ᠤᠩᠭᠤᠨ ᠲᠠᠯ᠎ᠠ ᠠᠮᠢ ᠠᠬᠤᠢ ᠶᠢᠨ ᠡᠯᠡᠰᠦᠨ ᠪᠦᠷᠢᠳᠦ ᠶᠢᠨ ᠪᠠᠶᠢᠭᠠᠯᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠤᠷᠤᠨ ︵ᠤᠯᠤᠰ ᠤᠨ4A ᠳᠡᠰ ᠤᠨ ᠦᠵᠡᠮᠵᠢ  ᠶᠢᠨ ᠤᠷᠤᠨ︶
ᠨᠡᠶᠢᠲᠡᠯᠡᠭᠰᠡᠨ ᠴᠠᠭ᠄
2019/6/10
     ᠤᠩᠭᠤᠨ ᠲᠠᠯ᠎ᠠ ᠠᠮᠢ ᠠᠬᠤᠢ ᠶᠢᠨ ᠡᠯᠡᠰᠦᠨ ᠪᠦᠷᠢᠳᠦ ᠶᠢᠨ ᠪᠠᠶᠢᠭᠠᠯᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠤᠷᠤᠨ ᠨᠢ ᠳᠠᠯᠠᠳ ᠬᠤᠰᠢᠭᠤᠨ ᠤ ᠽᠠᠨᠳᠠᠨᠵᠤᠤ ᠰᠤᠮᠤᠨ ᠳᠤ ᠪᠠᠶᠢᠷᠢᠯᠠᠵᠦ᠂ ᠨᠡᠭᠡᠭᠡᠯᠳᠡ ᠬᠢᠭᠰᠡᠨ ᠲᠠᠯᠠᠪᠠᠢ ᠨᠢ 8 ᠲᠦᠮᠡᠨ ᠮᠤ᠋ ᠲᠤ ᠬᠦᠷᠴᠡᠢ᠃ ᠤᠩᠭᠤᠨ ᠲᠠᠯ᠎ᠠ ᠠᠮᠢ ᠠᠬᠤᠢ ᠶᠢᠨ ᠡᠯᠡᠰᠦᠨ ᠪᠦᠷᠢᠳᠦ ᠶᠢᠨ ᠪᠠᠶᠢᠭᠠᠯᠠᠢ  ᠶᠢᠨ ᠠᠮᠢ ᠠᠬᠤᠢ ᠶᠢᠨ ᠵᠢᠭᠤᠯᠴᠢᠯᠠᠯ ᠤᠨ ᠤᠷᠤᠨ ᠨᠢ ᠤᠩᠭᠤᠨ ᠤᠪᠤᠭᠠᠨ ᠤ ᠳᠠᠬᠢᠯᠭ᠎ᠠ ᠠᠴᠠ ᠡᠬᠢ ᠠᠪᠴᠦ᠂ ᠵᠢᠭᠤᠯᠴᠢᠯᠠᠯ ᠤᠨ ᠤᠷᠤᠨ ᠨᠢ ᠤᠪᠤᠭᠠᠨ ᠳᠠᠬᠢᠯᠭ᠎ᠠ ᠶᠢᠨ ᠤᠷᠤᠨ᠂ ᠡᠯᠡᠰᠦᠨ‌‍ᠴᠦ᠋ᠯ ᠤᠨ ᠤᠷᠭᠤᠮᠠᠯ ᠤᠨ ᠬᠦᠷᠢᠶᠡᠯᠡᠩ᠂ ᠬᠡᠬᠡᠷ᠎ᠡ ᠶᠢᠨ ᠠᠮᠢᠳᠠᠨ ᠤ ᠬᠦᠷᠢᠶᠡᠯᠡᠩ᠂ ᠠᠮᠢ ᠠᠬᠤᠢ ᠶᠢᠨ ᠡᠯᠡᠰᠦᠨ ᠴᠦᠯ ‍ᠤᠨ‌ᠦᠷᠭᠡᠳᠬᠡᠭᠰᠡᠨ ᠪᠤᠯᠪᠠᠰᠤᠷᠠᠯ  ᠤᠨ ᠰᠠᠭᠤᠷᠢᠨ ᠭᠠᠵᠠᠷ᠂ ᠡᠯᠡᠰᠦᠨ ᠴᠦᠯ ᠤᠨ ᠪᠠᠷᠳᠠᠭ᠎ᠠ ᠰᠢᠨᠵᠢᠯᠡᠬᠦ ᠰᠠᠭᠤᠷᠢᠨ ᠭᠠᠵᠠᠷ᠂ ᠡᠯᠡᠰᠦᠨ ᠴᠦᠯ ᠤᠨ ᠤᠰᠤᠨ ᠳᠡᠭᠡᠷᠡᠬᠢ ᠬᠦᠷᠢᠶᠠᠯᠠᠩ᠂  ᠡᠯᠡᠰᠦᠨ ᠴᠦᠯ ᠤᠨ ᠰᠡᠯᠡᠭᠦᠴᠡᠯ ᠤᠨ ᠳᠤᠰᠬᠤᠨ ᠵᠡᠷᠭᠡ ᠬᠡᠳᠦᠨ ᠶᠡᠭᠡ ᠴᠢᠳᠠᠪᠬᠢᠳᠦ ᠤᠷᠤᠨ ᠢᠶᠠᠷ ᠪᠦᠷᠢᠯᠳᠦᠵᠦ᠂ ᠠᠮᠢ ᠠᠬᠤᠢ ᠶᠢᠨ ᠬᠠᠮᠠᠭᠠᠯᠠᠯᠳᠡ ᠪᠤᠯᠤᠨ ᠦᠨᠳᠦᠰᠦᠳᠡᠨ ᠤ ᠵᠠᠩ ᠠᠷᠠᠨᠰᠢᠨ ᠤ ᠰᠤᠶᠤᠯ ᠤᠯᠠᠮᠵᠢᠯᠠᠯ ᠢ ᠤᠷᠭᠠᠨᠢᠭ ᠢᠶᠠᠷ ᠤᠶᠠᠯᠳᠤᠭᠤᠯᠵᠠᠢ᠃ ᠠᠳᠡ ᠡᠯᠡᠰᠦᠨ ᠴᠦᠯ ᠤᠨ ᠭᠠᠶᠢᠬᠠᠮᠰᠢᠭ ᠢ ᠰᠤᠨᠢᠷᠬᠠᠬᠤ ᠠᠴᠠ ᠭᠠᠳᠠᠨ᠎ᠠ ᠪᠠᠰᠠ ᠨᠤᠭᠤᠭᠠᠨ ᠪᠦᠷᠢᠳᠦ ᠶᠢᠨ ᠭᠤᠶᠢᠳᠠ ᠰᠠᠶᠢᠬᠠᠨ ᠦᠵᠡᠮᠵᠢ ᠶᠢ ᠰᠤᠨᠢᠷᠬᠠᠵᠦ  ᠪᠤᠯᠤᠨ᠎ᠠ᠃

         

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ