2019 ᠣᠨ ᠤ 2 ᠰᠠᠷ᠎ᠠ ᠶᠢᠨ 16 ᠤ ᠡᠳᠦᠷ ᠠᠴᠠ 17 ᠤ ᠡᠳᠦᠷ ᠪᠤᠯᠲᠠᠯ᠎ᠠ᠂ ᠽᠠᠨᠳᠠᠨᠵᠤᠤ ᠰᠤᠮᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠭᠤᠣᠯ ᠤᠨ ᠲᠠᠩ ᠳᠠᠭᠠᠦ ᠰᠠᠭᠤᠷᠢᠰᠢᠵᠦ ᠪᠠᠶᠢᠭ᠎ᠠ 11 ᠭᠠᠴᠠᠭ᠎ᠠ | ᠲᠤᠰᠬᠤᠨ ᠢ ᠪᠦᠯᠦᠭ ᠬᠤᠪᠢᠶᠠᠨ ᠰᠠᠭᠤᠳᠠᠯ ᠤᠨ ᠬᠤᠷᠠᠯ ᠡᠷᠬᠢᠯᠡᠵᠦ᠂ ᠡᠯ᠎ᠡ ᠭᠠᠴᠠᠭ᠎ᠠ ᠲᠣᠰᠬᠤᠨ ᠤ 2019 | ᠣᠨ ᠤ ᠭᠠᠴᠠᠭ᠎ᠠ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠥᠯᠥᠪᠯᠡᠭᠡ ᠵᠢᠴᠢ ᠪᠤᠳᠠᠲᠠᠢ ᠬᠡᠷᠡᠭᠵᠢᠭᠦᠯᠬᠦ | ᠲᠥᠰᠥᠯ ᠢ ᠰᠤᠳᠤᠯᠤᠨ ᠶᠠᠷᠢᠯᠴᠠᠪᠠ᠃ ᠽᠠᠨᠳᠠᠨᠵᠣᠣ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠤᠷᠳᠤᠨ ᠤ ᠳᠡᠳ᠋ ᠰᠤᠮᠤᠨ ᠳᠠᠷᠤᠭ᠎ᠠ ᠭᠤᠤ ᠶᠦᠩ ᠴᠢᠤᠸᠠᠨ᠂ ᠨᠠᠮ ᠤᠨ ᠬᠤᠷᠢᠶᠠᠨ ᠤ ᠳᠡᠳ᠋ ᠱᠦᠵᠢ ᠨᠠᠮᠤᠭᠤᠬᠠᠨ᠂ | ᠵᠠᠰᠠᠭ ᠤᠨ ᠤᠷᠳᠤᠨ ᠤ ᠳᠡᠳ᠋ ᠰᠤᠮᠤᠨ ᠳᠠᠷᠤᠭ᠎ᠠ ᠰᠢᠦᠢ ᠭᠦᠸᠧ ᠶᠤᠸᠠᠨ᠂ ᠵᠠᠰᠠᠭ ᠤᠨ ᠣᠷᠳᠣᠨ ᠤ ᠳᠡᠳ᠋ ᠰᠤᠮᠤᠨ | ᠳᠠᠷᠤᠭ᠎ᠠ ᠵᠠᠩ ᠳ᠋ᠦᠩ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠮᠠ ᠳ᠋ᠦᠩ ᠮᠢᠩ ᠵᠢᠴᠢ ᠡᠯ᠎ᠡ ᠭᠠᠴᠠᠭ᠎ᠠ | ᠲᠤᠰᠬᠤᠨ ᠤ ᠨᠠᠮ ᠤᠨ ᠡᠭᠦᠷ ᠤᠨ ᠱᠦᠵᠢ᠂ ᠲᠤᠰᠬᠤᠨ ᠤ ᠡᠷᠬᠢᠯᠡᠭᠴᠢ᠂ ᠲᠤᠰᠬᠤᠨ ᠳᠤ ᠰᠠᠭᠤᠭᠠᠨᠢᠭᠡᠳᠦᠭᠡᠷ | ᠱᠦᠵᠢ᠂ ᠲᠤᠰᠬᠤᠨ ᠳᠤ ᠰᠠᠭᠤᠭ᠎ᠠ ᠠᠵᠢᠯ ᠤᠨ ᠠᠩᠭᠢ ᠶᠢᠨ ᠪᠦᠬᠦ ᠬᠡᠰᠢᠭᠦᠨ᠂ ᠬᠤᠯᠪᠤᠭᠠᠯᠠᠨ ᠳᠠᠭᠠᠭᠠᠴᠢᠯᠠᠬᠤ | ᠨᠢᠭᠡᠴᠡ ᠶᠢᠨ ᠬᠠᠷᠢᠭᠤᠴᠯᠠᠭᠠᠲᠠᠨ᠂ ᠭᠠᠴᠠᠭ᠎ᠠ ᠲᠤᠰᠬᠤᠨ ᠤ ᠬᠤᠷᠰᠢᠶᠠᠵᠢᠯ ᠤᠨ ᠬᠠᠷᠢᠭᠤᠴᠠᠯᠭᠠᠲᠠᠨᠰᠠᠭᠤᠳᠠᠯ ᠤᠨ | ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠡᠯ᠎ᠡ ᠬᠤᠷᠠᠯ ᠳᠤ ᠤᠷᠤᠯᠴᠠᠭᠰᠠᠨ ᠬᠦᠮᠦᠰ ᠠᠵᠤ ᠦᠢᠯᠡᠰ ᠢ | ᠬᠦᠭᠵᠢᠭᠦᠯᠦᠨ ᠮᠠᠨᠳᠤᠭᠤᠯᠬᠤ᠂ ᠠᠮᠢ ᠠᠬᠤᠢ ᠢ ᠤᠷᠤᠰᠢᠨ ᠰᠠᠭᠤᠬᠤ ᠳᠤ ᠲᠣᠬᠢᠲᠠᠢ ᠪᠤᠯᠭᠠᠬᠤ᠂ ᠲᠤᠰᠬᠤᠨ ᠤ | ᠰᠤᠷᠲᠠᠯ ᠪᠤᠯᠪᠠᠰᠤᠨ ᠢ ᠶᠣᠰᠣᠷᠬᠠᠭ ᠪᠣᠯᠭᠠᠬᠤ᠂ ᠴᠡᠭᠴᠡᠯᠡᠨ ᠵᠠᠰᠠᠭᠰᠠᠨ ᠨᠢ ᠪᠦᠲᠦᠮᠵᠢᠲᠡᠢ ᠪᠠᠶᠢᠬᠤ᠂ ᠠᠮᠢᠳᠤᠷᠠᠯ ᠢ | ᠪᠠᠶᠠᠨ ᠲᠠᠩᠰᠤᠭᠵᠢᠭᠤᠯᠬᠤ ᠵᠡᠷᠭᠡ ᠲᠠᠪᠤᠨ ᠲᠠᠯ᠎ᠠ ᠠᠴᠠ 27 ᠵᠤᠷᠪᠤᠰ ᠳᠤᠷᠠᠳᠤᠯᠭ᠎ᠠ ᠭᠠᠷᠭᠠᠨ᠂ 38 ᠵᠤᠷᠪᠤᠰ | ᠬᠡᠷᠡᠭᠵᠢᠭᠦᠯᠬᠦ ᠲᠦᠰᠦᠯ ᠢ ᠲᠤᠭᠲᠠᠭᠠᠪᠠ᠃ | | |