ᠪᠠᠢ ᠨᠢ ᠵᠢᠩ ᠪᠠᠯᠭᠠᠰᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ92 ᠵᠢᠯ ᠤᠨ ᠤᠢ ᠶᠢ ᠪᠡᠯᠡᠭᠯᠡᠬᠦ ᠱᠠᠩᠨᠠᠨ ᠬᠦᠬᠢᠭᠦᠯᠦᠯᠳᠡ ᠶᠢᠨ ᠬᠦᠳᠡᠯᠭᠡᠭᠡᠨ ᠵᠢᠴᠢ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/8/6
          7 ᠰᠠᠷ᠎ᠠ ᠶᠢᠨ30 ᠤ ᠡᠳᠦᠷ᠂ ᠪᠠᠢ ᠨᠢ ᠵᠢᠩ ᠪᠠᠯᠭᠠᠰᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ92 ᠵᠢᠯ ᠤᠨ ᠤᠢ ᠶᠢ ᠪᠡᠯᠡᠭᠯᠡᠬᠦ ᠱᠠᠩᠨᠠᠨ ᠬᠦᠬᠢᠭᠦᠯᠦᠯᠳᠡ ᠶᠢᠨ ᠬᠦᠳᠡᠯᠭᠡᠭᠡᠨ ᠵᠢᠴᠢ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠦ᠂ ᠪᠠᠯᠭᠠᠰᠤᠨ‌ᠡᠴᠠ‌‍ᠰᠤᠩᠭᠤᠨ ᠭᠠᠷᠠᠭᠠᠭᠰᠠᠨ ᠬᠠᠮᠤᠭ ᠤᠨ ᠡᠷᠬᠢᠮ ᠳᠡᠭᠡᠳᠦ ᠴᠡᠷᠢᠭ ᠠᠴᠠ ᠬᠠᠯᠠᠭᠳᠠᠭᠰᠠᠳ᠂ ᠴᠡᠷᠢᠭ ᠬᠦᠮᠦᠨ ᠢ ᠬᠦᠷᠢᠶᠠᠯᠡᠳᠡᠭ ᠬᠠᠮᠤᠭ ᠤᠨ ᠰᠠᠶᠢᠬᠠᠨ ᠬᠦᠮᠦᠨ ᠪᠤᠯᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠡᠷᠢᠭᠦᠨ ᠤ ᠨᠢᠭᠡᠴᠡ ᠶᠢ ᠱᠠᠩᠨᠠᠨ ᠬᠦᠬᠢᠭᠦᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠵᠡᠪᠰᠡᠭᠳᠦ ᠬᠦᠴᠦᠨ ᠤ ᠬᠡᠯᠳᠡᠰ ᠤᠨ ᠤᠯᠤᠰ ᠳᠦᠷᠦ ᠶᠢᠨ ᠭᠡᠰᠢᠭᠦᠨ ᠸᠠᠩ ᠱᠤ᠋ ᠬᠤᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ ᠲᠠᠷᠠ ᠴᠢᠬᠤᠯᠠᠴᠢᠯᠠᠬᠤ ᠳᠤ ᠪᠠᠨ᠂ ᠴᠡᠷᠢᠭ ᠠᠴᠠ ᠬᠠᠯᠠᠭᠳᠠᠭᠰᠠᠳ ᠡᠷᠬᠡᠪᠰᠢ ᠴᠡᠷᠢᠭ ᠬᠦᠮᠦᠨ ᠤ ᠤᠭ ᠴᠢᠨᠠᠷ ᠢᠶᠠᠨ ᠡᠭᠦᠷᠢᠳᠡ ᠪᠠᠷᠢᠮᠳᠠᠯᠠᠨ᠂ ᠴᠡᠷᠢᠭ ᠠᠴᠠ ᠬᠠᠯᠠᠭᠳᠠᠭᠰᠠᠨ ᠪᠤᠯᠪᠠᠴᠤ ᠤᠯᠤᠰ ᠲᠠᠭᠠᠨ ᠵᠢᠳᠬᠦᠬᠦ ᠰᠡᠳᠭᠢᠯᠬᠡ ᠨᠢ ᠡᠭᠦᠷᠢᠳᠡ ᠮᠦᠩᠭᠡ ᠪᠠᠶᠢᠵᠦ᠂ ᠦᠪᠡᠷ ᠦᠪᠡᠷ ᠤᠨ ᠢᠶᠠᠨ ᠠᠵᠢᠯ ᠤᠨ ᠪᠠᠶᠢᠷᠢᠨ ᠳᠡᠭᠡᠷ᠎ᠡ ᠪᠠᠨ ᠨᠠᠮ ᠤᠨ ᠬᠦᠴᠢᠷ ᠢ ᠬᠤᠪᠢᠶᠠᠯᠴᠠᠨ᠂ ᠤᠯᠤᠰ ᠤᠨ ᠳᠦᠯᠦᠭᠡ ᠦᠪᠡᠷ ᠢ ᠪᠠᠨ ᠵᠤᠷᠢᠭᠤᠯᠤᠨ᠂ ᠠᠷᠠᠳ ᠳᠦᠮᠡᠨ ᠤ ᠳᠦᠯᠦᠭᠡ ᠪᠦᠬᠦ ᠰᠡᠳᠬᠢᠯ ᠪᠠᠷ ᠢᠶᠠᠨ ᠦᠢᠯᠡᠴᠢᠯᠡᠬᠦ ᠬᠡᠷᠡᠭᠳᠡᠢ ᠭᠡᠵᠡᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ