2018 ᠣᠨ ᠤ ᠳᠠᠯᠠᠳ ᠬᠤᠰᠢᠭᠤᠨ ᠤ ᠪᠦᠬᠦ ᠨᠡᠶᠢᠬᠡᠮ ᠤᠨ ᠴᠠᠬᠢᠯᠭᠠᠨ ᠬᠡᠷᠡᠭᠰᠡᠬᠦ ᠱᠠᠭᠠᠷᠳᠠᠯᠭ᠎ᠠ ᠢᠯᠡᠳᠲᠡ ᠨᠨᠡᠮᠡᠭᠳᠡᠪᠡ
ᠨᠡᠶᠢᠲᠡᠯᠡᠭᠰᠡᠨ ᠴᠠᠭ᠄
2019/3/11
       2018 ᠣᠨ ᠪᠦᠬᠦ ᠨᠡᠶᠢᠬᠡᠮ ᠤᠨ ᠴᠠᠬᠢᠯᠭᠠᠨ ᠬᠡᠷᠡᠭᠰᠡᠬᠦ ᠱᠠᠭᠠᠷᠳᠠᠯᠭ᠎ᠠ ᠢᠯᠡᠳᠲᠡ ᠨᠡᠮᠡᠭᠳᠡᠨ᠂ ᠮᠠᠨ ᠤ ᠬᠤᠰᠢᠭᠤᠨ ᠤ ᠬᠡᠪᠴᠢᠶᠠᠨ ᠠᠴᠠ ᠳᠠᠪᠠᠭᠰᠠᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠰᠠ ᠶᠡᠭᠡ ᠪᠠᠷ ᠨᠡᠮᠡᠭᠳᠡᠨ ᠪᠦᠬᠦ ᠵᠢᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠢ ᠪᠠᠷᠤᠭ 197.6 ᠳ᠋ᠥᠩᠰᠢᠭᠤᠷ ᠭᠷᠠᠳᠦ᠋ᠰ ᠳᠤ ᠬᠦᠷᠴᠦ᠂ ᠦᠩᠭᠡᠷᠡᠭᠰᠡᠨ ᠵᠢᠯ ᠤᠨ ᠬᠢ ᠠᠴᠠ 33 ᠳ᠋ᠥᠩᠰᠢᠭᠤᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠨᠡᠮᠡᠭᠳᠡᠭᠰᠡᠨ ᠬᠤᠷᠳᠤᠴᠠ ᠨᠢ ᠪᠦᠬᠦ ᠬᠤᠲᠠ ᠳᠤ ᠬᠤᠶᠠᠳᠤᠭᠠᠷ ᠲᠤ ᠤᠷᠤᠵᠤ᠂ ᠪᠦᠬᠦ ᠬᠤᠲᠠ ᠶᠢᠨ ᠶᠡᠷᠦᠩᠬᠢ ᠨᠡᠮᠡᠭᠳᠡᠯ ᠬᠤᠷᠳᠤᠴᠠ ᠠᠴᠠ 4.6 ᠵᠠᠭᠤᠨ ᠤ ᠬᠤᠪᠢ ᠥᠨᠳᠦᠷ ᠪᠠᠶᠢᠪᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ