠭᠴᠢ ᠶᠢᠨ ᠣᠷᠣᠨ ᠰᠠᠭᠤᠴᠠ ᠶᠢᠨ ᠮᠡᠳᠡᠭᠡ ᠵᠠᠩᠭᠢ ᠶᠢ

ᠦᠨᠳᠦᠰᠦᠯᠡᠨ᠂  4 ᠲᠥᠷᠥᠯ ᠬᠤᠪᠢᠶᠠᠵᠤ᠂ ᠪᠣᠳᠠᠲᠠᠶ ᠲᠥᠷᠥᠯ ᠬᠤᠪᠢᠶᠠᠬᠤ ᠪᠠ ᠪᠡᠯᠡᠳᠬᠡᠬᠦ ᠴᠢᠬᠤᠯᠠᠳᠠᠢ

ᠮᠠᠲ᠋ᠧᠷᠢᠶᠠᠯ ᠢ ᠰᠤᠷᠤᠭᠴᠢ ᠡᠯᠰᠡᠬᠦ ᠲᠥᠰᠦᠯ ᠡᠴᠠ‌ᠨᠠᠷᠢᠨ ᠨᠢᠮᠪᠠᠶ ᠯᠠᠪᠯᠠᠨ ᠦᠵᠡᠭᠡᠷᠡᠶ᠃

       ᠰᠤᠷᠪᠤᠯᠵᠢᠯᠠᠭᠴᠢ᠄ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠡᠷ᠎ᠡ ᠮᠡᠳᠡᠭᠦᠯᠦᠭᠰᠡᠨ

ᠬᠥᠮᠦᠨ ᠤ ᠲᠤᠭ᠎ᠠ ᠨᠢ ᠲᠣᠰ ᠴᠡᠴᠡᠷᠯᠢᠭ ᠤᠨ ᠰᠤᠷᠤᠭᠴᠢ ᠡᠯᠰᠡᠬᠦ ᠲᠤᠭ᠎ᠠ ᠠᠴᠠ ᠬᠡᠲᠦᠷᠡᠭᠰᠡᠨ ᠪᠠᠶᠢᠪᠠᠯ ᠶᠠᠭᠠᠬᠢᠪᠠᠯ

ᠵᠣᠬᠢᠬᠤ ᠪᠣᠶ︖

       ᠸᠠᠩ ᠲᠢᠶᠧ᠄ ᠬᠢᠨᠠᠨ ᠬᠠᠷᠭᠤᠭᠤᠯᠬᠤ ᠪᠠᠷ ᠳᠠᠮᠵᠢᠨ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ

ᠬᠥᠮᠦᠨ ᠤ ᠲᠤᠭ᠎ᠠ ᠨᠢ ᠲᠥᠯᠥᠪᠯᠡᠭᠡ ᠲᠠᠢ ᠪᠠᠷ ᠰᠤᠷᠤᠭᠴᠢ ᠡᠯᠰᠡᠬᠦ ᠬᠥᠮᠦᠨ ᠤ ᠲᠤᠭ᠎ᠠ ᠠᠴᠠ ᠬᠡᠲᠦᠷᠡᠭᠰᠡᠨ ᠪᠠᠶᠢᠪᠠᠯ᠂

ᠺᠣᠮᠫᠢᠦ᠋ᠲ᠋ᠧᠷ ᠢᠶᠠᠷ ᠰᠤᠩᠭᠤᠨ ᠡᠯᠰᠡᠨ᠎ᠡ᠃ ᠬᠡᠷᠪᠡ ᠬᠡᠲᠦᠷᠡᠭᠰᠡᠨ ᠦᠭᠡᠢ ᠪᠣᠯ᠂ ᠬᠢᠨᠠᠨ ᠪᠠᠶᠢᠴᠠᠭᠠᠯᠲᠠ ᠪᠠᠷ ᠳᠠᠮᠵᠢᠨ

ᠪᠦᠬᠦᠨ ᠢ ᠡᠯᠰᠡᠵᠦ ᠠᠪᠤᠨ᠎ᠠ᠃

       ᠰᠤᠷᠪᠤᠯᠵᠢᠯᠠᠭᠴᠢ᠄ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠲᠤ ᠰᠤᠷᠤᠯᠴᠠᠬᠤ ᠳᠤ

ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠢᠬᠤᠯᠠᠲᠠᠶ ᠤᠤ︖

       ᠸᠠᠩ ᠲᠢᠶᠧ᠄ ᠴᠢᠬᠤᠯᠠ‌ᠥᠬᠡᠶ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠲᠤ ᠰᠤᠷᠤᠯᠴᠠᠪᠠᠯ

ᠰᠢᠭᠤᠳ ᠴᠡᠴᠡᠷᠯᠢᠭ ᠲᠤ ᠨᠢ ᠣᠴᠢᠵᠤ ᠠᠰᠠᠭᠤᠨ ᠯᠠᠪᠯᠠᠨ᠎ᠠ᠃

       ᠰᠤᠷᠪᠤᠯᠵᠢᠯᠠᠭᠴᠢ᠄ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠤᠷᠢᠶᠠᠬᠤ ᠰᠦᠢᠳᠬᠡᠯ ᠨᠢ

ᠬᠡᠳᠦᠶ ᠪᠣᠶ︖    

       ᠸᠠᠩ ᠲᠢᠶᠧ᠄ ᠡᠯ᠎ᠡ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠰᠦᠶᠳᠬᠡᠯ ᠬᠤᠷᠢᠶᠠᠬᠤ ᠨᠢ

ᠠᠳᠠᠯᠢ ᠪᠤᠰᠤ ᠪᠠᠶᠢᠳᠠᠭ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠬᠡᠤᠬᠡᠳ ᠤᠨ

ᠴᠡᠴᠡᠷᠯᠢᠭ ᠤᠨ ᠠᠯᠪᠠᠨ ᠭᠡᠷ ᠠᠴᠠ ᠪᠦᠷᠢᠳᠬᠡᠭᠰᠡᠨ ᠢᠶᠠᠷ᠂ ᠪᠣᠳᠠᠲᠠᠶ ᠬᠤᠷᠢᠶᠠᠬᠤ ᠰᠦᠢᠳᠬᠡᠯ ᠢ ᠠᠷᠠᠳ ᠠᠴᠠ

ᠡᠷᠬᠢᠯᠡᠭᠰᠡᠨ ᠬᠡᠤᠬᠡᠳ ᠤᠨ ᠴᠡᠴᠡᠷᠯᠢᠭ ᠠᠴᠠ ᠠᠰᠠᠭᠤᠨ ᠯᠠᠪᠯᠠᠭᠠᠷᠠᠢ᠃

       ᠰᠤᠷᠪᠤᠯᠵᠢᠯᠠᠭᠴᠢ᠄ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠮᠣᠩᠭᠤᠯ ᠠᠩᠭᠢ ᠳᠤ ᠬᠡᠷᠬᠢᠨ ᠨᠡᠷ᠎ᠡ

ᠮᠡᠳᠡᠭᠦᠯᠬᠦ ᠪᠣᠶ︖

       ᠸᠠᠩ ᠲᠢᠶᠧ᠄ ᠮᠣᠩᠭᠤᠯ ᠦᠨᠳᠦᠰᠦᠲᠡᠨ ᠤ ᠬᠡᠤᠬᠡᠳ ᠦᠨᠳᠦᠰᠦᠳᠡᠨ ᠤ ᠴᠡᠴᠡᠷᠯᠢᠭ ᠤᠨ ᠮᠣᠩᠭᠤᠯ ᠪᠠᠷ

ᠬᠢᠴᠢᠶᠡᠯᠯᠡᠬᠦ ᠠᠩᠭᠢ ᠳᠤ ᠰᠤᠷᠤᠯᠴᠠᠬᠤ ᠳᠤ᠂ ᠰᠢᠭᠤᠳ ᠬᠡᠤᠬᠡᠳ ᠤᠨ ᠴᠡᠴᠡᠷᠯᠢᠭ ᠲᠤ ᠣᠴᠢᠵᠤ

ᠭᠤᠶᠤᠴᠢᠯᠠᠨ‌ᠮᠡᠳᠡᠭᠦᠯᠦᠨ᠎ᠡ᠃ ᠨᠡᠷ᠎ᠡ ᠮᠡᠳᠡᠭᠦᠯᠬᠦ ᠪᠤᠳᠠᠳᠠᠢ ᠴᠠᠭ ᠢ ᠦᠨᠳᠦᠰᠦᠲᠡᠨ ᠤ ᠬᠡᠤᠬᠡᠳ ᠤᠨ ᠴᠡᠴᠡᠷᠯᠢᠭ ᠠᠴᠠ

ᠠᠰᠠᠭᠤᠨ ᠯᠠᠪᠯᠠᠭᠠᠷᠠᠶ᠃ ᠠᠩᠬᠠᠷᠠᠭᠤᠰᠢᠳᠠᠢ ᠨᠢ᠂ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠮᠣᠩᠭᠤᠯ ᠠᠩᠭᠢ

ᠪᠣᠯ ᠴᠣᠯ ᠮᠣᠩᠭᠤᠯ ᠬᠡᠯᠡ  ᠪᠠᠷ ᠬᠢᠴᠢᠶᠡᠯᠯᠡᠬᠦ ᠠᠩᠭᠢ ᠪᠤᠯᠤᠨ᠎ᠠ᠃

      ᠰᠤᠷᠪᠤᠯᠵᠢᠯᠠᠭᠴᠢ᠄ ᠬᠡᠷᠪᠡ ᠺᠣᠮᠫᠢᠦ᠋ᠲ᠋ᠧᠷ ᠪᠠᠷ ᠬᠤᠪᠢᠶᠠᠷᠢᠯᠠᠭᠠᠳ ᠨᠤᠮᠧᠷ ᠰᠤᠩᠭᠤᠨ ᠠᠪᠴᠤ ᠲᠡᠶᠢᠯᠦᠭᠰᠡᠨ

ᠦᠭᠡᠢ ᠪᠣᠯ ᠶᠠᠭᠠᠬᠢᠨ᠎ᠠ︖

      ᠸᠠᠩ ᠲᠢᠶᠧ᠄ ᠨᠤᠮᠧᠷ ᠰᠤᠩᠭᠤᠨ ᠠᠪᠴᠤ ᠲᠡᠶᠢᠯᠦᠭᠰᠡᠨ ᠦᠭᠡᠢ ᠬᠡᠤᠬᠡᠳ ᠤᠳ᠂ ᠬᠠᠵᠠᠭᠤ ᠬᠠᠪᠢ ᠶᠢᠨ

ᠰᠤᠷᠤᠯᠭ᠎ᠠ ᠶᠢᠨ ᠤᠷᠤ ᠲᠠᠢ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠤᠶᠤ 38 ᠨᠡᠷ᠎ᠡ

ᠪᠦᠷᠢᠳᠬᠡᠭᠦᠯᠦᠭᠰᠡᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠲᠤ ᠤᠴᠢᠵᠦ ᠰᠤᠷᠤᠯᠴᠠᠵᠤ ᠪᠣᠯᠤᠨ᠎ᠠ᠃

      ᠰᠤᠷᠪᠤᠯᠵᠢᠯᠠᠭᠴᠢ᠄ ᠳᠥᠷᠪᠡᠨ ᠲᠥᠷᠥᠯ ᠵᠦᠶᠯ ᠤᠨ ᠰᠤᠷᠤᠭᠴᠢ ᠡᠯᠰᠡᠬᠦ ᠬᠠᠷᠢᠴᠠᠯ ᠨᠢ ᠶᠠᠭᠤ ᠪᠣᠶ︖

      ᠸᠠᠩ ᠲᠢᠶᠧ᠄ ᠰᠤᠷᠤᠭᠴᠢ ᠡᠯᠰᠡᠬᠦ ᠬᠠᠷᠢᠴᠠᠯ ᠨᠢ ᠨᠢᠭᠡ ᠪᠠ ᠬᠤᠶᠠᠳᠤᠭᠠᠷ ᠲᠥᠷᠥᠯ ᠵᠦᠶᠯ ᠨᠢ

ᠲᠥᠯᠥᠪᠯᠡᠭᠡ ᠪᠠᠷ ᠰᠤᠷᠤᠭᠴᠢ ᠡᠯᠰᠡᠬᠦ ᠬᠥᠮᠦᠨ ᠤ ᠲᠣᠭᠠᠨ ᠤ 80 % ᠶᠢ ᠡᠵᠡᠯᠡᠵᠦ᠂ ᠭᠤᠷᠪᠠ ᠪᠠ  ᠳᠦᠷᠪᠡᠳᠤᠭᠡᠷ

ᠲᠥᠷᠥᠯ ᠵᠦᠶᠯ ᠨᠢ ᠲᠥᠯᠥᠪᠯᠡᠭᠡ ᠪᠠᠷ ᠰᠤᠷᠤᠭᠴᠢ ᠡᠯᠰᠡᠬᠦ ᠬᠥᠮᠦᠨ ᠤ ᠲᠣᠭᠠᠨ ᠤ 20 % ᠶᠢ ᠡᠵᠡᠯᠡᠨ᠎ᠡ᠃

      ᠰᠤᠷᠪᠤᠯᠵᠢᠯᠠᠭᠴᠢ᠄ ᠭᠡᠷ ᠬᠥᠷᠥᠩᠭᠡ ᠪᠠ ᠡᠷᠦᠬᠡ ᠠᠮᠠ ᠶᠢᠨ ᠳᠠᠩᠰᠠ ᠶᠢᠨ ᠳᠤᠬᠠᠢ ᠶᠠᠮᠠᠷ ᠮᠠᠲ᠋ᠧᠷᠢᠶᠠᠯ

ᠪᠡᠯᠡᠳᠬᠡᠬᠦ ᠴᠢᠬᠤᠯᠠᠳᠠᠢ ᠪᠣᠶ︖

      ᠸᠠᠩ ᠲᠢᠶᠧ᠄ ᠰᠤᠷᠤᠭᠴᠢ ᠡᠯᠰᠡᠬᠦ ᠲᠥᠰᠦᠯ ᠳᠤ ᠨᠠᠷᠢᠨ ᠲᠣᠳᠣᠷᠬᠠᠶᠢᠯᠠᠯᠲᠠ ᠬᠢᠭᠰᠡᠨ ᠪᠠᠶᠢᠨ᠎ᠠ᠂ ᠬᠡᠷᠪᠡ

ᠣᠶᠢᠯᠠᠭᠠᠬᠤ ᠦᠭᠡᠢ ᠪᠣᠯ᠂ ᠬᠠᠷᠢᠶ᠎ᠠ ᠣᠷᠣᠨ ᠤ ᠳᠣᠲᠣᠷᠠᠬᠢ ᠠᠯᠪᠠᠨ ᠠᠴᠠ ᠡᠷᠬᠢᠯᠡᠭᠰᠡᠨ ᠬᠡᠦᠬᠡᠳ ᠤᠨ

ᠴᠡᠴᠡᠷᠯᠢᠭ ᠤᠨ ᠴᠡᠴᠡᠷᠯᠢᠭ ᠲᠤ ᠬᠦᠷᠴᠦ ᠠᠰᠠᠭᠤᠨ ᠯᠠᠪᠯᠠᠭᠠᠷᠠᠢ︕

      ᠰᠤᠷᠪᠤᠯᠵᠢᠯᠠᠭᠴᠢ᠄ ᠰᠤᠷᠤᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠬᠡᠤᠬᠡᠳ ᠤᠨ ᠴᠡᠴᠡᠷᠯᠢᠭ ᠤᠨ

ᠺᠣᠮᠫᠢᠦ᠋ᠲ᠋ᠧᠷ ᠢᠶᠠᠷ ᠨᠤᠮᠧᠷ ᠰᠤᠩᠭᠤᠬᠤ ᠴᠠᠭ ᠨᠢ ᠬᠡᠵᠢᠶ᠎ᠡ ᠪᠣᠶ︖

       ᠸᠠᠩ ᠲᠢᠶᠧ᠄ 8 ᠰᠠᠷ᠎ᠠ ᠶᠢᠨ 15 ᠤ ᠡᠳᠦᠷ ᠨᠥᠬᠦᠵᠦ ᠮᠡᠳᠡᠭᠦᠯᠬᠦ ᠠᠵᠢᠯ ᠳᠠᠭᠤᠰᠴᠤ᠂ ᠲᠤᠭ᠎ᠠ

ᠪᠠᠷᠢᠮᠲᠠ ᠶᠢ ᠪᠦᠬᠦᠨ ᠢ ᠪᠦᠷᠢᠳᠬᠡᠵᠦ ᠳᠠᠭᠤᠰᠤᠭᠰᠠᠨ ᠤ ᠳᠠᠷᠠᠭ᠎ᠠ᠂ ᠭᠡᠷ ᠤᠨ ᠠᠬᠠᠮᠠᠳ ᠤᠨ ᠲᠥᠯᠥᠭᠡᠯᠡᠭᠴᠢ᠂

ᠪᠠᠭᠰᠢ ᠶᠢᠨ ᠲᠥᠯᠥᠭᠡᠯᠡᠭᠴᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠯᠥᠭᠡᠯᠡᠭᠴᠢ ᠠᠵᠢᠯᠲᠠᠨ ᠤ ᠬᠢᠨᠠᠯᠲᠠ

ᠳᠣᠤᠷ᠎ᠠ᠂ ᠺᠣᠮᠫᠢᠦ᠋ᠲ᠋ᠧᠷ ᠪᠠᠷ ᠨᠤᠮᠧᠷ ᠰᠤᠩᠭᠤᠨ ᠰᠤᠷᠤᠯᠭ᠎ᠠ ᠶᠢᠨ ᠤᠷᠤ ᠳᠤᠬᠢᠷᠠᠭᠤᠯᠤᠨ᠎ᠠ᠃

       ᠰᠤᠷᠪᠤᠯᠵᠢᠯᠠᠭᠴᠢ᠄ ᠺᠣᠮᠫᠢᠦ᠋ᠲ᠋ᠧᠷ ᠢᠶᠠᠷ ᠰᠤᠷᠤᠯᠭ᠎ᠠ ᠶᠢᠨ ᠤᠷᠤ ᠬᠤᠪᠢᠶᠠᠷᠢᠯᠠᠵᠤ ᠳᠠᠭᠤᠰᠤᠭᠰᠠᠨ ᠤ

ᠳᠠᠷᠠᠭ᠎ᠠ ᠬᠡᠷᠬᠢᠨ‌ᠡᠯᠰᠡᠭᠳᠡᠭᠰᠡᠨ ᠡᠰᠡᠬᠦ ᠪᠠᠨ ᠪᠠᠶᠢᠴᠠᠭᠠᠨ ᠦᠵᠡᠬᠦ ᠪᠣᠶ︖

       ᠸᠠᠩ ᠲᠢᠶᠧ᠄ ᠲᠣᠬᠢᠶᠠᠯᠳᠤᠯ ᠢᠶᠠᠷ ᠰᠤᠷᠤᠯᠭ᠎ᠠ ᠶᠢᠨ ᠤᠷᠤ ᠳᠤᠬᠢᠷᠠᠭᠤᠯᠵᠦ ᠳᠠᠭᠤᠰᠤᠭᠰᠠᠨ ᠤ ᠳᠠᠷᠠᠭ᠎ᠠ᠂

ᠡᠯᠰᠡᠭᠳᠡᠭᠰᠡᠨ ᠬᠡᠦᠬᠡᠳ ᠤᠨ ᠨᠡᠷᠡᠰ ᠢ ᠨᠡᠷ᠎ᠡ ᠮᠡᠳᠡᠭᠦᠯᠬᠦ ᠰᠢᠰᠲ᠋ᠧᠮ ᠤᠨ ᠰᠦᠯᠵᠢᠶ᠎ᠠ᠂ ᠰᠤᠷᠭᠠᠨ ᠬᠥᠮᠦᠵᠢᠯ ᠤᠨ

ᠲᠣᠪᠴᠢᠶᠠᠨ ᠤ ᠠᠯᠪᠠᠨ ᠰᠦᠯᠵᠢᠶ᠎ᠠ᠂ ᠡᠯ᠎ᠡ ᠬᠡᠦᠬᠡᠳ ᠤᠨ ᠴᠡᠴᠡᠷᠯᠢᠭ ᠤᠨ ᠰᠦᠯᠵᠢᠶ᠎ᠠ ᠵᠢᠴᠢ ᠴᠡᠴᠡᠷᠯᠢᠭ ᠤᠨ

ᠡᠭᠦᠳᠡᠨ ᠳᠡᠭᠡᠷ᠎ᠡ ᠲᠠᠪᠤᠨ‌ᠡᠳᠦᠷ ᠤᠨ ᠵᠠᠷᠯᠠᠯ ᠨᠡᠶᠢᠲᠡᠯᠡᠨ᠎ᠡ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ