ᠹᠧᠩ ᠱᠦᠢ ᠯᠢᠶᠠᠩ ᠪᠠᠯᠭᠠᠰᠤ“ᠥᠷᠨᠢᠨ ᠬᠥᠭᠵᠢᠭᠰᠡᠨ 70 ᠵᠢᠯ᠂ ᠤᠷᠤᠭᠰᠢᠯᠠᠨ ᠲᠡᠮᠡᠴᠡᠭᠰᠡᠨ ᠰᠢᠨ᠎ᠡ ᠴᠠᠭ ᠦᠶ᠎ᠡ”ᠭᠡᠬᠦ ᠭᠤᠤᠯ ᠰᠡᠳᠦᠪᠳᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠯᠡᠬᠦ ᠤᠷᠠᠨ ᠰᠠᠶᠢᠬᠠᠨ ᠤ ᠳᠤᠭᠯᠠᠯᠳᠠ ᠶᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2019/9/27
      9 ᠰᠠᠷ᠎ᠠ ᠶᠢᠨ 25 ᠤ ᠡᠳᠦᠷ᠂ ᠹᠧᠩ ᠱᠦᠢ ᠯᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ“ᠥᠷᠨᠢᠨ ᠬᠥᠭᠵᠢᠭᠰᠡᠨ 70 ᠵᠢᠯ᠂ ᠤᠷᠤᠭᠰᠢᠯᠠᠨ ᠲᠡᠮᠡᠴᠡᠭᠰᠡᠨ ᠰᠢᠨ᠎ᠡ ᠴᠠᠭ ᠦᠶ᠎ᠡ”ᠭᠡᠬᠦ ᠭᠤᠤᠯ ᠰᠡᠳᠦᠪᠳᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠯᠡᠬᠦ ᠤᠷᠠᠨ ᠰᠠᠶᠢᠬᠠᠨ ᠤ ᠳᠤᠭᠯᠠᠯᠳᠠ ᠵᠢᠴᠢ ᠹᠧᠩ ᠱᠦᠢ ᠯᠢᠶᠠᠩ ᠪᠠᠯᠭᠠᠰᠤᠨ ᠤ“ ᠲᠠᠢ ᠪᠤᠤ ᠨᠡᠷᠡᠮᠵᠢᠳᠦ”ᠬᠤᠶᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠲᠠᠮᠢᠷ ᠤᠨ ᠴᠤᠭᠯᠠᠭᠠᠨ ᠤ ᠱᠠᠩᠨᠠᠯ ᠤᠯᠭᠤᠬᠤ ᠦᠳᠡᠰᠢᠯᠡᠭᠡ᠂“ ᠲᠠᠢ ᠪᠤᠤ ᠨᠡᠷᠡᠮᠵᠢᠳᠦ” ᠠᠩᠬᠠᠳᠤᠭᠠᠷ ᠬᠤᠭᠤᠴᠠᠭᠠᠨ ᠤ  ᠬᠤᠪᠢᠰᠬᠠᠯ ᠤᠨ ᠳᠠᠭᠤᠨ ᠤ ᠤᠷᠤᠯᠳᠤᠭᠠᠨ ᠤ ᠱᠠᠩᠨᠠᠯ ᠤᠯᠭᠤᠬᠤ ᠦᠳᠡᠰᠢᠯᠡᠭᠡ ᠶᠢ ᠡᠷᠬᠢᠯᠡᠨ ᠶᠠᠪᠤᠭᠳᠠᠭᠤᠯᠪᠠ᠃

          ᠰᠢᠨ᠎ᠡ ᠳᠤᠮᠳᠠᠳᠤ ᠪᠠᠶᠢᠭᠤᠯᠤᠭᠳᠠᠭᠰᠠᠨ 70 ᠵᠢᠯ ᠤᠨ ᠤᠢ ᠤᠨ ᠳᠠᠰᠢᠷᠠᠮ ᠢᠶᠠᠷ᠂ ᠪᠢᠳᠡᠨ ᠢ ᠰᠢ ᠶᠢᠨ ᠫᠢᠩ ᠨᠦᠬᠦᠷ ᠪᠠᠷ ᠭᠤᠤᠯ ᠪᠤᠯᠭᠠᠭᠰᠠᠨ ᠨᠠᠮ

 ᠤᠨ ᠳᠦᠪ ᠬᠤᠷᠢᠶᠠᠨ ᠤ ᠳᠤᠭᠤᠷᠢᠨ ᠳᠤ ᠤᠯᠠᠮ ᠨᠢᠭᠳᠠᠷᠠᠨ ᠪᠦᠯᠬᠦᠮᠳᠠᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ

ᠪᠦᠬᠦᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠠᠭᠤᠤ ᠳᠤᠭ ᠢ ᠦᠨᠳᠦᠷ ᠮᠠᠨᠳᠤᠭᠤᠯᠤᠨ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ

ᠪᠠᠳᠤ ᠴᠡᠭᠡᠵᠢᠯᠡᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠶᠢᠨ ᠳᠦᠯᠦᠭᠡ ᠬᠤᠪᠢ

ᠨᠡᠮᠡᠷᠢ ᠪᠠᠨ ᠦᠵᠡᠭᠦᠯᠦᠶ᠎ᠡ︕

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ