ᠤᠢᠢᠷ᠎ᠡ ᠶᠢᠨ ᠵᠢᠯ ᠳᠤ᠂ ᠳᠠᠯᠠᠳ ᠬᠤᠰᠢᠭᠤᠨ ᠤ ᠨᠠᠮ ᠤᠨ ᠬᠤᠷᠢᠶ᠎ᠡ ᠵᠠᠰᠠᠬ ᠤᠨ ᠤᠷᠳᠤᠨ | ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠴᠢᠬᠤᠯᠠᠴᠢᠯᠡᠨ ᠠᠳᠬᠤᠬᠤ ᠡᠷᠴᠢᠮ ᠲᠠᠢ ᠠᠷᠭ᠎ᠠ ᠬᠡᠮᠵᠢᠶ᠎ᠡ | ᠠᠪᠤᠬᠰᠠᠨ ᠠᠴᠠ ᠦᠨᠳᠦᠰᠦᠳᠡᠨ ᠤ ᠰᠤᠷᠭᠠᠨ ᠬᠦᠮᠦᠵᠢᠯ ᠴᠡᠴᠡᠭᠯᠡᠨ ᠬᠦᠭᠵᠢᠵᠤ ᠨᠡᠶᠢᠬᠡᠮ ᠨᠡᠶᠢᠳᠡ ᠶᠢᠨ ᠠᠩᠬᠠᠷᠤᠯ ᠢ | ᠶᠡᠬᠡᠬᠡᠨ ᠳᠠᠳᠠᠵᠤ ᠨᠦᠯᠦᠬᠡ ᠳᠤᠰᠬᠠᠯ ᠶᠡᠭᠡ ᠰᠠᠶᠢᠨ ᠪᠤᠯᠤᠬᠰᠠᠨ ᠪᠠᠶᠢᠨ᠎ᠠ᠃ ︽ᠬᠤᠶᠡᠷ ᠬᠤᠷᠡᠯ︾ ᠤᠨ | ᠬᠤᠭᠤᠴᠠᠭᠠᠨ ᠳᠤ᠂ ᠳᠠᠯᠠᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠴᠢ᠊ · ᠳᠠᠯᠠᠨᠳᠠᠢ ᠰᠤᠷᠪᠤᠯᠵᠢᠯᠠᠭ᠎ᠠ | ᠬᠦᠯᠢᠶᠡᠵᠤ ᠡᠨᠡ ᠳᠤᠬᠠᠢ ᠳᠠᠶᠢᠯᠪᠤᠷᠢᠯᠡᠯᠳᠡ ᠬᠢᠭᠰᠡᠨ ᠪᠢᠯᠡ᠃ | ᠳᠡᠬᠦᠨ ᠤ ᠳᠠᠨᠢᠯᠴᠠᠭᠤᠯᠬᠤ ᠪᠠᠷ᠂ ᠳᠠᠯᠠᠳ ᠬᠤᠰᠢᠭᠤ ᠦᠨᠳᠦᠰᠦᠳᠡᠨ ᠤ ᠭᠠᠵᠠᠷ ᠤᠷᠤᠨ ᠪᠤᠯᠤᠬᠰᠠᠨ ᠤ | ᠬᠤᠪᠢ ᠳᠤ ᠦᠨᠳᠦᠰᠦᠳᠡᠨ ᠤ ᠰᠤᠷᠭᠠᠨ ᠬᠦᠮᠦᠵᠢᠯ ᠢ ᠴᠢᠬᠤᠯᠠᠴᠢᠯᠡᠨ ᠠᠳᠬᠤᠬᠤ ᠨᠢ ᠨᠠᠮ ᠤᠨ ᠬᠤᠷᠢᠶ᠎ᠡ ᠵᠠᠰᠠᠬ ᠤᠨ | ᠤᠷᠳᠤᠨ ᠤ ᠨᠠᠨᠳᠢᠨ ᠡᠬᠦᠷᠬᠡ ᠬᠠᠷᠢᠭᠤᠴᠠᠯᠭ᠎ᠠ ᠪᠤᠯᠤᠨ᠎ᠡ᠃ ᠤᠢᠢᠷ᠎ᠡ ᠶᠢᠨ ᠵᠢᠯ ᠳᠤ ᠦᠨᠳᠦᠰᠦᠳᠡᠨ ᠤ ᠰᠤᠷᠭᠠᠨ | ᠬᠦᠮᠦᠵᠢᠯ ᠢ ᠬᠦᠭᠵᠢᠬᠦᠯᠬᠦ ᠳᠠᠯ᠎ᠠ ᠪᠠᠷ ᠤᠯᠠᠨ ᠪᠦᠳᠦᠮᠵᠢᠳᠡᠢ ᠠᠷᠭ᠎ᠠ ᠬᠡᠮᠵᠢᠶ᠎ᠡ ᠠᠪᠴᠤ᠂ ᠦᠨᠳᠦᠰᠦᠳᠡᠨ ᠤ ᠰᠤᠷᠭᠠᠨ | ᠬᠦᠮᠦᠵᠢᠯ ᠤᠨ ᠤᠷᠴᠢᠨ ᠳᠤᠭᠤᠷᠢᠨ ᠢᠯᠡᠳᠳᠡ ᠰᠠᠶᠢᠵᠢᠷᠡᠨ ᠦᠨᠳᠦᠰᠦᠳᠡᠨ ᠤ ᠰᠤᠷᠭᠠᠨ ᠬᠦᠮᠦᠵᠢᠯ ᠤᠨ ᠶᠠᠰᠤ | ᠴᠢᠨᠡᠷ ᠨᠡᠶᠢᠳᠡᠮ ᠳᠡᠭᠡᠭᠰᠢᠯᠡᠵᠤ ᠪᠠᠶᠢᠨ᠎ᠠ᠃ 2017 ᠤᠨ ᠠᠴᠠ ᠡᠬᠢᠯᠡᠨ ᠳᠠᠯᠠᠳ ᠬᠤᠰᠢᠭᠤ ᠮᠤᠩᠭᠤᠯ ᠢᠶᠠᠷ | ᠰᠤᠷᠤᠬᠴᠢ ᠡᠯᠰᠡᠵᠤ ᠡᠬᠢᠯᠡᠪᠡ᠃ 2018 ᠤᠨ ᠠᠴᠠ ᠮᠤᠩᠭᠤᠯ ᠰᠤᠷᠭᠠᠭᠤᠯᠢ ᠶᠢᠨ ᠰᠠᠭᠤᠷᠢ ᠳᠦᠬᠦᠬᠡᠷᠦᠮᠵᠢ ᠶᠢᠨ | ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠵᠤ᠂ 7000 ᠲᠡᠭᠰᠢ ᠳᠦᠷᠪᠡᠯᠵᠢᠨ ᠮᠧᠲᠷ ᠤᠨ ᠵᠢᠭᠠᠨ ᠰᠤᠷᠭᠠᠬᠤ | ᠠᠰᠠᠷ᠂ ᠪᠠᠶᠢᠷᠢ ᠶᠢᠨ ᠬᠡᠷ᠂ ᠬᠢᠴᠢᠶᠡᠯ ᠤᠨ ᠭᠠᠳᠠᠨᠠᠬᠢ ᠠᠵᠢᠯᠯᠠᠭ᠎ᠠ ᠶᠢᠨ ᠲᠠᠯᠠᠪᠤᠷ ᠵᠡᠷᠬᠡ ᠶᠢ ᠪᠠᠭᠳᠠᠭᠠᠬᠰᠠᠨ | ᠪᠠᠷᠢᠯᠭ᠎ᠠ ᠶᠢ ᠡᠬᠢᠯᠡᠨ ᠪᠠᠶᠢᠭᠤᠯᠵᠤ ᠳᠤᠰ ᠪᠠᠷᠢᠯᠭ᠎ᠠ ᠨᠢ 2019 ᠤᠨ ᠳᠤ ᠠᠰᠢᠬᠯᠠᠯᠳᠠ ᠳᠤ ᠤᠷᠤᠬᠤ ᠪᠤᠯᠤᠨ᠎ᠡ᠃ | ᠮᠤᠩᠭᠤᠯ ᠰᠤᠷᠭᠠᠭᠤᠯᠢ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠳᠠᠰᠤᠷᠡᠯᠳᠡ ᠦᠬᠡᠢ | ᠰᠠᠶᠢᠵᠢᠷᠠᠭᠤᠯᠬᠤ ᠶᠢᠨ ᠬᠠᠮᠳᠤ ᠵᠢᠭᠠᠨ ᠰᠤᠷᠭᠠᠯᠳᠠ ᠶᠢᠨ ᠴᠢᠨᠡᠷᠵᠢᠯ ᠢ ᠠᠳᠬᠤᠵᠤ ᠳᠠᠮᠢᠷ ᠤᠷᠠᠯᠢᠬ ᠤᠨ ᠬᠢᠴᠢᠶᠡᠯᠯᠡᠭᠡ | ᠂ ᠢᠨᠲ᠋ᠧᠷ ᠰᠦᠯᠵᠢᠶ᠎ᠡ ᠶᠢᠨ ᠬᠦᠮᠦᠵᠢᠯ ᠵᠡᠷᠬᠡ ᠳᠠᠯ᠎ᠠ ᠪᠠᠷ ᠶᠡᠬᠡᠬᠡᠨ ᠴᠢᠩᠭᠠᠳᠬᠠᠵᠤ ᠪᠠᠭᠰᠢ ᠶᠢᠨ ᠡᠩᠨᠡᠭᠡ ᠶᠢᠨ | ᠪᠠᠶᠢᠭᠤᠯᠤᠯᠳᠠ ᠪᠠᠨ ᠰᠠᠶᠢᠳᠤᠷ ᠠᠳᠬᠤᠨ᠂ ᠤᠯᠠᠨ ᠬᠢᠴᠢᠶᠡᠯ ᠳᠦᠷᠦᠯ ᠢ ᠬᠠᠮᠤᠷᠤᠬᠰᠠᠨ ᠠᠷᠪᠠᠭᠠᠳ ᠪᠠᠭᠰᠢ ᠶᠢ | ᠰᠢᠨ᠎ᠡ ᠪᠠᠷ ᠡᠯᠰᠡᠵᠠᠢ᠃ ᠮᠤᠩᠭᠤᠯ ᠰᠤᠷᠭᠠᠭᠤᠯᠢ ᠶᠢᠨ ᠰᠤᠷᠤᠬᠴᠢ ᠤᠤᠯ ᠨᠢ 300 ᠰᠤᠷᠤᠬᠴᠢ ᠲᠠᠢ ᠪᠠᠶᠢᠬᠰᠠᠨ | ᠪᠤᠯ ᠤᠳᠤ 900 ᠰᠤᠷᠤᠬᠴᠢ ᠲᠠᠢ ᠪᠤᠯᠵᠤ᠂ ᠮᠤᠩᠭᠤᠯ ᠢᠶᠠᠷ ᠬᠢᠴᠢᠶᠡᠯᠯᠡᠬᠦ ᠠᠩᠬᠢ ᠨᠡᠬᠡᠬᠡᠵᠤ ᠤᠳᠤ ᠭᠤᠴᠢᠭᠠᠳ | ᠮᠤᠩᠭᠤᠯ ᠪᠠᠭᠰᠢ ᠲᠠᠢ ᠪᠤᠯᠤᠬᠰᠠᠨ ᠪᠠᠶᠢᠨ᠎ᠠ᠃ ᠳᠠᠯᠠᠳ ᠬᠤᠰᠢᠭᠤᠨ ᠤ ᠦᠨᠳᠦᠰᠦᠳᠡᠨ ᠤ ᠬᠡᠦᠬᠡᠳ ᠤᠨ | ᠴᠡᠴᠡᠷᠯᠢᠭ ᠨᠢ ᠦᠪᠡᠷᠳᠡᠬᠡᠨ ᠵᠠᠰᠠᠬᠤ ᠤᠷᠤᠨ ᠤ ᠨᠢᠬᠡᠳᠦᠬᠡᠷ ᠳᠡᠰ ᠤᠨ ᠬᠡᠦᠬᠡᠳ ᠤᠨ ᠴᠡᠴᠡᠷᠯᠢᠭ ᠪᠤᠯᠤᠨ᠎ᠡ᠂ ᠡᠨᠡ | ᠬᠤᠶᠡᠷ ᠵᠢᠯ ᠴᠡᠴᠡᠷᠯᠢᠭ ᠤᠨ ᠮᠤᠩᠭᠤᠯ ᠠᠩᠬᠢ ᠨᠡᠬᠡᠬᠡᠬᠦ᠂ ᠴᠡᠴᠡᠷᠯᠢᠭ ᠤᠨ ᠮᠤᠩᠭᠤᠯ ᠬᠢᠴᠢᠶᠡᠯᠯᠡᠭᠡ ᠶᠢ ᠴᠤ | ᠠᠳᠠᠯᠢᠬᠠᠨ ᠴᠢᠬᠤᠯᠠᠴᠢᠯᠡᠵᠤ᠂ ᠡᠭᠦᠨ ᠢᠶᠠᠨ ᠤᠯᠠᠮ ᠨᠢᠬᠡ ᠠᠯᠬᠤᠮ ᠡᠷᠴᠢᠮᠵᠢᠬᠦᠯᠬᠦ ᠰᠠᠨᠠᠭᠠᠳᠠᠢ᠃ ᠳᠠᠯᠠᠳ | ᠬᠤᠰᠢᠭᠤᠨ ᠤ ᠨᠠᠮ ᠤᠨ ᠬᠤᠷᠢᠶ᠎ᠡ ᠵᠠᠰᠠᠬ ᠤᠨ ᠤᠷᠳᠤᠨ ᠪᠤᠯᠤᠨ ᠰᠤᠷᠭᠠᠨ ᠬᠦᠮᠦᠵᠢᠯ ᠤᠨ ᠳᠤᠪᠴᠢᠶ᠎ᠡ | ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠨᠢᠬᠡᠨ ᠰᠠᠭᠤᠷᠢ ᠴᠢᠨᠠᠷᠳᠠᠢ ᠠᠵᠢᠯ ᠪᠤᠯᠭᠠᠨ ᠠᠳᠬᠤᠵᠤ᠂ | ᠦᠨᠳᠦᠰᠦᠳᠡᠨ ᠤ ᠰᠤᠷᠭᠠᠨ ᠬᠦᠮᠦᠵᠢᠯ ᠢᠶᠠᠨ ᠤᠯᠠᠮ ᠰᠠᠶᠢᠳᠤᠷ ᠡᠷᠬᠢᠯᠡᠵᠤ᠂ ᠰᠤᠷᠭᠠᠨ ᠬᠦᠮᠦᠵᠢᠯ ᠤᠨ | ᠨᠦᠬᠦᠴᠡᠯ ᠢᠶᠠᠨ ᠳᠠᠰᠤᠷᠡᠯᠳᠡ ᠦᠬᠡᠢ ᠰᠠᠶᠢᠵᠢᠷᠠᠭᠤᠯᠵᠤ᠂ ᠠᠯᠬᠤᠮ ᠠᠯᠬᠤᠮ ᠢᠶᠠᠷ ᠴᠢᠩᠭᠠᠳᠬᠠᠨ ᠬᠢᠵᠤ ᠪᠠᠶᠢᠨ᠎ᠡ | ᠭᠡᠪᠡ᠃ |