ᠠᠷᠠᠳ ᠤᠨ ᠰᠦᠯᠵᠢᠶ᠎ᠡ ᠶᠢᠨ 3 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ ᠪᠦᠬᠦ ᠤᠯᠤᠰ ᠤᠨ ᠬᠤᠶᠠᠷ ᠬᠤᠷᠠᠯ ᠶᠠᠭ ᠰᠠᠶᠢᠬᠠᠨ | ᠬᠦᠭᠵᠢᠶᠡᠨᠲᠡᠢ ᠶᠠᠪᠤᠭᠳᠠᠵᠤ ᠲᠥᠯᠥᠭᠡᠯᠡᠭᠴᠢᠳ ᠭᠡᠰᠢᠭᠦᠳ ᠮᠠᠨᠢ ᠠᠷᠠᠳ ᠲᠤ ᠠᠰᠢᠭ ᠬᠦᠷᠲᠡᠭᠡᠬᠦ ᠠᠯᠢ ᠣᠯᠠᠨ ᠰᠠᠨᠠᠯ ᠳᠤᠷᠠᠳᠤᠯᠭ᠎ᠠ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠠᠪᠴᠢᠷᠠᠨ ᠳᠡᠯᠭᠡᠵᠦ ᠪᠠᠶᠢᠯ᠎ᠠ᠃ ᠪᠦᠬᠦᠤᠯᠤᠰ ᠤᠨ ᠠᠷᠠᠳ ᠤᠨ ᠲᠥᠯᠥᠭᠡᠯᠡᠭᠴᠢ᠂ ᠥᠪᠥᠷ ᠮᠣᠩᠭᠤᠯ ᠤᠨ ᠵᠠᠷᠤᠳ ᠬᠤᠰᠢᠭᠤᠨ ᠤ ᠵᠡᠭᠦᠨ | ᠰᠠᠯᠠᠭ᠎ᠠ ᠭᠠᠴᠠᠭ᠎ᠠ ᠵᠢᠨᠨᠠᠮ ᠤᠨ ᠡᠭᠦᠷ ᠤᠨ ᠱᠦᠵᠢ ᠡᠦ ᠶᠦᠨ ᠪᠥᠸᠧ ᠠᠷᠠᠳ ᠤᠨ ᠮᠣᠩᠭᠤᠯ ᠰᠦᠯᠵᠢᠶ᠎ᠡ ᠶᠢᠨ ᠰᠤᠷᠪᠤᠯᠵᠢᠯᠠᠭ᠎ᠠ ᠶᠢ ᠬᠦᠯᠢᠶᠡᠬᠦ ᠳᠤ ᠪᠡᠨᠦᠪᠡᠷ ᠤᠨ | ᠰᠠᠨᠠᠯ ᠵᠥᠪᠯᠡᠯᠭᠡ ᠪᠠᠨ ᠶᠠᠷᠢᠪᠠ᠃ | | | | | ᠲᠡᠷᠡ ᠶᠠᠷᠢᠶᠠᠨ ᠳᠤ ᠪᠠᠨ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠲᠤᠶᠠᠭᠠᠯᠠᠯ ᠳᠣᠣᠷ᠎ᠠ᠂ ᠮᠠᠯᠴᠢᠨᠲ᠋ᠠᠷᠢᠶᠠᠴᠢᠨ ᠤ ᠳᠠᠷᠤᠭᠠᠰᠤ ᠶᠢ ᠬᠥᠩᠭᠡᠯᠡᠵᠦ ᠣᠷᠣᠯᠭ᠎ᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠵᠠᠯᠭᠠᠭ᠎ᠠ ᠪᠠᠷ | ᠨᠡᠶᠢᠲᠡᠯᠡᠭᠳᠡᠵᠦ᠂ ᠶᠠᠳᠠᠭᠤ ᠬᠤᠴᠣᠷᠤᠩᠭᠤᠢ ᠥᠪᠥᠷ ᠮᠣᠩᠭᠤᠯ ᠤᠨᠬᠠᠭᠤᠴᠢᠨ ᠳᠦᠷᠰᠦ ᠪᠠᠶᠢᠳᠠᠯ ᠢ ᠦᠨᠡᠨᠬᠦ ᠰᠢᠨ᠎ᠡ ᠳᠦᠷᠰᠦ ᠪᠠᠶᠢᠳᠠᠯ ᠲᠠᠢ ᠪᠣᠯᠭᠠᠵᠠᠢ᠃ ᠭᠡᠪᠡᠴᠦ᠂ | ᠳᠠᠪᠰᠢᠯᠲᠠ ᠶᠢ ᠳᠠᠭᠠᠯᠳᠤᠨᠲ᠋ᠠᠰᠤᠷᠠᠯᠲᠠ ᠦᠭᠡᠢ ᠰᠢᠨ᠎ᠡ ᠦᠷᠢᠰᠦᠯᠳᠦᠭᠡᠨ ᠳᠤ ᠤᠴᠠᠷᠠᠵᠤ ᠪᠤᠢ᠃ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠨᠢ ᠭᠤᠣᠯᠳᠠᠭᠤ | ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠠᠴᠠ ᠭᠠᠳᠠᠨᠠᠬᠢ ᠤᠯᠤᠰ ᠤᠨ ᠡᠳ᠋ ᠤᠨᠵᠠᠰᠠᠭ ᠪᠤᠶᠤ ᠬᠤᠶᠠᠳᠤᠭᠠᠷ᠂ ᠭᠤᠷᠪᠠᠳᠤᠭᠠᠷ | ᠠᠵᠤ ᠦᠢᠯᠡᠰ ᠤᠨ ᠲᠤᠯᠭᠠᠭᠤᠷᠢᠯᠠᠯ ᠳᠤ ᠲᠦᠰᠢᠭᠯᠡᠳᠡᠭ᠂ ᠭᠡᠪᠡᠴᠦ ᠣᠶᠢᠷ᠎ᠠ ᠵᠢᠨᠵᠢᠯ ᠠᠴᠠ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠦᠨ᠎ᠡ ᠲᠣᠭᠲᠠᠪᠤᠷᠢ ᠦᠭᠡᠢ ᠮᠥᠷᠲᠡᠭᠡᠨᠠᠭᠠᠵᠢᠮ ᠢᠶᠠᠷ ᠪᠠᠭᠤᠷᠠᠭᠰᠠᠨ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠰᠢᠰᠲ᠋ᠧᠮ ᠤᠨᠪᠠᠶᠢᠭᠤᠯᠤᠯᠲᠠ | ᠬᠠᠷᠠᠬᠠᠨᠲ᠋ᠡᠭᠦᠯᠳᠡᠷᠵᠢᠭᠡ ᠦᠬᠡᠢ᠂ ᠮᠠᠯᠴᠢᠨ ᠲᠠᠷᠢᠶᠠᠴᠢᠨ ᠤ ᠠᠵᠤᠠᠬᠤᠢ᠂ ᠵᠠᠬ᠎ᠠᠲ᠋ᠡᠯᠭᠡᠭᠦᠷ᠂ ᠡᠵᠡᠩᠨᠡᠯᠲᠡ ᠵᠡᠷᠭᠡ ᠲᠠᠯ᠎ᠠ ᠶᠢᠨ ᠮᠡᠳᠡᠯᠭᠡ ᠳᠤᠲᠠᠮᠠᠭ᠂ ᠮᠠᠯᠴᠢᠨ | ᠲᠠᠷᠢᠶᠠᠴᠢᠨ ᠤ ᠳᠠᠭᠠᠳᠬᠠᠯ ᠳᠤ ᠣᠷᠣᠯᠴᠠᠬᠤ ᠤᠬᠠᠮᠰᠠᠷ ᠴᠢᠩᠭ᠎ᠠ ᠪᠢᠰᠢ᠂ ᠨᠡᠶᠢᠭᠡᠮ ᠤᠨ ᠨᠠᠰᠤᠵᠢᠯ ᠤᠨᠠᠰᠠᠷᠠᠮᠵᠢ ᠶᠢᠨ ᠳᠠᠭᠠᠳᠬᠠᠯ ᠤᠨ ᠲᠣᠭᠲᠠᠴᠠ ᠬᠠᠷᠠᠬᠠᠨ | ᠲᠡᠭᠦᠯᠳᠡᠷᠵᠢᠭᠡᠳᠦᠶ᠂ ᠮᠠᠯᠴᠢᠨᠲ᠋ᠠᠷᠢᠶᠠᠴᠢᠨ ᠤ ᠦᠶᠯᠡᠳᠪᠦᠷᠢᠯᠡᠯᠠᠮᠢᠳᠤᠷᠠᠯ ᠤᠨ ᠵᠠᠷᠤᠯᠭ᠋ ᠢᠳᠡᠭ ᠢᠳᠡᠭ ᠢᠶᠠᠷ ᠨᠡᠮᠡᠭᠳᠡᠭᠰᠡᠨ ᠵᠡᠷᠭᠡ ᠠᠯᠢ ᠤᠯᠠᠨ ᠬᠢᠵᠠᠭᠠᠷᠯᠠᠬᠤ | ᠬᠦᠴᠦᠨ ᠵᠦᠢᠯ ᠨᠢ ᠮᠠᠯ ᠠᠵᠤᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠦᠵᠡᠭᠦᠯᠬᠦ | ᠬᠤᠪᠢᠨᠡᠮᠡᠷᠢ ᠶᠢ ᠠᠯᠬᠤᠮ ᠠᠯᠬᠤᠮ ᠢᠶᠠᠷ ᠪᠠᠭᠤᠷᠠᠭᠤᠯᠤᠭᠰᠠᠨ ᠪᠠᠶᠢᠨ᠎ᠠ ᠭᠡᠵᠡᠢ᠃ | ᠳᠡᠭᠡᠷ᠎ᠡ ᠳᠤᠷᠠᠳᠤᠭᠰᠠᠨ ᠡᠳᠡᠭᠡᠷ ᠠᠰᠠᠭᠤᠳᠠᠯ ᠳᠤ ᠴᠢᠭᠯᠡᠭᠦᠯᠦᠨ ᠡᠦ ᠶᠦᠨ ᠪᠥᠸᠧ ᠳᠣᠣᠷᠠᠬᠢ ᠬᠡᠳᠦᠨ ᠲᠠᠯ᠎ᠠ ᠵᠢᠨᠰᠠᠨᠠᠯ ᠳᠡᠪᠰᠢᠭᠦᠯᠦᠭᠰᠡᠨ ᠪᠠᠶᠢᠨ᠎ᠠ᠄ | | ᠨᠢᠭᠡ ᠳᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠭᠤᠨᠪᠠᠶᠢᠬᠤ ᠶᠢ ᠪᠠᠲᠤᠯᠠᠬᠤ ᠬᠡᠷᠡᠭᠲᠡᠶ᠃ ᠦᠨ᠎ᠡ | ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠯ ᠲᠠᠷᠢᠶᠠᠯᠠᠩ ᠤᠨᠪᠦ᠋ᠲᠦᠭᠡᠭᠳᠡᠬᠦᠨ ᠤ ᠦᠨ᠎ᠡ ᠬᠠᠩᠰᠢ ᠶᠢᠨ ᠬᠡᠯᠪᠡᠯᠵᠡᠯ ᠠᠴᠠ ᠪᠣᠯᠤᠭᠰᠠᠨ ᠰᠢᠷᠢᠰ | ᠠᠰᠠᠭᠤᠳᠠᠯ ᠢ ᠴᠠᠭ ᠲᠤᠬᠠᠢ ᠳᠤᠨᠢ ᠲᠤᠬᠢᠷᠠᠭᠤᠯᠬᠤ ᠪᠤᠶᠤ ᠳᠡᠮᠵᠢᠨ ᠲᠡᠳᠬᠦᠵᠦ᠂ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ ᠭᠦᠶᠯᠭᠡᠭᠡᠨ ᠤ ᠭᠤᠭᠴᠤᠭ᠎ᠠ ᠶᠢ | ᠪᠠᠭᠠᠰᠬᠠᠵᠤ᠂ ᠦᠶᠯᠡᠳᠪᠦᠷᠢᠯᠡᠯᠪᠣᠷᠣᠯᠠᠭᠤᠯᠭᠠ ᠶᠢ ᠵᠣᠯᠭᠠᠯᠳᠤᠭᠤᠯᠬᠤ ᠶᠢ ᠵᠣᠷᠢᠭᠵᠢᠭᠤᠯᠤᠨ᠂ ᠮᠠᠯ ᠲᠠᠷᠢᠶᠠᠯᠠᠩ ᠤᠨᠪᠦ᠋ᠲᠦᠭᠡᠭᠳᠡᠬᠦᠨ ᠤ ᠭᠦᠶᠯᠭᠡᠭᠡᠨ ᠤ ᠵᠠᠷᠤᠳᠠᠯ ᠪᠠ | ᠬᠤᠷᠣᠭᠳᠠᠯ ᠢ ᠪᠠᠭᠠᠰᠬᠠᠨ᠎ᠠ︔ ᠳᠠᠭᠠᠳᠬᠠᠯ ᠤᠨ ᠰᠢᠰᠲ᠋ᠧᠮ ᠤᠨᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨᠬᠡᠯᠪᠡᠯᠵᠡᠯ | ᠪᠠ ᠪᠠᠶᠢᠭᠠᠯᠢ ᠵᠢᠨᠭᠠᠮᠰᠢᠭ ᠠᠴᠠ ᠪᠣᠯᠤᠭᠰᠠᠨ ᠳᠠᠪᠬᠤᠷ ᠲᠦᠭᠰᠢᠭᠦᠷᠢ ᠶᠢ ᠲᠤᠯᠤᠨ ᠬᠤᠷᠢᠭᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠭᠤᠷᠠᠬᠤ ᠠᠴᠠ | ᠵᠠᠶᠢᠯᠠᠰᠬᠢᠨ᠎ᠡ᠃ | ᠬᠤᠶᠠᠷ ᠲᠤ ᠳᠠᠪᠠᠭᠤᠯᠢᠭ ᠠᠵᠤ ᠦᠶᠯᠡᠰ ᠢ ᠪᠤᠶᠢᠵᠢᠭᠤᠯᠵᠤ ᠮᠠᠯᠴᠢᠨ ᠲᠠᠷᠢᠶᠠᠴᠢᠨ ᠢ ᠪᠠᠶᠠᠵᠢᠭᠤᠯᠤᠨ᠎ᠠ᠃ ᠭᠠᠴᠠᠭᠠᠲ᠋ᠣᠰᠬᠤᠨ ᠤ ᠪᠠᠶᠢᠳᠠᠯ ᠳᠤᠨᠢ | ᠲᠤᠬᠢᠷᠠᠭᠤᠯᠤᠨ᠂ ᠨᠠᠷᠢᠯᠢᠭ ᠣᠨᠣᠴᠠᠲᠠᠢ ᠪᠣᠳᠣᠯᠭ᠎ᠠ ᠠᠪᠴᠤ᠂ ︽ᠨᠢᠭᠡ ᠲᠣᠰᠬᠤᠨ ᠨᠢᠭᠡᠦᠢᠯᠡᠳᠬᠦᠨ︾ ᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠶᠠᠳᠠᠭᠤ | ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠢ ᠤᠷᠳᠤ ᠬᠤᠭᠤᠴᠠᠭ᠎ᠠ ᠪᠠᠷ ᠲᠣᠭᠲᠠᠭᠤᠨᠨᠡᠮᠡᠭᠳᠡᠭᠦᠯᠵᠦ ᠴᠢᠳᠠᠬᠤ ᠣᠨᠴᠠᠯᠢᠭᠲᠤ ᠭᠤᠣᠯᠯᠠᠬᠤ ᠠᠵᠤ ᠦᠢᠯᠡᠰ ᠢ | ᠲᠦᠷᠭᠡᠳᠬᠡᠨᠪᠤᠶᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠮᠠᠯ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ᠂ᠮᠠᠯᠴᠢᠨ ᠲᠠᠷᠢᠶᠠᠴᠢᠨ ᠤ | ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨᠡᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ | ᠪᠤᠶᠢᠵᠢᠭᠤᠯᠬᠤ ᠡᠷᠴᠢᠮ ᠪᠠ ᠲᠡᠳᠬᠦᠬᠦ ᠡᠷᠴᠢᠮ ᠢ ᠨᠡᠮᠡᠭᠳᠡᠭᠦᠯᠬᠦ ᠬᠡᠷᠡᠭᠲᠡᠢ᠃ᠮᠠᠯᠴᠢᠨ ᠲᠠᠷᠢᠶᠠᠴᠢᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠬᠢᠭᠡᠳ | ᠳᠠᠭᠠᠭᠤᠯᠤᠭᠴᠢ ᠠᠵᠤ ᠠᠬᠤᠶᠢᠯᠠᠯ᠂ ᠲᠤᠰᠬᠠᠶᠬᠤᠷᠰᠢᠶᠠ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠨᠢᠭᠲᠠᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ | ᠲᠣᠰᠬᠤᠨ ᠤ ᠴᠢᠬᠤᠯᠠ ᠡᠯᠧᠮᠧᠨ᠋ᠲ ᠢᠶᠠᠨ ᠲᠥᠪᠯᠡᠷᠡᠭᠦᠯᠦᠨ ᠣᠷᠤᠭᠤᠯᠬᠤ᠂ ᠪᠦᠬᠦ ᠭᠠᠴᠠᠭ᠎ᠠ ᠪᠠᠷ ᠨᠢ ᠠᠬᠢᠭᠤᠯᠬᠤ᠂ ᠪᠦᠬᠦᠯᠢᠴᠣᠭᠴᠠ ᠪᠠᠷ ᠨᠢ ᠨᠡᠭᠡᠭᠡᠨ | ᠬᠥᠭᠵᠢᠭᠦᠯᠬᠦ ᠶᠢ ᠬᠡᠷᠡᠭᠵᠢᠭᠦᠯᠵᠦ᠂ ᠨᠢᠭᠡ ᠭᠠᠴᠠᠭ᠎ᠠ ᠪᠠᠷ ᠣᠯᠠᠨ ᠭᠠᠴᠠᠭ᠎ᠠ ᠶᠢ ᠳᠠᠶᠢᠴᠢᠯᠠᠵᠤ᠂ᠣᠯᠠᠨ ᠭᠠᠴᠠᠭᠠᠨᠢ ᠬᠡᠯᠬᠢᠶᠡᠯᠡᠨᠨᠢᠭᠡᠳᠷᠡᠵᠦ᠂ ᠶᠠᠳᠠᠭᠤ ᠬᠦᠴᠢᠷᠳᠡᠯᠲᠡᠶ | ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠣᠨᠴᠠᠯᠢᠭᠲᠤ ᠠᠵᠤᠦᠶᠯᠡᠰ ᠢ ᠬᠥᠭᠵᠢᠭᠦᠯᠬᠦ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠮᠠᠯ | ᠲᠠᠷᠢᠶᠠᠯᠠᠩ ᠤᠨ ᠦᠶᠯᠡᠳᠪᠦᠷᠢᠯᠡᠯ ᠤᠨᠲ᠋ᠤᠰᠬᠠᠶᠢᠵᠢᠯᠲᠠ᠂ ᠬᠡᠪᠴᠢᠶᠡᠵᠢᠯ ᠢ ᠠᠬᠢᠭᠤᠯᠵᠤ᠂ ᠨᠠᠩ ᠣᠯᠠᠨ ᠮᠠᠯᠴᠢᠨ ᠲᠠᠷᠢᠶᠠᠴᠢᠨ ᠵᠢᠴᠢ ᠶᠠᠳᠠᠭᠤ ᠬᠦᠴᠢᠷᠳᠡᠯᠲᠡᠶ | ᠣᠯᠠᠨᠲ᠋ᠦ᠋ᠮᠡᠨ ᠢ ᠨᠥᠯᠥᠭᠡᠯᠡᠨ ᠣᠯᠠᠨ ᠠᠷᠭ᠎ᠠ ᠵᠠᠮ ᠢᠶᠠᠷ ᠣᠷᠣᠯᠭ᠎ᠠ ᠶᠢ ᠨᠢ ᠨᠡᠮᠡᠭᠳᠡᠭᠦᠯᠦᠨ᠎ᠡ ; ᠡᠭᠦᠨ ᠤ ᠬᠠᠮᠲᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠠᠯ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠡᠯ᠎ᠡ | ᠵᠠᠩᠭᠢᠯᠠᠭ᠎ᠠ ᠳᠤ ᠰᠠᠭᠠᠳ ᠥᠬᠡᠶ ᠨᠡᠪᠲᠡᠷᠡᠬᠦ ᠵᠠᠮᠨᠡᠭᠡᠭᠡᠵᠦ᠂ ᠴᠢᠭ᠋ ᠲᠣᠭᠲᠠᠭᠠᠨ ᠪᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠠᠭᠤᠰᠤᠯᠴᠠᠬᠤ ᠶᠢ ᠠᠬᠢᠭᠤᠯᠤᠨ᠎ᠠ᠃ | ᠭᠤᠷᠪᠠ ᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠰᠠᠨᠠᠭᠠᠰᠢᠷᠠᠯ ᠢᠰᠢᠶᠳᠪᠦᠷᠢᠯᠡᠨᠡ᠃ ᠥᠪᠥᠷ | ᠮᠣᠩᠭᠤᠯ ᠣᠷᠣᠨ ᠤ ᠮᠠᠯᠴᠢᠳ ᠲᠠᠷᠢᠶᠠᠴᠢᠳ ᠤᠨ ᠨᠡᠶᠢᠭᠡᠮ ᠤᠨ ᠪᠠᠲᠤᠯᠠᠭ᠎ᠠ ᠬᠡᠳᠦ᠋ᠢᠪᠡᠷ ᠪᠥᠬᠦᠨ ᠢ ᠬᠠᠮᠤᠷᠤᠭᠰᠠᠨ ᠪᠣᠯᠪᠠᠴᠤ ᠪᠠᠲᠤᠯᠠᠭ᠎ᠠ ᠶᠢᠨ ᠬᠢᠷᠢ ᠬᠡᠮᠵᠢᠶ᠎ᠡ | ᠳᠣᠣᠷ᠎ᠠ ᠪᠠᠶᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠨᠠᠰᠤᠵᠢᠯ᠂ ᠦᠷ᠎ᠡ | ᠬᠡᠦᠬᠡᠳ ᠤᠨ ᠰᠤᠷᠭᠠᠭᠤᠯᠢ ᠳ᠋ᠤ᠋ᠣᠷᠣᠬᠤ ᠵᠡᠷᠭᠡ ᠲᠠᠯ᠎ᠠ ᠪᠠᠷ ᠪᠠᠰᠠ ᠲᠡᠩᠴᠡᠭᠦᠷᠢ ᠥᠬᠡᠶ ᠠᠰᠠᠭᠤᠳᠠᠯ ᠣᠷᠣᠰᠢᠵᠤ ᠪᠠᠶᠢᠬᠤ ᠲᠤᠯᠠ᠂ ᠡᠯ᠎ᠡ ᠱᠠᠲᠤᠨ ᠤ | ᠡᠳ᠋ ᠦᠨᠵᠠᠰᠠᠭ ᠤᠨᠨᠡᠶᠢᠭᠡᠮ ᠤᠨ ᠪᠠᠲᠤᠯᠠᠭ᠎ᠠ ᠶᠢᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠮᠠᠯᠴᠢᠨᠲ᠋ᠠᠷᠢᠶᠠᠴᠢᠨ ᠲᠦᠮᠡᠨ ᠤ | ᠨᠠᠰᠤᠵᠢᠯ ᠤᠨ ᠰᠠᠭᠤᠷᠢ ᠮᠥᠩᠭᠦ ᠶᠢᠨ ᠳᠦᠷᠢᠮ ᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠤᠨᠠᠰᠤᠵᠢᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠨᠠᠰᠤᠵᠢᠯ ᠤᠨᠲ᠋ᠠᠭᠠᠳᠬᠠᠯ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠬᠦᠨᠳᠦ ᠡᠪᠡᠳᠴᠢᠲᠡᠨ ᠢ | ᠠᠪᠤᠷᠠᠨᠲ᠋ᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠤᠳᠠᠭᠠᠨ ᠴᠢᠨᠠᠷᠲᠠᠶ ᠡᠪᠡᠳᠴᠢᠨ ᠪᠠ ᠵᠠᠷᠤᠳᠠᠯ ᠶᠡᠬᠡᠲᠡᠢ ᠬᠦᠨᠳᠦ ᠶᠡᠭᠡᠡᠪᠡᠳᠴᠢᠨ ᠡᠮᠭᠡᠭ ᠢ ᠡᠮᠨᠡᠭᠰᠡᠨ | ᠵᠠᠷᠤᠳᠠᠯ ᠢ ᠲᠠᠰᠤᠯᠤᠨ ᠪᠣᠳᠣᠬᠤ ᠳᠠᠩᠰᠠ ᠴᠠᠶᠢᠷᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ᠮᠠᠯᠴᠢᠨ ᠲᠠᠷᠢᠶᠠᠴᠢᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ | ᠲᠠᠢ ᠠᠳᠠᠯᠢ ᠴᠢᠨᠠᠷ ᠪᠦᠬᠦᠢ ᠰᠤᠷᠭᠠᠨ ᠬᠥᠮᠦᠵᠢᠯ ᠤᠨ ᠡᠬᠢ ᠪᠠᠶᠠᠯᠢᠭ᠂ ᠨᠢᠭᠡ ᠴᠣᠭᠴᠠᠵᠢᠭᠰᠠᠨ ᠡᠷᠡᠭᠦᠯ ᠬᠠᠮᠠᠭᠠᠯᠠᠯ ᠤᠨ ᠦᠶᠯᠡᠴᠢᠯᠡᠭᠡ᠂ ᠡᠷᠬᠡ ᠲᠡᠭᠰᠢ | ᠪᠠᠲᠤᠯᠠᠭ᠎ᠠ ᠶᠢᠨ ᠪᠣᠯᠵᠣᠯᠲᠤ ᠲᠤᠭᠠᠤᠯᠭᠤᠪᠠᠯ ᠵᠤᠬᠢᠨ᠎ᠠ᠃ | ᠳᠥᠷᠪᠡ ᠳᠤ ᠮᠠᠯᠴᠢᠨᠲ᠋ᠠᠷᠢᠶᠠᠴᠢᠨ ᠤ ᠠᠵᠢᠯ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠤᠯ ᠤᠨ ᠪᠠᠶᠢᠭᠰᠠᠨ ᠪᠣᠯᠪᠠᠰᠤᠷᠠᠭᠤᠯᠤᠯ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢ ᠳᠡᠭᠡᠭᠰᠢᠯᠡᠭᠦᠯᠦᠭᠰᠡᠨᠰᠠᠭᠤᠷᠢᠨ ᠳᠡᠭᠡᠷ᠎ᠡ᠂ ᠮᠠᠯᠴᠢᠨ ᠲᠠᠷᠢᠶᠠᠴᠢᠨ ᠤ | ᠪᠣᠯᠪᠠᠰᠤᠷᠠᠭᠤᠯᠤᠯ ᠳᠤ ᠣᠷᠣᠯᠴᠠᠬᠤ ᠨᠥᠬᠦᠪᠥᠷᠢ ᠵᠢᠨᠪᠠᠷᠢᠮᠵᠢᠶᠠ ᠶᠢ ᠶᠡᠬᠡᠪᠡᠷ ᠳᠡᠭᠡᠭᠰᠢᠯᠡᠭᠦᠯᠵᠦ᠂ ᠮᠠᠯᠴᠢᠨᠲ᠋ᠠᠷᠢᠶᠠᠴᠢᠨ ᠢ ᠪᠣᠯᠪᠠᠰᠤᠷᠠᠭᠤᠯᠤᠯ ᠳᠤ ᠣᠷᠣᠯᠴᠠᠭᠤᠯᠬᠤ | ᠬᠡᠷᠡᠭᠲᠡᠶ︔ᠡᠭᠦᠨ ᠤ ᠬᠠᠮᠲᠤ᠂ ᠡᠯ᠎ᠡ ᠵᠦᠶᠯ ᠤᠨᠡᠬᠢ ᠪᠠᠶᠠᠯᠢᠭ ᠢ ᠲᠥᠪᠯᠡᠷᠡᠭᠦᠯᠦᠨᠠᠰᠢᠭᠯᠠᠵᠤ᠂ ᠶᠠᠳᠠᠭᠤ ᠬᠦᠴᠢᠷᠳᠡᠯᠲᠡᠶ ᠭᠠᠴᠠᠭᠠᠲ᠋ᠣᠰᠬᠤᠨ ᠤ ᠬᠤᠶᠠᠷ | ᠵᠥᠪᠯᠡᠯ ᠤᠨ ᠬᠠᠷᠢᠭᠤᠴᠠᠯᠭᠠᠲᠠᠨ᠂ ᠠᠯᠴᠢᠨ ᠲᠠᠷᠢᠶᠠᠴᠢᠨ ᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨᠲ᠋ᠠᠷᠤᠭ᠎ᠠ᠂ ᠲᠠᠷᠢᠵᠤ ᠲᠡᠵᠢᠭᠡᠬᠦ ᠲᠣᠮᠣ ᠡᠷᠦᠬᠡ᠂ | ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠬᠤ ᠮᠠᠯᠴᠢᠨ ᠲᠠᠷᠢᠶᠠᠴᠢᠨᠵᠡᠷᠭᠡ ᠶᠠᠳᠠᠭᠤ ᠠᠴᠠ ᠠᠩᠭᠢᠵᠢᠷᠠᠭᠤᠯᠬᠤ ᠳᠠᠭᠠᠭᠤᠯᠤᠭᠴᠢ ᠶᠢᠨ ᠪᠣᠯᠪᠠᠰᠤᠷᠠᠭᠤᠯᠤᠯ ᠢ | ᠴᠢᠩᠭᠠᠷᠠᠭᠤᠯᠵᠦ᠂ ᠲᠡᠳᠡᠨ ᠤ ᠮᠠᠯ ᠲᠠᠷᠢᠶᠠᠯᠠᠩᠢ ᠬᠡᠪᠴᠢᠶᠡᠵᠢᠭᠦᠯᠦᠨ ᠬᠥᠭᠵᠢᠭᠦᠯᠬᠦ᠂ ᠠᠳᠠᠯ ᠦᠶᠯᠡᠰ ᠴᠣᠭᠴᠠᠯᠠᠨ ᠠᠵᠢᠯ ᠦᠶᠯᠡᠰ ᠢ ᠬᠥᠭᠵᠢᠭᠦᠯᠬᠦ᠂ ᠲᠦᠷᠦᠭᠦᠯᠡᠨ | ᠪᠠᠶᠠᠵᠢᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠨᠴᠠᠯᠢᠭᠲᠤ ᠠᠵᠤ ᠦᠢᠯᠡᠰ ᠤᠨᠬᠥ᠋ᠭᠵᠢᠯᠲᠡ ᠳᠤ | ᠣᠷᠣᠯᠴᠠᠭᠤᠯᠵᠤ᠂ ᠲᠦᠷᠭᠡᠬᠡᠨ ᠪᠠᠶᠠᠵᠢᠬᠤ ᠵᠠᠮ ᠢᠶᠠᠷ ᠵᠠᠮᠨᠠᠭᠤᠯᠤᠨ᠎ᠠ᠃ | |