ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠪᠦᠬᠦ ᠲᠠᠯ᠎ᠠ ᠪᠠᠷ ᠡᠬᠢᠯᠡᠵᠦ᠂ ᠡᠷᠦᠬᠡ ᠶᠢᠨ ᠵᠤᠷᠯᠤᠩ ᠤᠨ ᠦᠭᠡᠷᠡᠴᠢᠯᠡᠯᠳᠡ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2020/10/20
     ᠤᠷᠴᠢᠮ ᠤᠨ ᠡᠳᠦᠷ᠂ ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠵᠢᠴᠢ ᠵᠤᠷᠯᠤᠩ ᠤᠨ ᠦᠭᠡᠷᠡᠴᠢᠯᠡᠯᠳᠡ ᠤᠨ ᠠᠵᠢᠯ ᠤᠨ ᠠᠬᠢᠭᠤᠯᠤᠯᠳᠠ ᠶᠢᠨ ᠬᠤᠷᠠᠯ ᠢ ᠬᠤᠷᠠᠯᠳᠤᠭᠤᠯᠵᠦ᠂ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠪᠦᠬᠦ ᠲᠠᠯ᠎ᠠ ᠪᠠᠷ ᠡᠬᠢᠯᠡᠵᠦ᠂ ᠵᠤᠷᠯᠤᠩ ᠤᠨ ᠦᠭᠡᠷᠡᠴᠢᠯᠡᠯᠳᠡ ᠤᠨ ᠠᠵᠢᠯ ᠢ ᠤᠯᠠᠮ ᠨᠢᠭᠡ ᠠᠯᠬᠤᠮ ᠳᠦᠯᠬᠢᠨ ᠠᠬᠢᠭᠤᠯᠵᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠭᠤᠤ ᠬᠤᠸᠠᠢ ᠵᠢᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠦ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠬᠤᠸᠠᠩ ᠵᠢᠶᠠᠨ ᠵᠢᠶᠦ᠋ᠨ ᠬᠤᠷᠠᠯ ᠡᠷᠬᠢᠯᠡᠨ᠂ ᠡᠯ᠎ᠡ ᠰᠤᠮᠤ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃

      ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠳᠤᠬᠠᠢ ᠶᠠᠷᠢᠯᠴᠠᠵᠦ᠂ ᠭᠤᠤ ᠬᠤᠸᠠᠢ ᠵᠢᠩ ᠵᠢᠭᠠᠬᠤ ᠳᠤ ᠪᠠᠨ᠂

ᠪᠡᠯᠴᠢᠭᠡᠷᠯᠡᠭᠦᠯᠬᠦ ᠶᠢ ᠬᠤᠷᠢᠭᠯᠠᠬᠤ ᠶᠢ ᠬᠡᠷᠡᠭᠵᠢᠭᠦᠯᠬᠦ ᠪᠤᠯ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ᠂ ᠰᠢ ᠶᠢᠨ ᠫᠢᠩ ᠤᠨ ᠠᠮᠢ ᠠᠬᠤᠢ ᠶᠢᠨ

ᠪᠤᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠪᠢᠳᠡ ᠬᠠᠳᠤᠨ ᠭᠤᠤᠯ ᠤᠨ ᠤᠷᠤᠰᠬᠠᠯ ᠳᠠᠭᠠᠦ ᠠᠮᠢ ᠠᠬᠤᠢ ᠶᠢᠨ

ᠬᠠᠮᠠᠭᠠᠯᠠᠯᠳᠠ ᠶᠢ ᠠᠬᠢᠭᠤᠯᠬᠤ ᠪᠠ ᠴᠢᠨᠠᠷ ᠰᠠᠶᠢᠳᠠᠢ ᠬᠦᠭᠵᠢᠯᠳᠡ ᠶᠢᠨ ᠦᠨᠳᠦᠷ ᠳᠦᠪᠰᠢᠨ ᠠᠴᠠ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠤᠨ ᠴᠢᠬᠤᠯᠠ ᠴᠢᠨᠠᠷ ᠢ

ᠭᠦᠨᠵᠡᠭᠡᠢ ᠳᠠᠨᠢᠵᠦ᠂ ᠪᠦᠬᠦ ᠬᠤᠰᠢᠭᠤᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠠᠮᠢ ᠠᠬᠤᠢ ᠶᠢᠨ

ᠤᠷᠴᠢᠨ ᠲᠤᠭᠤᠷᠢᠨ ᠢ ᠦᠨᠡᠨᠬᠦ ᠰᠠᠶᠢᠳᠦᠷ ᠬᠠᠮᠠᠭᠠᠯᠠᠬᠤ ᠬᠡᠷᠡᠭᠳᠡᠢ᠃

     ᠭᠤᠤ ᠬᠤᠸᠠᠢ ᠵᠢᠩ ᠴᠢᠬᠤᠯᠠᠴᠢᠯᠠᠬᠤ ᠳᠤ ᠪᠠᠨ᠂ ᠪᠦᠳᠦᠮᠵᠢᠳᠡᠢ ᠠᠷᠭ᠎ᠠ ᠪᠠᠷᠢᠯ ᠢ ᠠᠪᠴᠦ᠂ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠤᠨ ᠡᠯ᠎ᠡ

ᠳᠦᠷᠦᠯ ᠤᠨ ᠠᠵᠢᠯ ᠤᠨ ᠡᠭᠦᠷᠭᠡ ᠶᠢ ᠦᠨᠡᠨᠬᠦ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃ ᠰᠤᠮᠤ ᠪᠠᠯᠭᠠᠰᠤ᠂ ᠭᠠᠴᠠᠭ᠎ᠠ ᠳᠤᠰᠬᠤᠨ᠂ ᠨᠢᠭᠡᠳᠦᠯ ᠭᠤᠷᠪᠠᠨ ᠱᠠᠳᠤ ᠪᠠᠷ

ᠡᠷᠬᠡᠪᠰᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠦ᠂ ᠪᠦᠬᠦ ᠲᠠᠯ᠎ᠠ ᠪᠠᠷ ᠤᠯᠠᠨ ᠲᠦᠮᠡᠨ ᠢ ᠳᠠᠶᠢᠴᠢᠯᠠᠨ ᠪᠡᠯᠴᠢᠭᠡᠷᠯᠡᠭᠦᠯᠬᠦ ᠶᠢ

ᠬᠤᠷᠢᠭᠯᠠᠬᠤ ᠠᠵᠢᠯ ᠳᠤ ᠤᠷᠤᠯᠴᠠᠨ᠂ ᠤᠬᠠᠭᠤᠯᠤᠨ ᠳᠠᠶᠢᠴᠢᠯᠠᠵᠦ᠂ ᠰᠤᠷᠭᠠᠨ ᠵᠢᠯᠤᠭᠤᠳᠴᠤ᠂ ᠲᠠᠶᠢᠯᠪᠤᠷᠢᠯᠠᠨ ᠳᠠᠶᠢᠴᠢᠯᠠᠬᠤ ᠠᠵᠢᠯ ᠢ ᠰᠠᠶᠢᠳᠤᠷ ᠬᠢᠨ᠎ᠡ;

ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠦᠯᠢ ᠬᠡᠷᠡᠭᠵᠢᠭᠦᠯᠬᠦ ᠳᠤᠪᠴᠢᠶ᠎ᠠ ᠨᠢᠭᠡᠳᠦᠯᠳᠡᠢ ᠬᠠᠮᠢᠶᠠᠷᠤᠯᠳᠠ ᠪᠠᠨ

ᠴᠢᠩᠭᠠᠳᠬᠠᠨ᠂ ᠰᠤᠮᠤ ᠪᠠᠯᠭᠠᠰᠤᠨ ᠤ ᠬᠠᠦᠯᠢ ᠬᠡᠷᠡᠭᠵᠢᠭᠦᠯᠬᠦ ᠳᠤᠪᠴᠢᠶ᠎ᠠ ᠨᠢ ᠳᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠡᠨ‌‍ᠴᠢᠩᠭᠠᠳᠬᠠᠵᠦ᠂ ᠬᠠᠤᠯᠢ

ᠬᠡᠷᠡᠭᠵᠢᠭᠦᠯᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠮᠠᠯ ᠮᠠᠯᠵᠢᠬᠤ

ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠯᠬᠠᠭᠠᠨ ᠰᠢᠳᠬᠡᠬᠦ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ︔ ᠭᠤᠷᠪᠠᠨ ᠰᠠᠷ᠎ᠠ ᠶᠢᠨ ᠬᠤᠭᠤᠴᠠᠭ᠎ᠠ ᠲᠠᠢ

ᠲᠥᠪᠯᠡᠷᠡᠩᠭᠦᠶ ᠠᠵᠢᠯᠯᠠᠭ᠎ᠠ ᠪᠠᠷ ᠳᠠᠮᠵᠢᠭᠤᠯᠤᠨ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃

      ᠭᠤᠤ ᠬᠤᠸᠠᠢ ᠵᠢᠩ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠪᠠᠳᠠᠨ ᠪᠠᠶᠢᠴᠠᠭᠠᠬᠤ ᠡᠷᠴᠢᠮ ᠢᠶᠠᠨ

ᠴᠢᠩᠭᠠᠷᠠᠭᠤᠯᠵᠤ᠂ ᠤᠳᠤᠷᠢᠳᠬᠤ ᠳᠤᠭᠤᠶᠢᠯᠠᠩ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠷ᠎ᠠ ᠪᠦᠷᠢ ᠨᠢᠭᠡ

ᠤᠳᠠᠭ᠎ᠠ  ᠰᠢᠪᠠᠳᠠᠨ ᠪᠠᠶᠢᠴᠠᠭᠠᠬᠤ ᠬᠡᠷᠡᠭᠲᠡᠶ︔ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠨᠢ ᠰᠠᠷ᠎ᠠ ᠪᠦᠷᠢ ᠨᠢᠭᠡ ᠤᠳᠠᠭ᠎ᠠ

ᠰᠢᠪᠠᠳᠠᠨ ᠪᠠᠶᠢᠴᠠᠭᠠᠬᠤ ᠬᠡᠷᠡᠭᠲᠡᠶ︔ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠠ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ

ᠳᠤᠪᠴᠢᠶ᠎ᠠ ᠬᠤᠶᠠᠷ ᠭᠠᠷᠠᠭ ᠲᠤ ᠨᠢᠭᠡ ᠤᠳᠠᠭ᠎ᠠ ᠰᠢᠪᠠᠳᠠᠨ ᠪᠠᠶᠢᠴᠠᠭᠠᠬᠤ ᠬᠡᠷᠡᠭᠲᠡᠶ︔ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠶᠡᠷᠦᠩᠬᠡᠶᠢᠯᠡᠭᠰᠡᠨ ᠬᠠᠤᠯᠢ

ᠬᠡᠷᠡᠭᠵᠢᠭᠦᠯᠬᠦ ᠲᠣᠪᠴᠢᠶ᠎ᠠ ᠨᠢ ᠭᠠᠷᠠᠭ ᠪᠦᠷᠢ ᠨᠢᠭᠡ ᠤᠳᠠᠭ᠎ᠠ ᠠᠵᠢᠯ ᠰᠤᠭᠤᠴᠢᠨ ᠪᠠᠶᠢᠴᠠᠭᠠᠬᠤ ᠶᠢᠨ ᠬᠠᠮᠲᠤ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠵᠠᠷᠯᠠᠬᠤ

ᠬᠡᠷᠡᠭᠲᠡᠶ︔ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠠᠶᠢᠩᠭᠤᠵᠢᠭᠰᠠᠨ ᠬᠠᠤᠯᠢ ᠬᠡᠷᠡᠭᠵᠢᠭᠦᠯᠬᠦ ᠶᠢ ᠦᠷᠨᠢᠭᠦᠯᠵᠦ᠂ ᠪᠡᠯᠴᠢᠭᠡᠷᠯᠡᠭᠦᠯᠬᠦ ᠶᠢ

ᠴᠠᠭᠠᠵᠠᠯᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠳᠤᠯᠠᠬᠤ ᠬᠡᠷᠡᠭᠲᠡᠶ᠃ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ

ᠠᠬᠢᠭᠤᠯᠬᠤ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠴᠢᠬᠤᠯᠠ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠂

ᠠᠷᠠᠳ ᠤᠨ ᠠᠮᠢᠳᠤᠷᠠᠯ ᠤᠨ ᠴᠢᠬᠤᠯᠠ ᠶᠡᠭᠡ ᠶᠠᠪᠤᠳᠠᠯ ᠮᠥᠨ᠃ ᠭᠤᠤ ᠬᠤᠸᠠᠢ ᠵᠢᠩ ᠴᠢᠬᠤᠯᠠᠴᠢᠯᠠᠭᠰᠠᠨ ᠨᠢ᠂ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ

ᠥᠭᠬᠦ ᠦᠨᠳᠦᠷᠴᠡ ᠠᠴᠠ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠶᠡᠬᠡᠪᠡᠷ ᠠᠬᠢᠭᠤᠯᠵᠦ᠂ ᠦᠨᠡᠨ ᠬᠦ ᠡᠨᠡᠬᠦ ᠠᠷᠠᠳ ᠤᠨ ᠠᠮᠢᠳᠤᠷᠠᠯ ᠤᠨ ᠪᠣᠳᠠᠲᠤ

ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠰᠠᠶᠢᠨ ᠶᠠᠪᠤᠳᠠᠯ ᠢ ᠦᠨᠡᠨ ᠬᠦ ᠪᠣᠳᠠᠲᠠᠶ ᠬᠢᠬᠦ ᠬᠡᠷᠡᠭᠲᠡᠶ᠃ ᠤᠶᠢᠷ᠎ᠠ ᠶᠢᠨ ᠬᠤᠭᠤᠴᠠᠭᠠᠨ ᠳᠤ᠂

ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ ᠪᠣᠳᠠᠲᠠᠶ ᠭᠠᠵᠠᠷ ᠲᠤᠨᠢ ᠡᠷᠦᠬᠡ ᠳᠤ ᠬᠦᠷᠴᠦ ᠵᠣᠷᠯᠣᠩ ᠢ ᠥᠭᠡᠷᠡᠴᠢᠯᠡᠭᠰᠡᠨ ᠤ

ᠳᠠᠷᠠᠭᠠᠬᠢ ᠤᠯᠠᠨ ᠲᠦᠮᠡᠨ ᠤ ᠬᠡᠷᠡᠭᠯᠡᠵᠦ ᠪᠠᠶᠢᠭ᠎ᠠ ᠪᠠᠶᠢᠳᠠᠯ ᠢ ᠤᠶᠢᠯᠠᠭᠠᠵᠦ᠂ ᠣᠯᠠᠨ ᠲᠦᠮᠡᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠲᠤᠬᠠᠶ ᠰᠠᠨᠠᠯ

ᠪᠠ ᠰᠠᠨᠠᠭᠤᠯᠭ᠋᠎ᠠ ᠶᠢ ᠬᠢᠨᠠᠮᠠᠭᠠᠶ ᠰᠣᠨᠣᠰᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠲᠤᠭ᠎ᠠ

ᠪᠠᠷᠢᠮᠲᠠ ᠶᠢᠨ ᠦᠨᠡᠨ ᠪᠣᠳᠠᠲᠠᠶ ᠪᠠᠶᠢᠬᠤ ᠶᠢ ᠦᠨᠡᠨᠬᠦ ᠪᠠᠲᠤᠯᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠦᠨᠡᠨ ᠬᠦ ᠣᠯᠠᠨ ᠲᠦᠮᠡᠨ ᠳᠤ ᠳᠥᠭᠦᠮ

ᠦᠵᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠶᠢᠨ ᠲᠤᠭ᠎ᠠ ᠶᠢ ᠳᠡᠭᠡᠭᠰᠢᠯᠡᠭᠦᠯᠬᠦ ᠬᠡᠷᠡᠭᠳᠡᠢ ᠭᠡᠵᠡᠢ᠃

      ᠬᠤᠸᠠᠩ ᠵᠢᠶᠠᠨ ᠵᠢᠶᠦ᠋ᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠴᠠᠭ ᠤᠨ ᠵᠠᠩᠭᠢᠶᠠᠰᠤ ᠶᠢ ᠴᠢᠩᠭ᠎ᠠ ᠡᠵᠡᠮᠳᠡᠵᠦ᠂ ᠭᠤᠷᠪᠠᠨ ᠰᠠᠷ᠎ᠠ ᠶᠢᠨ ᠴᠠᠭ ᠢ

ᠠᠰᠢᠭᠯᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠥᠪᠯᠡᠷᠡᠭᠦᠯᠦᠨ ᠦᠷᠨᠢᠭᠦᠯᠵᠦ᠂ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠪᠣᠳᠠᠲᠤ

ᠦᠷ᠎ᠡ ᠪᠦᠲᠦᠮᠵᠢ ᠭᠠᠷᠭᠠᠵᠦ᠂ ᠨᠠᠩ ᠶᠡᠭᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠦᠷᠭᠦᠯᠵᠢᠯᠡᠨ ᠬᠦᠴᠦ

ᠣᠷᠣᠭᠤᠯᠤᠨ ᠠᠬᠢᠭᠤᠯᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠡᠯ᠎ᠡ ᠰᠤᠮᠤ

ᠪᠠᠯᠭᠠᠰᠤ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ

ᠰᠦᠪᠡᠭᠴᠢᠯᠡᠨ ᠪᠠᠶᠢᠭᠤᠯᠵᠤ᠂ ᠥᠭᠡᠷᠡᠴᠢᠯᠡᠭᠰᠡᠨ ᠤ ᠳᠠᠷᠠᠭ᠎ᠠ ᠣᠯᠠᠨ ᠲᠦᠮᠡᠨ ᠳᠤ ᠦᠨᠡᠨ ᠬᠦ ᠰᠡᠳᠬᠢᠯ ᠬᠠᠨᠤᠮᠵᠢᠲᠠᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ

ᠱᠠᠭᠠᠷᠳᠠᠪᠠ᠃ ᠬᠤᠷᠠᠯ ᠠᠴᠠ ᠪᠠᠰᠠ ᠪᠦᠬᠦ ᠬᠤᠰᠢᠭᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠬᠢᠯᠲᠠ ᠶᠢᠨ ᠪᠠᠶᠢᠳᠠᠯ ᠢ ᠵᠠᠷᠯᠠᠵᠦ᠂ ᠪᠡᠯᠴᠢᠭᠡᠷᠯᠡᠭᠦᠯᠬᠦ ᠶᠢ

ᠴᠠᠭᠠᠵᠠᠯᠠᠬᠤ ᠬᠠᠤᠯᠢ ᠬᠡᠷᠡᠭᠵᠢᠭᠦᠯᠬᠦ ᠶᠠᠪᠤᠳᠠᠯ ᠳᠤ ᠲᠠᠶᠢᠯᠤᠮᠵᠢ ᠬᠢᠵᠦ᠂ ᠡᠯ᠎ᠡ ᠰᠤᠮᠤ ᠪᠠᠯᠭᠠᠰᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠠᠬᠢᠭᠤᠯᠤᠭᠰᠠᠨ

ᠪᠠᠶᠢᠳᠠᠯ ᠵᠢᠴᠢ ᠳᠤᠯᠭᠠᠷᠠᠭᠰᠠᠨ ᠬᠦᠴᠢᠷ ᠠᠰᠠᠭᠤᠳᠠᠯ ᠤᠨ ᠳᠤᠬᠠᠢ ᠬᠠᠷᠢᠭᠤ ᠮᠡᠳᠡᠭᠦᠯᠵᠡᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ