2018 ᠣᠨ ᠳᠤ ᠮᠠᠨ ᠤ ᠬᠤᠰᠢᠭᠤᠨ ᠤ ᠳᠦᠷᠪᠡᠨ ᠶᠡᠭᠡ ᠲᠤᠯᠭᠠᠭᠤᠷᠢᠯᠠᠬᠤ ᠠᠵᠤ ᠦᠢᠯᠡᠰ ᠨᠢ 205.3 ᠳ᠋ᠥᠩᠰᠢᠭᠤᠷ ᠠᠵᠤ ᠦᠢᠯᠡᠳᠪᠦᠷᠢ ᠶᠢᠨ ᠶᠡᠷᠦᠩᠬᠢ ᠦᠢᠯᠡᠳᠭᠦᠨ ᠤ ᠥᠷᠲᠡᠭ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 44.2% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2019/3/11
       2018 ᠣᠨ ᠳᠤ ᠮᠠᠨ ᠤ ᠬᠤᠰᠢᠭᠤᠨ ᠤ ᠳᠦᠷᠪᠡᠨ ᠶᠡᠭᠡ ᠲᠤᠯᠭᠠᠭᠤᠷᠢᠯᠠᠬᠤ ᠠᠵᠤ ᠦᠢᠯᠡᠰ ᠨᠢ 205.3 ᠳ᠋ᠥᠩᠰᠢᠭᠤᠷ ᠠᠵᠤ ᠦᠢᠯᠡᠳᠪᠦᠷᠢ ᠶᠢᠨ ᠶᠡᠷᠦᠩᠬᠢ ᠦᠢᠯᠡᠳᠭᠦᠨ ᠤ ᠥᠷᠲᠡᠭ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 44.2% ᠪᠠᠷ ᠨᠡᠮᠡᠭᠳᠡᠵᠦ᠂ ᠪᠦᠬᠦ ᠬᠡᠪᠴᠢᠶᠡᠨ ᠠᠴᠠ ᠳᠠᠪᠠᠭᠰᠠᠨ ᠠᠵᠤ ᠦᠢᠯᠡᠳᠪᠦᠷᠢ ᠶᠢᠨ ᠶᠡᠷᠦᠩᠬᠢ ᠦᠢᠯᠡᠳᠭᠦᠨ ᠤ ᠥᠷᠲᠡᠭ ᠤᠨ 91.7% ᠢ ᠡᠵᠡᠯᠡᠵᠦ᠂ ᠬᠡᠪᠴᠢᠶ᠎ᠡ ᠠᠴᠠ ᠳᠠᠪᠠᠭᠰᠠᠨ ᠠᠵᠤ ᠦᠢᠯᠡᠳᠪᠦᠷᠢ ᠲᠠᠬᠢ ᠬᠤᠪᠢ ᠨᠡᠮᠡᠷᠢ ᠨᠢ 99.8% ᠳᠤ ᠬᠦᠷᠴᠦ᠂ ᠬᠡᠪᠴᠢᠶᠡᠨ ᠠᠴᠠ ᠳᠠᠪᠠᠭᠰᠠᠨ ᠠᠵᠤ ᠦᠢᠯᠡᠳᠪᠦᠷᠢ ᠶᠢᠨ ᠦᠢᠯᠡᠳᠭᠦᠨ ᠤ ᠥᠷᠲᠡᠭ ᠢ 39.2% ᠪᠠᠷ ᠨᠡᠮᠡᠭᠳᠡᠭᠦᠯᠪᠡ᠃ ᠡᠭᠦᠨ ᠳᠤ ᠨᠡᠭᠦᠷᠡᠰᠦᠨ ᠤ ᠦᠢᠯᠡᠰ ᠨᠢ 51.7% ᠶᠢᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ 61.0 % ᠪᠠᠷ ᠨᠡᠮᠡᠭᠳᠡᠵᠦ᠂ ᠪᠦᠬᠦ ᠬᠤᠰᠢᠭᠤᠨ ᠤ 23.1% ᠶᠢ ᠡᠵᠡᠯᠡᠵᠦ᠂ ᠬᠢᠮᠢ ᠶᠢᠨ ᠠᠵᠤ ᠦᠢᠯᠡᠰ ᠤᠨ ᠦᠢᠯᠡᠳᠭᠦᠨ ᠤ ᠥᠷᠲᠡᠭ ᠨᠢ 87.2 ᠳ᠋ᠥᠩᠰᠢᠭᠤᠷ ᠳᠤ ᠬᠦᠷᠴᠦ᠂ 35.3% ᠪᠠᠷ ᠨᠡᠮᠡᠭᠳᠡᠨ᠂ ᠪᠦᠬᠦ ᠬᠤᠰᠢᠭᠤᠨ ᠤ 38.9% ᠶᠢ ᠡᠵᠡᠯᠡᠪᠡ᠂ ᠴᠠᠬᠢᠯᠭᠠᠨ ᠦᠢᠯᠡᠰ ᠤᠨ ᠪᠡᠶᠡᠯᠡᠭᠦᠯᠦᠭᠰᠡᠨ ᠦᠢᠯᠡᠳᠭᠦᠨ ᠤ ᠥᠷᠲᠡᠭ ᠨᠢ 39.9 ᠳ᠋ᠥᠩᠰᠢᠭᠤᠷ ᠳᠤ ᠬᠦᠷᠴᠦ᠂ 22.4% ᠪᠠᠷ ᠨᠡᠮᠡᠭᠳᠡᠪᠡ᠂ ᠬᠦᠩᠭᠡᠨᠴᠠᠭᠠᠨ ᠤ ᠪᠤᠯᠪᠠᠰᠤᠷᠠᠭᠤᠯᠬᠤ ᠦᠢᠯᠡᠰ ᠨᠢ 26.6 ᠳ᠋ᠥᠩᠰᠢᠭᠤᠷ ᠦᠢᠯᠡᠳᠭᠦᠨ ᠤ ᠥᠷᠲᠡᠭ ᠢ ᠪᠡᠶᠡᠯᠡᠭᠦᠯᠵᠦ᠂ 101.0% ᠪᠠᠷ ᠨᠡᠮᠡᠭᠳᠡᠨ᠂ ᠪᠦᠬᠦ ᠬᠤᠰᠢᠭᠤᠨ ᠤ 11.9% ᠶᠢ ᠡᠵᠡᠯᠡᠵᠡᠢ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ