2019ᠣᠨ ᠤ ᠪᠦᠬᠦ ᠤᠷᠤᠨ ᠤ ︽ᠬᠠᠷᠠᠭ᠎ᠠ ᠰᠡᠷᠭᠦᠭᠡᠬᠦ ᠠᠶᠠᠯᠠᠯ︾ ᠤᠨ ᠠᠵᠢᠯᠯᠠᠭ᠎ᠠ ᠪᠠᠶᠠᠨᠨᠠᠭᠤᠷ ᠬᠤᠲᠠ ᠳᠤ ᠶᠠᠪᠤᠭᠳᠠᠭᠰᠠᠨ ᠵᠢᠴᠢ ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ  ᠮᠤᠩᠭᠤᠯ ᠤᠯᠤᠰ ᠲᠠᠬᠢ ᠠᠵᠢᠯᠯᠠᠭ᠎ᠠ ᠶᠢ ᠠᠬᠢᠭᠤᠯᠬᠤ ᠬᠤᠷᠠᠯ ᠶᠠᠪᠤᠬᠳᠠᠪᠠ
ᠨᠡᠶᠢᠲᠡᠯᠡᠭᠰᠡᠨ ᠴᠠᠭ᠄
2019/4/23
       4 ᠳ᠋ᠦ᠋ᠭᠡᠷ ᠰᠠᠷ᠎ᠠ ᠶᠢᠨ 20 ᠤ ᠡᠳᠦᠷ᠂ 2019 ᠣᠨ ᠤ ᠪᠦᠬᠦ ᠤᠷᠤᠨ ᠤ ︽ᠬᠠᠷᠠᠭ᠎ᠠ ᠰᠡᠷᠭᠦᠭᠡᠬᠦ ᠠᠶᠠᠯᠠᠯ︾ ᠤᠨ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠠᠶᠠᠨᠨᠠᠭᠤᠷ ᠬᠤᠳᠠ ᠳᠤ ᠶᠠᠪᠤᠬᠳᠠᠬᠰᠠᠨ ᠵᠢᠴᠢ ︽ᠨᠢᠬᠡ ᠪᠦᠰᠡ ᠨᠢᠬᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ ᠠᠬᠢᠭᠤᠯᠬᠤ ᠬᠤᠷᠠᠯ ᠤᠷᠠᠳ ᠤᠨ ᠳᠤᠮᠳᠠᠳᠤ ᠬᠤᠰᠢᠭᠤᠨ ᠳᠤ ᠶᠠᠪᠤᠬᠳᠠᠪᠠ᠃         ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠤᠳᠤ ᠳᠠᠷᠤᠭ᠎ᠠ ᠪᠦ᠋ ᠰᠢᠶᠤᠤ ᠯᠢᠨ ︽ᠨᠢᠬᠡ ᠪᠦᠰᠡ ᠨᠢᠬᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭᠠᠨ ᠤ ᠡᠮ ᠡᠮᠨᠡᠯᠬᠡ ᠶᠢᠨ ᠠᠩᠬᠢ ᠪᠤᠯᠤᠨ 2019 ᠣᠨ ᠤ ᠪᠦᠬᠦ ᠤᠷᠤᠨ ᠤ ︽ᠬᠠᠷᠠᠭ᠎ᠠ ᠰᠡᠷᠭᠦᠭᠡᠬᠦ ᠠᠶᠠᠯᠠᠯ︾ ᠤᠨ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭᠠᠨ ᠤ ᠡᠮ ᠡᠮᠨᠡᠯᠬᠡ ᠶᠢᠨ ᠠᠩᠬᠢ ᠳᠤ ᠳᠤᠬ ᠤᠯᠭᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠸᠠᠩ ᠯᠢ ᠰᠢᠶᠠ ᠶᠠᠷᠢᠶ᠎ᠠ ᠳᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠠᠷᠤᠭ᠎ᠠ ᠡᠸᠤ ᠶᠠᠩ ᠰᠢᠶᠤᠤ ᠬᠤᠢ ᠬᠤᠷᠠᠯ ᠢ ᠡᠷᠬᠢᠯᠡᠪᠡ᠃ ᠮᠤᠩᠭᠤᠯ ᠤᠯᠤᠰ ᠤᠨ ᠡᠮᠤᠨᠡᠳᠤ ᠭᠤᠪᠢ ᠠᠶᠢᠮᠠᠭ ᠤᠨ ᠵᠠᠰᠠᠭ ᠤᠨ ᠤᠷᠳᠤᠨ ᠤ ᠲᠦᠯᠦᠭᠡᠯᠡᠭᠴᠢ ᠬᠤᠷᠠᠯ ᠳᠤ ᠤᠷᠤᠯᠴᠠᠵᠠᠢ᠃        ᠸᠠᠩ ᠯᠢ ᠰᠢᠶᠠ ᠬᠡᠯᠡᠭᠰᠡᠨ ᠨᠢ᠂ ᠡᠨᠡ ᠵᠢᠯ ᠪᠤᠯ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 70 ᠵᠢᠯ ᠤᠨ ᠤᠢ ᠪᠤᠯᠤᠨ᠎ᠡ᠂ ᠮᠦᠨ ᠴᠦ ᠲᠤᠮᠳᠠᠳᠤ ᠮᠤᠩᠭᠤᠯ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠠᠨ 70 ᠵᠢᠯ ᠤᠨ ᠤᠢ ᠪᠤᠯᠤᠨ᠎ᠠ᠂ ᠡᠨᠡ ᠬᠦ ᠠᠵᠢᠯᠯᠠᠭ᠎ᠠ ᠶᠢ ᠡᠷᠬᠢᠯᠡᠬᠦ ᠶᠢᠨ ᠠᠴᠢ ᠬᠤᠯᠪᠤᠬᠳᠠᠯ ᠮᠠᠰᠢ ᠴᠢᠬᠤᠯᠠ ᠶᠤᠮ᠃ ᠡᠮᠴᠢ ᠰᠤᠪᠢᠯᠠᠬᠴᠢᠳ᠂ ᠤᠯᠠᠭᠠᠨ ᠵᠠᠭᠠᠯᠮᠠᠶᠢᠳᠠᠨ ᠤ ᠰᠠᠶᠢᠨ ᠲᠤᠷᠠᠴᠤᠤᠯ ᠪᠤᠯᠤᠨ ᠠᠵᠢᠯᠯᠠᠭ᠎ᠠ ᠳᠤ ᠤᠷᠤᠯᠴᠠᠬᠰᠡᠨ ᠠᠵᠢᠯᠳᠠᠳ ᠤᠯᠠᠮ ᠨᠢᠮᠪᠠᠢ ᠠᠵᠢᠯᠯᠠᠬᠤ᠂ ᠦᠢᠯᠡᠰ ᠢᠶᠠᠨ ᠲᠡᠭᠡᠳᠦᠯᠡᠵᠤ ᠬᠠᠷᠢᠭᠤᠴᠠᠯᠭ᠎ᠠ ᠡᠬᠦᠷᠭᠡᠯᠡᠬᠦ᠂ ᠬᠦᠴᠢᠷ ᠪᠡᠷᠬᠡ ᠶᠢ ᠲᠡᠰᠪᠤᠷᠢᠯᠡᠬᠦ ᠵᠤᠷᠢᠭ ᠰᠠᠨᠠᠭ᠎ᠠ ᠪᠤᠯᠤᠨ ᠰᠤᠷᠳᠠᠯ ᠵᠶ᠋ᠠᠨ‌ᠦᠷᠬᠦᠯᠵᠢᠯᠡᠨ ᠪᠠᠳᠠᠷᠠᠭᠤᠯᠵᠤ᠂ ᠨᠡᠩ ᠤᠯᠠᠨ ᠶᠠᠳᠠᠭᠤ ᠬᠦᠴᠢᠷᠳᠠᠯᠳᠠᠢ ᠡᠪᠡᠳᠴᠢᠳᠠᠨ ᠳᠤ ᠬᠠᠷᠠᠭ᠎ᠠ ᠤᠷᠤᠭᠤᠯᠬᠤ ᠶᠢ ᠬᠦᠰᠡᠵᠤ ᠪᠠᠶᠢᠨ᠎ᠡ︔ ᠨᠡᠩ ᠤᠯᠠᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠬᠠᠶᠢᠷ᠎ᠠ ᠬᠠᠯᠠᠮᠵᠢ ᠬᠦᠷᠭᠡᠭᠰᠡᠳ︽ᠬᠠᠷᠠᠭ᠎ᠠ ᠰᠡᠷᠭᠦᠭᠡᠬᠦ ᠠᠶᠠᠯᠠᠯ︾ ᠤᠨ ᠠᠵᠢᠯᠯᠠᠭ᠎ᠠ ᠳᠤ ᠤᠷᠤᠯᠴᠠᠵᠤ᠂ ᠬᠤᠶᠠᠷ ᠤᠯᠤᠰ ᠤᠨ ᠨᠦᠬᠦᠷᠯᠡᠯ ᠳᠤ ᠬᠦᠴᠦᠨ ᠨᠠᠮᠠᠷᠢᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠬᠦᠴᠦᠷᠭᠡᠭ ᠶᠡᠭᠡ ᠬᠠᠮᠳᠤᠷᠠᠯ ᠬᠦᠴᠦᠨ ᠢ ᠪᠦᠷᠢᠯᠳᠦᠬᠦᠯᠬᠦ ᠶᠢ ᠬᠦᠰᠡᠵᠤ ᠪᠠᠶᠢᠨ᠎ᠡ᠃ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠮᠳᠤ ᠶᠢᠨ ᠴᠢᠷᠮᠠᠶᠢᠯᠭ᠎ᠠ ᠲᠤᠤᠷ᠎ᠡ ︽ᠬᠠᠷᠠᠭ᠎ᠠ ᠰᠡᠷᠭᠦᠭᠡᠬᠦ ᠠᠶᠠᠯᠠᠯ︾ ᠯᠠᠪᠳᠠᠢ ᠦᠷᠭᠡᠨ ᠠᠭᠤᠳᠠᠮ ᠦᠪᠤᠷ ᠮᠤᠩᠭᠤᠯ ᠤᠨ ᠦᠨᠳᠦᠷᠯᠢᠭ ᠪᠤᠯᠤᠨ ︽ᠨᠢᠭᠡ ᠪᠦᠰᠡ ᠨᠢᠭᠡ ᠵᠠᠮ︾ ᠲᠠᠭᠠᠤ ᠤᠷᠤᠨ ᠳᠤ ᠪᠤᠯᠪᠠᠰᠤᠨ ᠤ ᠭᠡᠷᠠᠯ ᠭᠡᠭᠡ ᠶᠢ ᠰᠠᠴᠤᠷᠠᠭᠤᠯᠵᠤ᠂ ᠭᠡᠷᠡᠯ ᠭᠡᠭᠡ ᠶᠢᠨ ᠴᠡᠴᠡᠭ ᠢ ᠲᠡᠯᠭᠡᠷᠡᠬᠦᠯᠤᠨ᠂ ᠬᠦᠰᠡᠯ ᠡᠷᠡᠮᠡᠯᠵᠡᠯ ᠤᠨ ᠦᠷ᠎ᠡ ᠵᠢᠮᠢᠰ ᠢ ᠰᠠᠭᠤᠯᠭᠠᠬᠤ ᠶᠤᠮ ᠬᠡᠵᠠᠢ᠃        ᠬᠤᠷᠠᠯ ᠤᠨ ᠳᠠᠷᠠᠭ᠎ᠠ᠂ ᠪᠦ᠋ ᠰᠢᠶᠤᠤ ᠯᠢᠨ ᠨᠠᠷ ᠡᠪᠡᠳᠴᠢᠲᠡᠨ ᠤ ᠦᠷᠦᠭᠡ ᠳᠤ ᠬᠦᠷᠴᠤ ᠳᠤᠮᠳᠠᠳᠤ ᠮᠤᠩᠭᠤᠯ ᠬᠤᠶᠠᠷ ᠤᠯᠤᠰ ᠤᠨ ᠴᠠᠭᠠᠨ ᠬᠠᠷᠠᠩ ᠡᠪᠡᠳᠴᠢᠲᠡᠳ ᠢ ᠡᠷᠭᠢᠨ ᠦᠵᠡᠪᠡ᠃        ᠤᠢᠢᠯᠠᠭᠠᠬᠰᠠᠨ ᠢᠶᠠᠷ᠂ ᠮᠠᠨ ᠤ ᠤᠷᠤᠨ ︽ᠬᠠᠷᠠᠭ᠎ᠠ ᠰᠡᠷᠭᠦᠭᠡᠬᠦ ᠠᠶᠠᠯᠠᠯ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠶᠠᠪᠤᠭᠳᠠᠭᠤᠯᠤᠭᠰᠠᠨ 4 ᠵᠢᠯ ᠤᠨ ᠲᠤᠷᠰᠢ᠂ ᠨᠢᠭᠡᠨᠲᠡ ᠶᠠᠳᠠᠭᠤ ᠬᠦᠴᠢᠷᠳᠡᠯᠲᠡᠢ ᠭᠡᠷ ᠪᠦᠯᠢ ᠶᠢᠨ 20959 ᠴᠠᠭᠠᠨ ᠬᠠᠷᠠᠩ ᠡᠪᠡᠳᠴᠢᠲᠡᠨ ᠳᠤ ᠰᠦᠢᠳᠭᠡᠯ ᠦᠭᠡᠢ ᠪᠠᠷ ᠬᠠᠷᠠᠭ᠎ᠠ‌‍ᠰᠡᠷᠭᠦᠭᠡᠬᠦ ᠮᠡᠰᠡ ᠵᠠᠰᠠᠯ ᠬᠢᠵᠦ᠂ ᠴᠠᠭᠠᠨ ᠬᠠᠷᠠᠩ ᠡᠪᠡᠳᠴᠢᠲᠡᠳ ᠤᠨ ︽ᠶᠠᠳᠠᠭᠤ ᠠᠴᠠ ᠪᠤᠯᠵᠤ ᠬᠠᠷᠠᠭ᠎ᠠ ᠠᠯᠳᠠᠬᠤ᠂ ᠬᠠᠷᠠᠭ᠎ᠠ‌ᠠᠯᠳᠠᠬᠰᠠᠨ ᠠᠴᠠ ᠪᠤᠯᠵᠤ ᠳᠠᠬᠢᠨ ᠶᠠᠳᠠᠭᠤᠷᠠᠬᠤ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠨᠢᠭᠡ ᠬᠦᠮᠦᠨ ᠳᠤ ᠬᠠᠷᠠᠭ᠎ᠠ ᠤᠷᠤᠭᠤᠯᠵᠤ᠂ ᠨᠢᠭᠡ ᠡᠷᠦᠬᠡ ᠳᠤ ᠵᠢᠷᠭᠠᠯ ᠤᠯᠭᠤᠵᠤ᠂ ᠨᠢᠭᠡ ᠲᠠᠯ᠎ᠠ ᠶᠢ ᠪᠠᠶᠠᠷᠯᠠᠭᠤᠯᠬᠤ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠠᠯ︾ ‍ᠤᠨ‌ᠮᠤᠩᠭᠤᠯ ᠤᠯᠤᠰ ᠲᠠᠬᠢ ᠠᠵᠢᠯᠯᠠᠭ᠎ᠠ 2018 ᠣᠨ ᠤ 5 ᠳ᠋ᠤᠭᠠᠷ ᠰᠠᠷ᠎ᠠ ᠠᠴᠠ ᠡᠬᠢᠯᠡᠵᠦ᠂ ᠨᠢᠭᠡᠨᠲᠡ ᠮᠤᠩᠭᠤᠯ ᠤᠯᠤᠰ ᠤᠨ 90 ᠴᠠᠭᠠᠨ ᠬᠠᠷᠠᠩ ᠡᠪᠡᠳᠴᠢᠲᠡᠨ ᠳᠤ ᠰᠦᠢᠳᠭᠡᠯ ᠦᠭᠡᠢ ᠪᠠᠷ ᠬᠠᠷᠠᠭ᠎ᠠ ᠤᠷᠤᠭᠤᠯᠬᠤ ᠮᠡᠰᠡ ᠵᠠᠰᠠᠯ ᠬᠢᠵᠤ ᠦᠭᠴᠠᠢ᠃ ᠲᠤᠰ ᠤᠳᠠᠭ᠎ᠠ ᠶᠢᠨ ᠠᠵᠢᠯᠯᠠᠭ᠎ᠠ ᠳᠤ ᠮᠤᠩᠭᠤᠯ ᠤᠯᠤᠰ ᠤᠨ 26 ᠴᠠᠭᠠᠨ ᠬᠠᠷᠠᠩ ᠡᠪᠡᠳᠴᠢᠲᠡᠨ ᠳᠤ ᠮᠡᠰᠡ ᠵᠠᠰᠠᠯ ᠬᠢᠬᠦ ᠪᠤᠯᠤᠨ᠎ᠠ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ