ᠪᠠᠶᠢᠴᠠᠭᠠᠨ ᠰᠤᠳᠤᠯᠤᠯᠳᠡ ᠶᠢᠨ ᠵᠦᠢᠯᠡᠰ ᠤᠨ ᠠᠬᠤᠢ ᠲᠠᠯᠠᠪᠠᠢ ᠳᠤ ᠶᠠᠭᠠᠷᠠᠯᠳᠠᠢ ᠠᠵᠢᠯᠯᠠᠬᠤ ᠪᠠ | ᠠᠯᠪᠠᠨᠰᠢᠷᠡᠭᠡᠨ ᠳᠠᠬᠢ ᠤᠪᠤᠭᠠᠯᠠᠰᠤᠳᠠᠢ ᠡᠯ᠎ᠠ ᠵᠦᠢᠯ ᠤᠨ ᠪᠢᠴᠢᠭ ᠮᠠᠲ᠋ᠧᠷᠢᠶᠠᠯ ᠢ ᠲᠤᠯᠤᠭᠠᠢ ᠦᠨᠳᠡᠶᠢᠯ ᠦᠭᠡᠢ | ᠰᠢᠢᠳᠪᠤᠷᠢᠯᠡᠬᠦ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠥᠭᠵᠢᠬᠦᠯᠤᠯᠳᠡ ᠪᠠ ᠦᠭᠡᠷᠡᠴᠢᠯᠠᠯᠳᠠ | ᠶᠢᠨ ᠵᠦᠪᠯᠡᠯ ᠤᠨ ᠡᠷᠬᠢᠯᠡᠭᠴᠢ ᠬᠥᠩᠮᠢᠩ ᠵᠤ᠋ ᠶᠢᠨ ᠡᠩ ᠤᠨ ᠦᠶ᠎ᠠ ᠶᠢᠨ ᠠᠵᠢᠯ ᠤᠨ ᠪᠠᠶᠢᠳᠠᠯ ᠪᠤᠯᠤᠨ᠎ᠠ᠃ | | | | | ︽ᠡᠨᠡ ᠵᠢᠯ ᠤᠨ ᠭᠤᠤᠯ ᠠᠵᠢᠯ ᠤᠨ ᠨᠢᠭᠡ ᠪᠤᠯ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠬᠤ ᠲᠦᠷᠢᠮ | ᠤᠨᠲ᠋ᠤᠬᠢᠷᠠᠭᠤᠯᠤᠯᠳᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ᠂ ᠦᠪᠡᠷᠳᠡᠭᠡᠨ ᠵᠠᠰᠠᠬᠤ | ᠤᠷᠤᠨ ᠤ ᠴᠢᠨᠠᠷ ᠰᠠᠶᠢᠳᠠᠢ ᠬᠥᠭᠵᠢᠯᠳᠡ ᠶᠢᠨ ᠬᠥᠢᠴᠡᠳᠭᠡᠯ ᠲᠤᠭ᠎ᠠ ᠶᠢᠨ ᠰᠢᠰᠲ᠋ᠧᠮ᠂ ᠲᠦᠷᠤ ᠶᠢᠨ ᠪᠤᠳᠤᠯᠭ᠎ᠠ ᠶᠢᠨ | ᠰᠢᠰᠲ᠋ᠧᠮ᠂ ᠲᠤᠭ᠎ᠠ ᠪᠦᠷᠢᠳᠭᠡᠯ ᠤᠨ ᠰᠢᠰᠲ᠋ᠧᠮ᠂ ᠪᠠᠷᠢᠮᠵᠢᠶ᠎ᠠ ᠶᠢᠨ ᠰᠢᠰᠲ᠋ᠧᠮ ᠵᠡᠷᠭᠡ ᠶᠢ ᠪᠠᠶᠢᠭᠤᠯᠬᠤ ᠶᠢᠨ ᠬᠠᠮᠳᠤ | ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠲᠤᠬᠠᠢ ᠬᠡᠷᠡᠭᠵᠢᠬᠦᠯᠬᠦ ᠰᠠᠨᠠᠯ ᠢ ᠰᠤᠳᠤᠯᠤᠨ | ᠨᠠᠶᠢᠷᠠᠭᠤᠯᠵᠤ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠴᠢᠨᠠᠷ ᠰᠠᠶᠢᠳᠠᠢ ᠬᠥᠭᠵᠢᠯᠳᠡ ᠶᠢ | ᠠᠬᠢᠭᠤᠯᠬᠤ ᠲᠦᠷᠤ ᠶᠢᠨ ᠪᠤᠳᠤᠯᠭ᠎ᠠ ᠶᠢᠨ ᠨᠡᠶᠢᠯᠡᠯ ᠬᠥᠴᠤᠨᠢ ᠪᠤᠢ ᠪᠤᠯᠭᠠᠨ᠎ᠠ᠃ ᠮᠢᠨᠤ ᠠᠳᠡ ᠪᠠᠶᠢᠭ᠎ᠠ ᠠᠷᠪᠠᠨ | ᠬᠡᠳᠤᠨ ᠬᠤᠪᠢ ᠮᠡᠳᠡᠬᠦᠯᠤᠯᠳᠡ ᠨᠢ ᠴᠦᠮ ᠡᠨᠡ ᠠᠵᠢᠯ ᠲᠠᠢ ᠬᠤᠯᠪᠤᠭᠠᠲ᠋ᠠᠢ ᠶᠤᠮ︾ ᠭᠡᠵᠤ ᠬᠥᠩ ᠮᠢᠩ | ᠮᠠᠲ᠋ᠧᠷᠢᠶᠠᠯ ᠢᠶᠠᠨ ᠲᠢᠭᠯᠡᠬᠦ ᠶᠢᠨ ᠲᠠᠭᠠᠤ ᠭᠡᠯᠡᠨ᠎ᠡ᠃ | ᠬᠥᠩ ᠮᠢᠩ ᠵᠤ᠋ ᠨᠢᠳᠤᠨᠤᠨ ᠤ ᠪᠦᠬᠦ ᠤᠯᠤᠰ ᠤᠨ ᠬᠤᠶᠠᠷ ᠬᠤᠷᠠᠯ ᠳᠤ ᠤᠷᠤᠯᠴᠠᠭᠰᠠᠨ ᠦᠶ᠎ᠠ ᠶᠢᠨ | ᠪᠠᠶᠢᠳᠠᠯ ᠵᠢᠡᠨᠮᠦ᠋ᠨ ᠲᠤᠪ ᠲᠤᠳᠤᠷᠬᠠᠢ ᠴᠡᠭᠡᠵᠢᠯᠡᠵᠤ ᠪᠠᠶᠢᠨ᠎ᠠ᠄ ︽ᠨᠢᠳᠤᠨᠤᠨ ᠤ ᠡᠨᠡ ᠦᠶ᠎ᠠ ᠳᠤ ᠪᠢ ᠤᠷᠳᠤᠰ | ᠬᠤᠳᠠ ᠶᠢᠨ ᠲᠠᠷᠤᠭ᠎ᠠ ᠵᠢᠨᠲ᠋ᠤᠰᠢᠶᠠᠯ ᠢ ᠬᠠᠷᠢᠭᠤᠴᠠᠵᠤ ᠪᠠᠶᠢᠪᠠ᠃ ᠦᠢᠷ᠎ᠠ ᠶᠢᠨ ᠬᠡᠳᠤᠨ ᠵᠢᠯ ᠳᠤ ᠤᠷᠳᠤᠰ ᠬᠤᠳᠠ | ᠡᠬᠢ ᠪᠠᠶᠠᠯᠢᠭ ᠪᠠ ᠡᠯᠧᠮᠧᠨ᠋ᠲ ᠤᠨᠦᠪᠡᠷ ᠤᠨ ᠦᠷᠳᠡᠭ ᠲᠤᠤᠷ᠎ᠠ ᠵᠡᠷᠭᠡ ᠲᠠᠪᠠᠭᠤᠯᠢᠭ ᠲᠠᠭᠠᠨ ᠲᠦᠰᠢᠭᠯᠡᠨ ᠰᠢᠨ᠎ᠠ | ᠪᠠᠷ ᠮᠠᠨᠳᠤᠭᠰᠠᠨ ᠬᠥᠭᠵᠢᠯᠳᠡ ᠶᠢᠨ ᠢᠷᠡᠭᠡᠳᠤᠢ ᠲᠠᠢ ᠠᠵᠦ ᠦᠢᠯᠡᠰ ᠢ ᠶᠡᠭᠡ ᠪᠠᠷ ᠬᠦᠭᠵᠢᠬᠦᠯᠵᠤ᠂ ᠠᠵᠤ ᠦᠢᠯᠡᠰ | ᠤᠨ ᠤᠯᠠᠨ ᠡᠰᠢᠵᠢᠭᠰᠡᠨ ᠬᠥᠭᠵᠢᠯᠳᠡ ᠶᠢ ᠪᠡᠶᠡᠯᠡᠬᠦᠯᠵᠠᠢ ᠭᠡᠵᠤ ᠶᠡᠷᠤᠩᠭᠡᠢ ᠱᠦᠵᠢ ᠳᠤ ᠬᠡᠯᠡᠵᠤ ᠦᠭᠬᠦᠭᠰᠡᠨ ᠶᠤᠮ︾ | ᠲᠤᠬᠠᠢ ᠶᠢᠨ ᠦᠶ᠎ᠠ ᠳᠤ᠂ ᠶᠡᠷᠤᠩᠭᠡᠢ ᠱᠦᠵᠢ ᠰᠢ ᠶᠢᠨ ᠫᠢᠩᠦᠪᠤᠷ ᠮᠤᠩᠭᠤᠯ ᠤᠨ ᠲᠦᠯᠤᠭᠡᠯᠡᠭᠴᠢᠳ ᠤᠨ ᠪᠦᠯᠬᠦᠮ | ᠤᠨ ᠬᠢᠨᠠᠨ ᠶᠠᠷᠢᠯᠴᠠᠬᠤ ᠳᠤ ᠤᠷᠤᠯᠴᠠᠬᠤ ᠳᠠᠭᠠᠨ᠂ ᠠᠵᠤ ᠠᠬᠤᠢ ᠵᠢᠨᠴᠢᠨᠠᠷ ᠰᠠᠶᠢᠳᠠᠢ ᠬᠥᠭᠵᠢᠯᠳᠡ ᠶᠢ ᠠᠬᠢᠭᠤᠯᠬᠤ | ᠳᠤ ᠭᠤᠤᠯᠳᠠᠯᠭ᠎ᠠ ᠪᠠᠨ ᠠᠵᠤ ᠦᠢᠯᠡᠰ ᠤᠨ ᠪᠦᠳᠤᠴᠠ ᠶᠢᠨ ᠬᠡᠯᠪᠡᠷᠢ ᠪᠠᠨᠬᠤᠪᠢᠷᠠᠭᠤᠯᠤᠨ ᠲᠡᠰ ᠲᠡᠪᠰᠢᠬᠦ ᠶᠢ | ᠠᠬᠢᠭᠤᠯᠬᠤ ᠠᠵᠢᠯ ᠲᠡᠭᠡᠷ᠎ᠡ ᠲᠠᠯᠪᠢᠵᠤ᠂ ᠪᠤᠳᠠᠳᠤ ᠴᠤᠭᠴᠠ ᠶᠢᠨ ᠠᠵᠤ ᠠᠬᠤᠢ ᠶᠢ ᠪᠤᠳᠠᠳᠠᠢ ᠬᠢᠵᠤ ᠪᠠᠶᠢᠭᠠᠳ | ᠬᠥᠴᠤᠷᠭᠡᠭᠵᠢᠬᠦᠯᠤᠨ ᠰᠢᠯᠢᠳᠡᠭᠵᠢᠬᠦᠯᠬᠦ ᠬᠡᠷᠡᠭᠳᠠᠢ ᠭᠡᠵᠤ ᠴᠢᠬᠤᠯᠠᠴᠢᠯᠠᠪᠠ᠃ ᠨᠢᠳᠤᠨᠤᠨ ᠤ 3 ᠰᠠᠷᠠᠵᠢᠨ ᠡᠴᠤᠰ | ᠢᠶᠠᠷ ᠬᠥᠩ ᠮᠢᠩ ᠵᠤ᠋ ᠦᠪᠡᠷᠳᠡᠭᠡᠨ ᠵᠠᠰᠠᠬᠤ ᠤᠷᠤᠨ ᠤ ᠬᠥᠭᠵᠢᠬᠦᠯᠤᠯᠳᠡ ᠪᠠ ᠦᠭᠡᠷᠡᠴᠢᠯᠠᠯᠳᠠ ᠶᠢᠨ ᠵᠦᠪᠯᠡᠯ | ᠤᠨᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠥᠩ | ᠮᠢᠩ ᠵᠤ᠋ ᠶᠢᠨ ᠠᠵᠢᠯ ᠤᠨ ᠭᠤᠤᠯᠳᠠᠯᠭ᠎ᠠ ᠪᠠ ᠢᠳᠡᠭᠡᠯ ᠵᠤᠷᠢᠭ ᠢ ᠤᠯᠠᠮ ᠨᠢᠭᠡ ᠠᠯᠬᠤᠮ ᠪᠠᠳᠤᠳᠬᠠᠭᠰᠠᠨ ᠪᠠᠶᠢᠨ᠎ᠠ᠃ | | ᠬᠥᠩ ᠮᠢᠩ ᠵᠤ᠋ ᠶᠢᠨ ᠦᠵᠡᠬᠦ ᠪᠠᠷ᠂ ᠬᠢᠯᠢ ᠬᠢᠵᠠᠭᠠᠷ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠳᠡ | ᠳᠤ ᠬᠥᠭᠵᠢᠬᠦᠯᠬᠦ ᠪᠠ ᠲᠤᠬᠳᠠᠭᠤᠨ ᠪᠠᠶᠢᠯᠭᠠᠬᠤ ᠶᠢᠨ ᠬᠠᠷᠢᠴᠠᠭ᠎ᠠ ᠶᠢ ᠰᠠᠶᠢᠳᠤᠷ ᠡᠵᠡᠮᠳᠡᠵᠤ᠂ ᠰᠢᠨ᠎ᠠ ᠬᠥᠭᠵᠢᠯᠳᠡ | ᠵᠢᠨᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠵᠤ ᠦᠢᠯᠡᠰ ᠤᠨ ᠪᠦᠳᠤᠴᠠ ᠶᠢ ᠰᠢᠯᠢᠳᠡᠭᠵᠢᠬᠦᠯᠬᠦ᠂ | ᠶᠠᠳᠠᠭᠤ ᠡᠴᠠᠠᠩᠬᠢᠵᠢᠷᠠᠭᠤᠯᠬᠤ ᠪᠡᠷᠭᠡ ᠰᠡᠳᠤᠪ ᠢ ᠰᠢᠢᠳᠪᠤᠷᠢᠯᠡᠬᠦ ᠲᠠᠶᠢᠨ ᠳᠤ ᠢᠯᠠᠯᠳᠠ ᠤᠯᠬᠤ᠂ ᠤᠳᠤ ᠦᠶ᠎ᠠ ᠶᠢᠨ | ᠲᠠᠷᠢᠶᠠᠯᠠᠩ ᠮᠠᠯ ᠠᠵᠤᠠᠬᠤᠢ ᠶᠢ ᠬᠥᠭᠵᠢᠬᠦᠯᠬᠦ᠂ ᠰᠠᠭᠤᠷᠢ ᠲᠦᠬᠦᠭᠡᠷᠤᠮᠵᠢ ᠶᠢᠨ ᠲᠤᠳᠠᠭᠤᠳᠠᠯ ᠢ ᠨᠦᠬᠦᠪᠤᠷᠢᠯᠡᠬᠦ᠂ | ᠤᠯᠠᠨ ᠨᠡᠶᠢᠳᠡ ᠵᠢᠨᠦᠨᠳᠤᠰᠤᠨᠦᠢᠯᠡᠴᠢᠯᠡᠭᠡ ᠶᠢᠨ ᠲᠦᠪᠰᠢᠨ ᠢ ᠲᠡᠭᠡᠭᠰᠢᠯᠡᠬᠦᠯᠬᠦ᠂ ᠬᠢᠯᠢ ᠲᠠᠭᠤ ᠤᠷᠤᠨ ᠤ | ᠨᠡᠭᠡᠭᠡᠯᠳᠡ ᠶᠢ ᠲᠦᠷᠭᠡᠳᠭᠡᠬᠦ ᠲᠠᠯ᠎ᠠ ᠪᠠᠷ ᠬᠥᠴᠤ ᠤᠷᠤᠭᠤᠯᠵᠤ᠂ ᠬᠢᠯᠢ ᠬᠢᠵᠠᠭᠠᠷ ᠤᠷᠤᠨ ᠤ ᠦᠨᠳᠤᠰᠤᠳᠡᠨ | ᠨᠦᠭᠦᠳ ᠤᠨ ᠠᠷᠠᠳ ᠤᠯᠠᠨ ᠤ ᠡᠶ᠎ᠡ ᠵᠤᠬᠢᠴᠠᠯ ᠲᠠᠢ ᠪᠠᠷ ᠬᠠᠮᠳᠤ ᠤᠷᠤᠰᠢᠬᠤ᠂ ᠰᠠᠶᠢᠨ ᠰᠠᠶᠢᠬᠠᠨ ᠠᠮᠢᠳᠤᠷᠠᠯ ᠢ | ᠬᠠᠮᠳᠤ ᠪᠠᠷ ᠡᠳ᠋ᠯᠡᠬᠦ ᠶᠢ ᠪᠡᠶᠡᠯᠡᠬᠦᠯᠬᠦ ᠬᠡᠷᠡᠭᠳᠠᠢ ᠪᠠᠶᠢᠨ᠎ᠠ᠃ ︽ᠲᠤᠬᠳᠠᠭᠤᠨᠪᠠᠶᠢᠯᠭᠠᠬᠤ ᠪᠠ ᠬᠥᠭᠵᠢᠬᠦᠯᠬᠦ ᠨᠢ | ᠨᠦᠬᠦᠴᠡᠯᠳᠤᠨ ᠤᠷᠤᠰᠢᠵᠤ ᠪᠠᠶᠢᠳᠠᠭ᠃ ᠲᠤᠬᠳᠠᠭᠤᠨ ᠪᠠᠶᠢᠯᠭᠠᠬᠤ ᠪᠤᠯ ᠦᠭᠡᠷᠡᠴᠢᠯᠠᠯᠳᠠᠬᠥ᠋ᠭᠵᠢᠬᠦᠯᠤᠯᠳᠡ ᠶᠢᠨ | ᠤᠷᠢᠳᠠᠯ ᠮᠦᠨ᠂ ᠡᠭᠡ ᠤᠷᠤᠨ ᠤ ᠤᠮᠠᠷᠠᠳᠤ ᠬᠢᠯᠢ ᠶᠢᠨ ᠠᠮᠤᠷ ᠲᠦᠪᠰᠢᠨ ᠲᠤᠬᠳᠠᠭᠤᠨ ᠬᠠᠯᠬᠠᠪᠴᠢ ᠪᠤᠯᠤᠭᠰᠠᠨ ᠤ | ᠬᠤᠪᠢ ᠳᠤ᠂ ᠬᠢᠯᠢ ᠬᠢᠵᠠᠭᠠᠷ ᠤᠨ ᠲᠤᠭᠳᠠᠭᠤᠨ ᠪᠠᠶᠢᠳᠠᠯ ᠨᠢ ᠤᠯᠤᠰ ᠤᠨ ᠠᠮᠤᠷ ᠲᠦᠪᠰᠢᠨ ᠤ ᠶᠡᠭᠡ ᠲᠠᠯ᠎ᠠ ᠳᠤ | ᠬᠤᠯᠪᠤᠬᠳᠠᠵᠤ᠂ ᠠᠵᠤ ᠠᠬᠤᠢ ᠨᠡᠶᠢᠭᠡᠮ ᠤᠨ ᠲᠠᠪᠰᠢᠯᠳᠠ ᠳᠤ ᠬᠤᠯᠪᠤᠬᠳᠠᠵᠤ ᠪᠠᠶᠢᠨ᠎ᠠ᠃ ᠠᠵᠤ ᠠᠬᠤᠢ ᠬᠥᠭᠵᠢᠪᠠᠯ | ᠰᠠᠶ᠋ᠢ ᠬᠢᠯᠢ ᠬᠢᠵᠠᠭᠠᠷ ᠢ ᠲᠤᠬᠳᠠᠪᠤᠷᠢᠵᠢᠭᠤᠯᠬᠤ ᠳᠤ ᠨᠦᠬᠦᠴᠡᠯ ᠪᠠ ᠪᠠᠳᠤᠯᠠᠭ᠎ᠠ ᠬᠠᠩᠭᠠᠵᠤ ᠴᠢᠳᠠᠨ᠎ᠠ︾ ᠭᠡᠵᠤ | ᠬᠥᠩ ᠮᠢᠩ ᠵᠤ᠋ ᠬᠡᠯᠡᠵᠠᠢ᠃ | |