6 ᠰᠠᠷ᠎ᠠ ᠶᠢᠨ 3 ᠤ ᠡᠳᠦᠷ᠂ ᠬᠤᠰᠢᠭᠤᠨ ᠤ ᠮᠠᠯ ᠲᠠᠷᠢᠶᠠᠯᠠᠩ ᠤᠨ ᠳᠤᠪᠴᠢᠶ᠎ᠠ ᠨᠢ ᠮᠠᠯᠴᠢᠨ ᠲᠠᠷᠢᠶᠠᠴᠢᠨ | ᠢ ᠳᠠᠭᠠᠭᠤᠯᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠᠨ ᠬᠤᠪᠢᠷᠠᠭᠤᠯᠤᠨ᠂ ᠠᠵᠦ ᠦᠢᠯᠡᠰ ᠤᠨ ᠳᠤᠳᠤᠭᠠᠳᠤᠬᠢ | ᠠᠭᠤᠰᠤᠯᠴᠠᠯ ᠵᠢᠴᠢ ᠮᠠᠯᠵᠢᠬᠤ ᠠᠵᠦ ᠦᠢᠯᠡᠰ ᠤᠨ ᠳᠠᠰ ᠳᠠᠪᠰᠢᠭᠦᠯᠬᠦ ᠶᠢ ᠠᠬᠢᠭᠤᠯᠤᠨ᠂ ᠮᠠᠯᠴᠢᠨ ᠲᠠᠷᠢᠶᠠᠴᠢᠨ ᠤ | ᠳᠡᠵᠢᠭᠡᠨ ᠦᠷᠡᠵᠢᠭᠦᠯᠬᠦ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠳᠤᠰᠠᠳᠡ᠂ ᠵᠡᠭᠡᠰᠦᠳᠡᠢ | ᠪᠠᠯᠭᠠᠰᠤᠨ ᠳᠤ ᠮᠠᠯᠵᠢᠬᠤ ᠠᠵᠦ ᠦᠢᠯᠡᠰ ᠤᠨ ᠳᠦᠷᠦ ᠶᠢᠨ ᠪᠤᠳᠤᠯᠭ᠎ᠠ ᠵᠢᠴᠢ ᠦᠢᠯᠡᠳᠪᠦᠷᠢᠯᠡᠯ ᠤᠨ ᠬᠠᠮᠢᠶᠠᠷᠤᠯᠳᠠ | ᠶᠢᠨ ᠮᠡᠷᠭᠡᠵᠢᠯ ᠤᠨ ᠪᠤᠯᠪᠠᠰᠤᠷᠠᠯ ᠤᠨ ᠠᠩᠭᠢ ᠶᠢ ᠡᠷᠬᠢᠯᠡᠵᠡᠢ᠃ ᠪᠤᠯᠪᠠᠰᠤᠷᠠᠯ ᠳᠤ᠂ ᠬᠠᠮᠢᠶ᠎ᠠ ᠪᠦᠬᠦᠢ ᠮᠡᠷᠭᠡᠵᠢᠯᠳᠡᠨ | 91 ᠡᠷᠦᠬᠡ ᠮᠠᠯᠵᠢᠬᠤ ᠡᠷᠦᠬᠡ ᠢ ᠳᠦᠪᠯᠡᠷᠡᠭᠦᠯᠦᠨ ᠮᠠᠯᠵᠢᠬᠤ ᠠᠵᠦ ᠦᠢᠯᠡᠰᠵᠢᠯᠳᠠ ᠶᠢᠨ ᠬᠠᠮᠳᠤᠷᠠᠯ ᠴᠤᠭᠴᠠ ᠶᠢᠨ | ᠬᠦᠭᠵᠢᠯᠳᠡ ᠶᠢᠨ ᠬᠡᠪᠴᠢᠶᠡᠵᠢᠯ ᠵᠢᠴᠢ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ᠂ ᠮᠠᠯ ᠤᠨ ᠦᠢᠯᠡᠳᠪᠤᠷᠢᠯᠡᠯ ᠪᠠ | ᠬᠠᠮᠢᠶᠠᠷᠤᠯᠳᠠ᠂ ᠮᠦᠩᠭᠦᠨ ᠭᠦᠢᠯᠭᠡᠭᠡᠨ ᠤ ᠳᠦᠷᠦ ᠶᠢᠨ ᠪᠤᠳᠤᠯᠭ᠎ᠠ ᠵᠡᠷᠭᠡ ᠠᠭᠤᠯᠭ᠎ᠠ ᠤᠨ ᠳᠤᠬᠠᠢ ᠳᠤᠰᠬᠠᠢ | ᠳᠠᠶᠢᠯᠪᠤᠷᠢ ᠬᠢᠵᠠᠢ᠃ | |