ᠱᠠᠭᠵᠢᠮᠤᠨᠢ ᠪᠠᠯᠭᠠᠰᠤ 2019 ᠤᠨ ᠤ ᠠᠵᠦ ᠦᠢᠯᠡᠰ ᠤᠨ ᠬᠠᠮᠳᠤᠷᠠᠭᠰᠠᠨ ᠰᠤᠯᠢᠯᠴᠠᠭᠠᠨ ᠤ ᠵᠦᠪᠳᠠᠨ ᠶᠠᠷᠢᠯᠴᠠᠬᠤ ᠬᠤᠷᠠᠯ ᠢ ᠡᠷᠬᠢᠯᠡᠪᠠ
ᠨᠡᠶᠢᠲᠡᠯᠡᠭᠰᠡᠨ ᠴᠠᠭ᠄
2019/3/15
       3 ᠰᠠᠷ᠎ᠠ ᠶᠢᠨ13 ᠤ ᠡᠳᠦᠷ᠂ ᠱᠠᠭᠵᠢᠮᠤᠨᠢ ᠪᠠᠯᠭᠠᠰᠤ 2019 ᠤᠨ ᠤ ᠠᠵᠦ ᠦᠢᠯᠡᠰ ᠤᠨ ᠬᠠᠮᠳᠤᠷᠠᠭᠰᠠᠨ ᠰᠤᠯᠢᠯᠴᠠᠭᠠᠨ ᠤ ᠵᠦᠪᠳᠠᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠪᠦᠬᠦ ᠬᠤᠰᠢᠭᠤᠨ ᠤ120 ᠭᠠᠷᠤᠢ ᠲᠡᠵᠢᠭᠡᠨ‌ᠦᠷᠡᠵᠢᠭᠦᠯᠬᠦ ᠠᠵᠦ ᠠᠬᠤᠶᠢᠯᠠᠯ᠂ ᠬᠦᠳᠡᠭᠡ ᠠᠵᠦ ᠠᠬᠤᠢ ᠶᠢᠨ ᠳᠤᠰᠬᠠᠢ ᠬᠤᠷᠰᠢᠶᠠᠵᠢᠯ ᠤᠨ ᠬᠠᠷᠢᠭᠤᠴᠠᠯᠭᠠᠳᠠᠨ ᠪᠤᠯᠤᠨ ᠪᠠᠯᠭᠠᠰᠤᠨ ᠤ 23 ᠳᠤᠰᠬᠤᠨ ᠤ ᠳᠤᠰᠬᠤᠨ ᠤ ᠺᠠᠳ᠋ᠷ ᠨᠢᠭᠤᠷᠳᠠᠨ ᠶᠠᠷᠢᠯᠴᠠᠵᠦ᠂ ᠰᠢᠯᠡᠷᠬᠡᠭ ᠤᠷᠤᠨ ᠤ ᠬᠦᠮᠡᠯᠢ ᠲᠠᠷᠢᠬᠤ᠂ ᠭᠤᠤᠯ ᠳᠠᠭᠠᠦ ᠤᠷᠤᠨ ᠤ ᠡᠷᠳᠡᠨᠢ ᠰᠢᠰᠢ ᠶᠢᠨ ᠠᠵᠦ ᠦᠢᠯᠡᠰ ᠤᠨ ᠬᠠᠮᠳᠤᠷᠠᠯ ᠬᠦᠭᠵᠢᠯᠳᠡ‌‍ᠶᠢᠨ ᠰᠡᠳᠦᠯᠭᠡ ᠶᠢᠨ ᠴᠢᠨᠠᠷᠲᠠᠢ ᠵᠦᠪᠳᠡᠯᠴᠡᠭᠡᠷ ᠶᠢ ᠳᠤᠭᠳᠠᠪᠠ᠃

       ᠳᠤᠰ ᠤᠳᠠᠭᠠᠨ ᠤ ᠵᠦᠪᠳᠡᠨ ᠶᠠᠷᠢᠯᠴᠠᠬᠤ ᠬᠤᠷᠠᠯ ᠨᠢ ᠠᠵᠦ ᠠᠬᠤᠶᠢᠯᠠᠯ ᠪᠤᠯᠤᠨ ᠬᠦᠳᠡᠭᠡ ᠳᠣᠰᠬᠤᠨ ᠤ ᠠᠵᠦ ᠦᠢᠯᠡᠰ ᠤᠨ ᠬᠦᠭᠵᠢᠯᠳᠡ ᠶᠢᠨ

ᠰᠤᠯᠢᠯᠴᠠᠭᠠᠨ ᠤ ᠳᠠᠪᠴᠠᠩ ᠢ ᠪᠠᠶᠢᠭᠤᠯᠬᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ