ᠪᠠᠢ ᠨᠢ ᠵᠢᠩ ᠪᠠᠯᠭᠠᠰᠤ“ᠫᠧᠩ ᠰᠠᠷᠠᠪᠴᠢᠳᠤ ᠪᠠᠷᠢᠯᠭ᠎ᠠ” ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠡᠷᠴᠢᠮ ᠲᠠᠢ ᠶᠠᠪᠤᠭᠳᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019/2/18
      ᠦᠨᠥᠬᠡᠨ ᠪᠣᠯᠲᠠᠯ᠎ᠠ᠂ ᠪᠠᠢ ᠨᠢ ᠵᠢᠩ ᠪᠠᠯᠭᠠᠰᠤ ᠶᠢᠨ ︽ᠫᠧᠩ ᠰᠠᠷᠠᠪᠴᠢᠳᠤ ᠪᠠᠷᠢᠯᠭ᠎ᠠ︾ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠠᠬᠢᠴᠠ ᠨᠢ ᠨᠡᠯᠢᠶᠡᠳ ᠤᠷᠤᠭᠰᠢᠲᠠᠢ ᠪᠠᠶᠢᠵᠤ᠂ ᠮᠧᠩ ᠭᠧᠨ ᠬᠤᠸᠠ ᠲᠠᠷᠢᠶᠠᠯᠠᠩ ᠮᠠᠯᠵᠢᠯ ᠤᠨ ᠦᠢᠯᠡᠰ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠤᠷᠤᠨ ᠤ ᠬᠡᠦᠬᠡᠳ ᠤᠨ ᠪᠡᠶ᠎ᠡ ᠶᠢᠨ ᠲᠠᠮᠢᠷ ᠢ ᠪᠤᠯᠪᠠᠰᠤᠷᠠᠭᠤᠯᠬᠤ ᠲᠠᠯᠠᠪᠤᠷ᠂ ᠲᠡᠷᠭᠡᠨ ᠵᠤᠭᠰᠤᠭᠠᠯ ᠤᠨ ᠲᠠᠯᠠᠪᠤᠷ᠂ ᠲᠠᠷᠢᠶᠠᠯᠠᠩ ᠤᠨ ᠦᠢᠯᠡᠳᠭᠦᠨ ᠤ ᠵᠠᠬ᠎ᠠ ᠳᠡᠯᠭᠡᠭᠦᠷ ᠤᠨ ᠨᠤᠷᠠᠭᠠᠨ ᠴᠡᠪᠡᠷᠯᠡᠬᠦ ᠠᠵᠢᠯ ᠢ ᠪᠦᠬᠦᠨ ᠢ ᠳᠠᠭᠤᠰᠬᠠᠵᠤ᠂  ᠨᠢᠲᠤᠯᠭᠠᠨ ᠤ ᠭᠠᠵᠠᠷ ᠤᠨ ᠪᠠᠷᠢᠯᠭ᠎ᠠ ᠶᠢᠨ ᠯᠠᠭ ᠬᠤᠭ ᠢ ᠪᠦᠬᠦᠨ ᠢ ᠴᠡᠪᠡᠷᠯᠡᠵᠦ ᠳᠠᠭᠤᠰᠬᠠᠪᠠ᠂ ᠬᠡᠰᠡᠭ ᠭᠡᠷ ᠪᠠᠶᠢᠰᠢᠩ ᠵᠢᠴᠢ ᠬᠦᠢᠲᠡᠨ ᠬᠦᠮᠦᠷᠭᠡ᠂ ᠬᠠᠲᠠᠭᠤᠵᠢᠭᠤᠯᠤᠭᠰᠠᠨ ᠭᠠᠵᠠᠷ ᠤᠨ ᠴᠡᠪᠡᠷᠯᠡᠨ ᠠᠷᠢᠯᠭᠠᠬᠤ ᠠᠵᠢᠯ ᠶᠠᠭ ᠶᠠᠪᠤᠭᠳᠠᠵᠤ ᠪᠠᠶᠢᠨ᠎ᠠ᠃

     ᠮᠧᠩ ᠭᠧᠨ ᠬᠤᠸᠠ ᠲᠠᠷᠢᠶᠠᠯᠠᠩ ᠮᠠᠯᠵᠢᠯ ᠤᠨ ᠦᠢᠯᠡᠰ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠤᠷᠤᠨ ᠤ ᠲᠡᠷᠭᠡᠨ ᠵᠤᠭᠰᠤᠭᠠᠯ ᠤᠨ ᠲᠠᠯᠠᠪᠤᠷ ᠢ

ᠪᠦᠬᠦᠨ ᠢ ᠴᠡᠪᠡᠷᠯᠡᠨ ᠵᠠᠰᠠᠵᠤ ᠪᠠᠷᠠᠪᠠ᠃

      ᠮᠧᠩ ᠭᠧᠨ ᠬᠤᠸᠠ ᠲᠠᠷᠢᠶᠠᠯᠠᠩ ᠮᠠᠯᠵᠢᠯ ᠤᠨ ᠦᠢᠯᠡᠰ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠤᠷᠤᠨ ᠤ ᠲᠠᠷᠢᠶᠠᠯᠠᠩ ᠤᠨ ᠦᠢᠯᠡᠳᠭᠦᠨ ᠤ

ᠵᠠᠬ᠎ᠠ ᠳᠡᠯᠭᠡᠭᠦᠷ ᠢ ᠨᠤᠷᠠᠭᠠᠵᠤ ᠪᠠᠷᠠᠪᠠ᠂ ᠪᠠᠷᠢᠯᠭ᠎ᠠ ᠶᠢᠨ ᠯᠠᠭ ᠬᠤᠭ ᠢ ᠴᠡᠪᠡᠷᠯᠡᠨ ᠨᠡᠭᠦᠯᠭᠡᠬᠦ ᠠᠵᠢᠯ ᠶᠠᠭ ᠶᠠᠪᠤᠭᠳᠠᠵᠤ ᠪᠠᠶᠢᠨ᠎ᠠ᠃

      ᠮᠧᠩ ᠭᠧᠨ ᠬᠤᠸᠠ ᠲᠠᠷᠢᠶᠠᠯᠠᠩ ᠮᠠᠯᠵᠢᠯ ᠤᠨ ᠦᠢᠯᠡᠰ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠤᠷᠤᠨ ᠤ ᠨᠢᠲᠤᠯᠭᠠᠨ ᠤ ᠭᠠᠵᠠᠷ ᠢ ᠨᠤᠷᠠᠭᠠᠨ

ᠴᠡᠪᠡᠷᠯᠡᠵᠦ ᠪᠠᠶᠢᠭ᠎ᠠ ᠨᠢ  ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ