ᠪᠠᠢ ᠨᠢ ᠵᠢᠩ ᠪᠠᠯᠭᠠᠰᠤ ᠭᠤᠷᠪᠠᠳᠤᠭᠠᠷ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/5/21
     5 ᠰᠠᠷ᠎ᠠ ᠶᠢᠨ19 ᠤ ᠡᠳᠦᠷ᠂ ᠪᠠᠢ ᠨᠢ ᠵᠢᠩ ᠪᠠᠯᠭᠠᠰᠤ ᠭᠤᠷᠪᠠᠳᠤᠭᠠᠷ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠵᠠᠢ᠃ ᠬᠤᠷᠠᠯᠳᠤᠭᠠᠨ ᠨᠢ ᠪᠠᠯᠭᠠᠰᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠤᠯᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠢ ᠬᠢᠨᠠᠨ ᠵᠦᠪᠯᠡᠬᠦ ᠶᠢᠨ ᠬᠠᠮᠳᠤ᠂ 2019 ᠤᠨ ᠤ ᠪᠤᠳᠠᠳᠤ ᠠᠵᠢᠯ ᠤᠨ ᠢᠨᠵᠧᠨᠧᠷᠢᠩ ᠤᠨ ᠳᠦᠰᠦᠯ ᠢ ᠪᠢᠯᠧᠲ ᠦᠭᠬᠦ ᠪᠠᠷ ᠳᠠᠮᠵᠢᠨ ᠬᠢᠨᠠᠨ‌‍ᠲ᠋ᠤᠭᠳᠠᠭᠠᠪᠠ᠃

   2019 ᠤᠨ ᠳᠤ᠂ ᠪᠠᠢ ᠨᠢ ᠵᠢᠩ ᠪᠠᠯᠭᠠᠰᠤ ᠨᠢ ᠳᠤᠤᠷᠠᠬᠢ ᠲᠠᠪᠤᠨ ᠲᠠᠯ᠎ᠠ ᠪᠠᠷ ᠦᠷᠭᠦᠯᠵᠢᠯᠡᠨ ᠬᠦᠴᠦᠯᠡᠵᠦ ᠪᠠᠶᠢᠨ᠎ᠠ᠃ ᠨᠢᠭᠡ ᠳᠤ᠂“ ᠭᠤᠷᠪᠠᠨ ᠶᠡᠭᠡ

ᠰᠢᠪᠳᠤᠯᠤᠯᠳᠠ ᠶᠢᠨ ᠳᠠᠶᠢᠯᠠᠯᠳᠤᠭᠠᠨ” ᠤ ᠢᠯᠡᠯᠳᠡ ᠶᠢ ᠡᠷᠬᠡᠪᠰᠢ ᠤᠯᠬᠤ ᠬᠡᠷᠡᠭᠳᠡᠢ︔ ᠬᠤᠶᠡᠷ ᠲᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ

ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠭᠤᠷᠪᠠ ᠳᠤ᠂ ᠦᠨᠳᠦᠰᠦᠨ ᠱᠠᠳᠤᠨ ᠤ ᠲᠤᠤᠷᠴᠢᠯᠠᠭᠰᠠᠨ ᠵᠠᠰᠠᠯᠳᠡ ᠶᠢᠨ ᠳᠦᠪᠰᠢᠨ ᠢ

ᠦᠷᠭᠦᠯᠵᠢᠯᠡᠨ ᠳᠦᠯᠬᠢᠨ ᠠᠬᠢᠭᠤᠯᠵᠦ ᠴᠢᠩᠭᠠᠳᠬᠠᠨ᠎ᠠ︔ ᠳᠦᠷᠪᠡ ᠳᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠳᠤᠯᠠᠨ ᠰᠠᠶᠢᠵᠢᠷᠠᠭᠤᠯᠤᠨ᠎ᠠ︔ ᠲᠠᠪᠤ ᠳᠤ᠂

ᠠᠷᠠᠳ ᠲᠦᠮᠡᠨ ᠳᠤ ᠬᠠᠨᠤᠮᠵᠢᠳᠤ ᠵᠠᠰᠠᠭ ᠤᠨ ᠤᠷᠳᠤᠨ ᠢ ᠬᠦᠴᠦᠯᠡᠨ ᠪᠦᠳᠦᠭᠡᠨ ᠪᠠᠶᠢᠭᠤᠯᠤᠨ᠎ᠠ᠃

_menksoft_page_break_tag_

_menksoft_page_break_tag_

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ