6 ᠰᠠᠷ᠎ᠠ ᠶᠢᠨ4 ᠤ ᠡᠳᠦᠷ ᠤᠨ ᠦᠳᠡ ᠶᠢᠨ ᠬᠤᠶᠢᠨ᠎ᠠ᠂ ᠪᠠᠶᠠᠨᠨᠠᠭᠤᠷ ᠬᠤᠳᠠ ᠶᠢᠨ ᠳᠡᠳ᠋ ᠬᠤᠳᠠ ᠶᠢᠨ | ᠳᠠᠷᠤᠭ᠎ᠠ ᠭᠦᠸᠧ ᠵᠠᠨ ᠵᠢᠶᠠᠩ ᠨᠠᠷ ᠪᠠᠢ ᠨᠢ ᠵᠢᠩ ᠪᠠᠯᠭᠠᠰᠤᠨ ᠳᠤ ᠬᠦᠷᠴᠦ ᠪᠠᠶᠢᠴᠠᠭᠠᠯᠳᠡ ᠬᠢᠪᠡ᠃ ᠬᠤᠳᠠ ᠶᠢᠨ | ᠮᠠᠯ ᠲᠠᠷᠢᠶᠠᠯᠠᠩ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ ᠶᠠᠩ ᠳ᠋ᠦᠩ ᠱᠧᠩ᠂ ᠬᠤᠰᠢᠭᠤ ᠨᠠᠮ ᠤᠨ | ᠬᠤᠷᠢᠶᠠᠨ ᠤ ᠱᠦᠵᠢ ᠴᠢ᠊᠂ ᠳᠠᠯᠠᠨᠳᠠᠢ᠂ ᠬᠤᠰᠢᠭᠤ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠬᠤᠸᠠᠩ | ᠵᠢᠶᠠᠨ ᠵᠢᠶᠦ᠋ᠨ᠂ ᠪᠠᠯᠭᠠᠰᠤᠨ ᠤ ᠨᠠᠮ ᠤᠨ ᠡᠭᠦᠷ ᠤᠨ ᠱᠦᠵᠢ ᠵᠤᠤ ᠷᠦᠢ ᠳ᠋ᠦᠩ᠂ ᠪᠠᠯᠭᠠᠰᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠷᠦᠩ ᠴᠢᠶᠠᠩ ᠨᠠᠷ ᠪᠠᠷᠠᠳᠠᠪᠠ᠃ | | | | ᠪᠠᠶᠢᠴᠠᠭᠠᠯᠳᠠ ᠶᠢᠨ ᠪᠦᠯᠬᠦᠮ ᠨᠢ ᠶᠢᠨ ᠲᠠᠢ ᠡᠾᠧ ᠲᠠᠷᠢᠶᠠᠯᠠᠩ ᠮᠠᠯᠵᠢᠯ ᠤᠨ ᠬᠢᠵᠠᠭᠠᠷᠳᠤ ᠺᠤᠮᠫᠠᠨᠢ ᠳᠤ | ᠬᠦᠷᠴᠦ ᠪᠠᠯᠭᠠᠰᠤᠨ ᠤ ᠡᠷᠳᠡᠨᠢ ᠰᠢᠰᠢ ᠶᠢᠨ ᠬᠤᠯᠪᠤᠭᠠᠳᠤ ᠴᠤᠭᠴᠠ ᠶᠢᠨ ᠡᠵᠡᠩᠨᠡᠬᠦ ᠬᠡᠯᠪᠡᠷᠢ ᠮᠠᠶ᠋ᠢᠭ ᠢ ᠪᠠᠶᠢᠴᠠᠭᠠᠨ | ᠦᠵᠡᠵᠡᠢ᠃ | | | ᠳᠠᠷᠠᠭ᠎ᠠ ᠳᠤ ᠨᠢ᠂ ᠴᠢ ᠹᠧᠨ ᠽᠢ ᠳᠤᠰᠬᠤᠨ ᠤ ᠳᠤᠤᠷ᠎ᠠ ᠳᠤᠯᠠᠭᠠᠨᠴᠠᠳᠤ ᠤᠭᠴᠤᠷᠠᠯ ᠤᠨ ᠦᠷᠳᠡᠭᠡᠨ ᠳᠤ | ᠬᠦᠷᠴᠦ ᠪᠠᠯᠭᠠᠰᠤᠨ ᠤ ᠬᠤᠭ ᠨᠤᠪᠰᠢ ᠶᠢ ᠰᠢᠢᠳᠪᠤᠷᠢᠯᠡᠬᠦ ᠠᠷᠭ᠎ᠠ ᠮᠠᠶ᠋ᠢᠭ ᠢ ᠪᠠᠶᠢᠴᠠᠭᠠᠨ ᠦᠵᠡᠵᠦ᠂ ᠳᠤᠤᠷ᠎ᠠ | ᠳᠤᠯᠠᠭᠠᠨᠴᠠᠳᠤ ᠤᠭᠴᠤᠷᠠᠯ ᠤᠨ ᠵᠤᠤᠬ᠎ᠠ ᠶᠢᠨ ᠠᠵᠢᠯᠯᠠᠬᠤ ᠶᠤᠰᠤ ᠵᠢᠴᠢ ᠬᠤᠭ ᠨᠤᠪᠰᠢ ᠶᠢᠨ ᠡᠳᠦᠷ ᠪᠦᠷᠢ ᠶᠢᠨ | ᠰᠢᠢᠳᠪᠤᠷᠢᠯᠡᠬᠦ ᠬᠡᠮᠵᠢᠶ᠎ᠠ ᠶᠢ ᠨᠠᠷᠢᠨ ᠤᠶᠢᠯᠠᠭᠠᠵᠠᠢ᠃ | | | | ᠬᠠᠮᠤᠭ ᠡᠴᠦᠰ ᠲᠤ᠂ ᠴᠢ ᠹᠧᠨ ᠽᠢ ᠳᠤᠰᠬᠤᠨ ᠳᠤ ᠬᠦᠷᠴᠦ“ ᠵᠤᠷᠯᠤᠩ ᠤᠨ ᠰᠢᠨᠡᠴᠢᠯᠡᠯᠳᠡ” | ᠤᠨᠢᠨᠵᠧᠨᠧᠷᠢᠩ ᠪᠤᠯᠤᠨ ᠬᠦᠳᠡᠭᠡ ᠳᠤᠰᠬᠤᠨ ᠤ ᠤᠷᠤᠰᠢᠨ ᠠᠮᠢᠳᠤᠷᠠᠬᠤ ᠤᠷᠴᠢᠨ ᠠᠬᠤᠢ ᠶᠢᠨ ᠵᠠᠰᠠᠯᠳᠠ ᠶᠢᠨ | ᠬᠡᠯᠪᠡᠷᠢ ᠮᠠᠶ᠋ᠢᠭ ᠢ ᠪᠠᠶᠢᠴᠠᠭᠠᠨ ᠦᠵᠡᠵᠡᠢ᠃ | | | | | |