ᠪᠦᠬᠦ ᠬᠤᠰᠢᠭᠤᠨ ᠤ “ ᠠᠷᠪᠠᠨ ᠳᠦᠷᠪᠡᠳᠦᠭᠡᠷ ᠲᠠᠪᠤᠨ ᠵᠢᠯ” ᠤᠨ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ ᠵᠢᠴᠢ ᠴᠢᠬᠤᠯᠠ ᠶᠡᠭᠡ ᠳᠦᠷᠦᠯ ᠵᠦᠢᠯ ᠢ ᠲᠦᠯᠦᠪᠯᠡᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/26
   10 ᠰᠠᠷ᠎ᠠ ᠶᠢᠨ19 ᠤ ᠡᠳᠦᠷ᠂ ᠪᠦᠬᠦ ᠬᠤᠰᠢᠭᠤᠨ ᠤ “ ᠠᠷᠪᠠᠨ ᠳᠦᠷᠪᠡᠳᠦᠭᠡᠷ ᠲᠠᠪᠤᠨ ᠵᠢᠯ ” ᠤᠨ ᠲᠦᠯᠦᠪᠯᠡᠭᠡ ᠶᠢ ᠨᠠᠶᠢᠷᠠᠭᠤᠯᠬᠤ ᠵᠢᠴᠢ ᠴᠢᠬᠤᠯᠠ ᠶᠡᠭᠡ ᠳᠦᠷᠦᠯ ᠵᠦᠢᠯ ᠢ ᠲᠦᠯᠦᠪᠯᠡᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠭᠤᠤ ᠬᠤᠸᠠᠢ ᠵᠢᠩ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠳ᠋ᠤᠤ ᠰᠢᠶᠤᠤ ᠶᠠᠨ᠂ ᠳᠠᠯᠠᠳ ᠠᠵᠦ ᠠᠬᠤᠢ ᠶᠢᠨ ᠨᠡᠭᠡᠭᠡᠯᠳᠡ ᠶᠢᠨ ᠳᠤᠭᠤᠷᠢᠭ ᠤᠨ ᠨᠠᠮ ᠤᠨ ᠠᠵᠢᠯᠯᠠᠬᠤ ᠵᠦᠪᠯᠡᠯ ᠤᠨ ᠱᠦᠵᠢ ᠪᠠᠢ ᠸᠧᠨ ᠺᠧ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
    ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ︽ᠬᠤᠣᠰ ᠵᠠᠭᠤᠨ ᠵᠢᠯ︾ ᠤᠨ ᠲᠡᠮᠡᠴᠡᠯ ᠤᠨ ᠲᠡᠦᠬᠡᠨ ᠠᠭᠤᠯᠵᠠᠷ ᠤᠨ ᠬᠤᠭᠤᠴᠠᠭ᠎ᠠ ᠪᠣᠯᠤᠨ᠎ᠠ᠂  ᠮᠦᠨᠴᠦ ᠮᠠᠨ ᠤ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠬᠤ ᠨᠢ ᠮᠠᠨ ᠤ ᠬᠤᠰᠢᠭᠤᠨ ᠤ ᠢᠷᠡᠭᠡᠳᠦᠢ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃

    ᠭᠤᠤ ᠬᠤᠸᠠᠢ ᠵᠢᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠤᠷᠤᠯᠴᠠᠨ ᠣᠶᠢᠯᠠᠭᠠᠬᠤ ᠳᠡᠭᠡᠷ᠎ᠡ ᠬᠦᠴᠦ ᠪᠠᠨ

ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ

ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ

ᠦᠶᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ

ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ

ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠡᠢ ᠬᠥᠭᠵᠢᠯᠲᠡ ᠶᠢᠨ ᠰᠢᠨ᠎ᠡ ᠵᠠᠮ ᠢ ᠲᠦᠷᠭᠡᠨ ᠰᠦᠪᠡᠭᠴᠢᠯᠡᠨ᠎ᠡ᠃ ᠬᠠᠷᠢᠭᠤᠴᠠᠯᠭᠠᠲᠤ ᠰᠡᠳᠬᠢᠯᠭᠡ ᠪᠠ

ᠲᠤᠯᠭᠠᠮ᠎ᠠ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠰᠡᠳᠬᠢᠮᠵᠢ ᠪᠠᠨ ᠲᠣᠳᠣᠷᠬᠠᠶ

ᠪᠣᠯᠭᠠᠵᠤ᠂ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠵᠤ᠂ ᠡᠯ᠎ᠡ ᠳᠦᠷᠦᠯ ᠤᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ

ᠪᠣᠳᠠᠲᠤ ᠪᠠᠶᠢᠳᠠᠯ ᠳᠤ ᠰᠠᠭᠤᠷᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠤᠯᠠᠮ ᠨᠢᠭᠡ ᠠᠯᠬᠤᠮ ᠭᠦᠨ᠂ ᠨᠡᠪᠲᠡᠷᠬᠡᠶ᠂ ᠨᠠᠷᠢᠨ ᠨᠢᠮᠪᠠᠶ

ᠳᠡᠭᠡᠷ᠎ᠡ ᠠᠰᠠᠭᠤᠳᠠᠯ ᠣᠷᠣᠰᠢᠵᠤ᠂ ᠠᠰᠠᠭᠤᠳᠠᠯ ᠤᠨ ᠳᠤᠳᠠᠭᠤᠳᠠᠯ ᠢ ᠣᠨᠣᠪᠴᠢᠲᠠᠶ ᠡᠷᠢᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂

ᠬᠤᠲᠠ ᠶᠢᠨ ᠪᠦᠲᠦᠭᠡᠨ ᠪᠠᠶᠢᠭᠤᠯᠤᠯᠲᠠ᠂ ᠦᠢᠯᠡᠳᠭᠦᠨ ᠤ ᠨᠡᠷᠡᠲᠦ ᠲᠥᠷᠥᠯ ᠲᠡᠮᠳᠡᠭ ᠤᠨ ᠪᠦᠲᠦᠭᠡᠨ ᠪᠠᠶᠢᠭᠤᠯᠤᠯᠲᠠ᠂ ᠣᠳᠣ ᠦᠶ᠎ᠡ ᠶᠢᠨ ᠦᠶᠯᠡᠴᠢᠯᠡᠭᠡᠨ ᠤ

ᠦᠢᠯᠡᠰ ᠢ ᠳᠡᠰ ᠳᠡᠪᠰᠢᠭᠦᠯᠬᠦ᠂ ᠴᠢᠬᠤᠯᠠ ᠶᠡᠭᠡ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠰᠣᠶᠣᠯ

ᠵᠢᠭᠤᠯᠴᠢᠯᠠᠯ ᠤᠨ ᠣᠨᠴᠠᠯᠢᠭᠲᠤ ᠠᠵᠤ ᠦᠶᠯᠡᠰ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ᠂ ᠲᠥᠯᠥᠪᠵᠢᠭᠦᠯᠭᠡ ᠶᠢᠨ ᠤᠷᠢᠳᠠᠴᠢ ᠴᠢᠨᠠᠷ᠂

ᠰᠢᠨᠵᠢᠯᠡᠬᠦ ᠤᠬᠠᠭᠠᠨᠴᠢ ᠴᠢᠨᠠᠷ᠂ ᠬᠥᠲᠥᠯᠥᠨ ᠳᠠᠭᠠᠭᠤᠯᠬᠤ ᠴᠢᠨᠠᠷ᠂ ᠵᠣᠷᠢᠭᠵᠢᠭᠤᠯᠬᠤ ᠴᠢᠨᠠᠷ᠂ ᠰᠡᠩᠬᠡᠷᠡᠭᠦᠯᠬᠦ ᠴᠢᠨᠠᠷ ᠢ ᠦᠨᠡᠨᠬᠦ ᠪᠠᠲᠤᠯᠠᠵᠤ᠂ ᠪᠠᠰᠠ ᠵᠢᠯᠣᠭᠤᠳᠬᠤ

ᠴᠢᠨᠠᠷ ᠪᠠ ᠠᠵᠢᠯᠯᠠᠬᠤ ᠴᠢᠨᠠᠷ ᠲᠠᠢ᠃ ᠨᠢᠭᠡᠳᠦᠯᠲᠡᠶ ᠲᠥᠯᠥᠪᠯᠡᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠬᠠᠷᠢᠭᠤᠴᠠᠯᠭ᠎ᠠ ᠵᠢᠨ‌ᠨᠠᠶᠢᠳᠠᠪᠤᠷᠢᠵᠢᠭᠤᠯᠤᠯᠳᠠ ᠶᠢ

ᠴᠢᠩᠭᠠᠳᠬᠠᠵᠤ᠂ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠠᠭ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠲᠥᠯᠥᠪᠵᠢᠭᠦᠯᠭᠡ

ᠨᠠᠶᠢᠷᠠᠭᠤᠯᠤᠨ ᠵᠣᠬᠢᠶᠠᠬᠤ ᠶᠢ ᠬᠤᠭᠤᠴᠠᠭ᠎ᠠ ᠶᠣᠰᠣᠭᠠᠷ ᠥᠨᠳᠥᠷ ᠲᠦᠪᠰᠢᠨ ᠢᠶᠠᠷ ᠪᠡᠶᠡᠯᠡᠭᠦᠯᠬᠦ ᠶᠢ ᠪᠠᠲᠤᠯᠠᠵᠤ᠂ ᠮᠠᠨ ᠤ ᠬᠤᠰᠢᠭᠤᠨ ᠤ ᠴᠢᠨᠠᠷ ᠰᠠᠶᠢᠳᠠᠢ

ᠬᠥᠭᠵᠢᠯᠲᠡ ᠳᠤ ᠠᠤᠭ᠎ᠠ ᠲᠥᠰᠦᠪ ᠢ ᠵᠢᠷᠤᠭᠯᠠᠨ᠎ᠠ᠃

    ᠬᠤᠷᠠᠯ ᠳᠡᠭᠡᠷ᠎ᠡ᠂ ᠲᠥᠯᠥᠪᠵᠢᠭᠦᠯᠭᠡ ᠨᠠᠶᠢᠷᠠᠭᠤᠯᠬᠤ ᠨᠢᠭᠡᠴᠡ ᠨᠢ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ

ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠵᠡᠷᠭᠡ

ᠬᠤᠯᠪᠣᠭᠳᠠᠯ ᠪᠦᠬᠦᠢ ᠰᠠᠯᠠᠭ᠎ᠠ ᠮᠥᠴᠢᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶ ᠰᠡᠳᠬᠢᠴᠡ᠂ ᠶᠡᠷᠦᠩᠬᠡᠶ ᠡᠵᠡᠮᠰᠢᠯ᠂ ᠶᠡᠷᠦᠩᠬᠡᠶ ᠱᠠᠭᠠᠷᠳᠠᠯᠭ᠎ᠠ ᠶᠢᠨ

ᠲᠤᠬᠠᠶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠥᠷᠥᠯ ᠵᠦᠶᠯ ᠤᠨ ᠨᠦᠭᠡᠴᠡ ᠤᠨ ᠪᠠᠶᠢᠳᠠᠯ᠂ 2021ᠣᠨ ᠳᠤ

ᠬᠡᠷᠡᠭᠵᠢᠭᠦᠯᠬᠦ ᠪᠠᠷ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠶᠯ ᠵᠢᠴᠢ  ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃

   

ᠢᠷᠡᠯᠲᠡ᠄ ᠳᠠᠯᠠᠳ ᠬᠤᠰᠢᠭᠤᠨ ᠤ ᠵᠠᠰᠠᠭ ‍ᠤᠨ‌‍ᠶᠠᠪᠤᠳᠠᠯ ᠤᠨ ᠮᠤᠩᠭᠤᠯ ᠰᠦᠯᠵᠢᠶ᠎ᠠ