ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ 2020 — 2021ᠰᠤᠷᠤᠯᠭ᠎ᠠ ᠶᠢᠨ ᠣᠨ ᠤ | ᠨᠢᠭᠡᠳᠦᠭᠡᠷ ᠰᠤᠷᠤᠯᠭ᠎ᠠ ᠶᠢᠨ ᠬᠤᠭᠤᠴᠠᠭᠠᠨ ᠤ ᠪᠥᠬᠦ ᠣᠷᠣᠨ ᠤ ᠡᠩ ᠤᠨ ᠥᠨᠳᠥᠷ ᠵᠡᠷᠭᠡ ᠵᠢᠨᠲ᠋ᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢ 2021 ᠣᠨ ᠤ 1 ᠰᠠᠷ᠎ᠠ ᠶᠢᠨ 5 ᠤ | ᠡᠳᠦᠷ ᠠᠴᠠ 6 ᠤ ᠡᠳᠦᠷ ᠪᠣᠯᠲᠠᠯ᠎ᠠ ᠬᠢᠬᠦ ᠪᠠᠷ ᠲᠣᠭᠲᠠᠪᠠ᠃ ᠲᠣᠰ ᠬᠤᠭᠤᠴᠠᠭᠠᠨ ᠤ ᠥᠨᠳᠥᠷ ᠳᠤᠮᠳᠠᠳᠤ ᠶᠢᠨ | ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠢᠯᠭᠠᠯᠲᠠ ᠶᠢᠨ ᠬᠠᠷᠢᠶᠠᠯᠠᠯ ᠢ ᠳᠠᠩᠰᠠᠯᠠᠭᠤᠯᠬᠤ ᠠᠵᠢᠯ ᠪᠠ ᠥᠨᠳᠥᠷ | ᠳᠤᠮᠳᠠᠳᠤ ᠶᠢᠨ ᠬᠤᠶᠠᠳᠤᠭᠠᠷ ᠣᠨ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠶᠢᠨ ᠬᠢᠴᠢᠶᠡᠯ | ᠰᠣᠩᠭᠤᠬᠤ ᠨᠡᠷ᠎ᠡ ᠮᠡᠳᠡᠭᠦᠯᠬᠦ ᠵᠢᠴᠢ ᠰᠢᠯᠭᠠᠯᠲᠠ ᠶᠢᠨ ᠬᠠᠷᠢᠶ᠎ᠠ ᠶᠢ ᠨᠦᠬᠦᠪᠤᠷᠢᠯᠡᠨ ᠳᠠᠩᠰᠠᠯᠠᠭᠤᠯᠬᠤ ᠠᠵᠢᠯ ᠢ | 2020 ᠣᠨ ᠤ 11ᠰᠠᠷ᠎ᠠ ᠶᠢᠨ 1 ᠤ ᠡᠳᠦᠷ ᠠᠴᠠ10 ᠤ ᠡᠳᠦᠷ ᠪᠣᠯᠲᠠᠯ᠎ᠠ ᠨᠢᠭᠡᠳᠦᠯᠲᠡᠢ ᠳᠣᠭᠢᠷᠠᠭᠤᠯᠤᠨ᠎ᠠ᠃ | ᠰᠢᠯᠭᠠᠭᠤᠯᠤᠭᠴᠢ ᠤᠷᠢᠳᠴᠢᠯᠠᠨ ᠪᠡᠯᠡᠳᠬᠡᠯ ᠬᠢᠬᠦ ᠬᠡᠷᠡᠭᠲᠡᠶ᠃ | ᠰᠢᠯᠭᠠᠬᠤ ᠴᠠᠭ ᠵᠢᠴᠢ ᠬᠢᠴᠢᠶᠡᠯ ᠲᠥᠷᠥᠯ᠄ 2021 ᠣᠨ ᠤ 1 ᠰᠠᠷ᠎ᠠ ᠶᠢᠨ 5 ᠤ ᠡᠳᠦᠷ ᠤᠨ | ᠦᠳᠡ ᠵᠢᠨᠡᠮᠦᠨᠡᠬᠢ 8᠄ 00 — 9᠄ 30 ᠲᠣᠭᠠᠨ ᠤ ᠤᠬᠠᠭᠠᠨ᠂ 10᠄ 30 — 12᠄ 00 ᠭᠠᠳᠠᠭᠠᠳᠤ | ᠬᠡᠯᠡ ︵ᠠᠩᠭ᠍ᠯᠢ ᠬᠡᠯᠡ᠂ ᠶᠠᠫᠣᠨ ᠬᠡᠯᠡ᠂ ᠣᠷᠣᠰ ᠬᠡᠯᠡ︶᠂ ᠦᠳᠡ ᠬᠤᠶᠢᠨᠠᠬᠢ3᠄ 00 — 5᠄ 00 ᠬᠡᠯᠡ | ᠪᠢᠴᠢᠭ ︵ᠮᠣᠩᠭᠤᠯ ᠬᠡᠯᠡ ᠪᠢᠴᠢᠭ ᠤᠨ ᠬᠥᠬᠡ᠂ ᠰᠣᠯᠣᠩᠭᠤᠰ ᠬᠡᠯᠡ ᠪᠢᠴᠢᠭ︶᠃ 2021 ᠣᠨ ᠤ 1 ᠰᠠᠷ᠎ᠠ ᠶᠢᠨ | 6 ᠤ ᠡᠳᠦᠷ ᠤᠨ ᠦᠳᠡ ᠵᠢᠨᠡᠮᠦᠨᠡᠬᠢ 8᠄ 00 — 9᠄ 30 ᠠᠮᠢᠳᠤ ᠪᠣᠳᠠᠰ᠂ 10᠄ 30 — 12᠄ 00 | ᠲᠡᠤᠬᠡ᠂ ᠦᠳᠡ ᠶᠢᠨ ᠬᠤᠶᠢᠨᠠᠬᠢ 3᠄ 00 — 4᠄ 30 ᠭᠠᠵᠠᠷ ᠵᠦᠶ᠃ | ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠨᠢᠭᠤᠷᠯᠠᠯ ᠪᠣᠯ ᠮᠠᠨ ᠤ ᠣᠷᠣᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠠᠷᠢᠶᠠᠲᠤ ᠡᠩ ᠤᠨ | ᠥᠨᠳᠥᠷ ᠳᠤᠮᠳᠠᠳᠤ ᠶᠢᠨ ᠬᠤᠶᠠᠳᠤᠭᠠᠷ ᠣᠨ᠂ ᠭᠤᠷᠪᠠᠳᠤᠭᠠᠷ ᠣᠨ ᠤ ᠰᠣᠷᠣᠭᠴᠢ ᠪᠣᠯᠤᠨ᠎ᠠ᠃ ᠡᠭᠦᠨ ᠳᠤ᠂ | ᠦᠨᠳᠤᠷ ᠵᠡᠷᠭᠡ ᠶᠢᠨ ᠭᠤᠷᠪᠠᠳᠤᠭᠠᠷ ᠣᠨ ᠳᠤ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 | ᠬᠢᠴᠢᠶᠡᠯ ᠲᠥᠷᠥᠯ ᠰᠢᠯᠭᠠᠨ᠎ᠠ︔ ᠦᠨᠳᠤᠷ ᠵᠡᠷᠭᠡ ᠶᠢᠨ ᠬᠤᠶᠠᠳᠤᠭᠠᠷ ᠣᠨ ᠳᠤ ᠠᠮᠢᠳᠤ ᠪᠣᠳᠠᠰ᠂ ᠲᠡᠤᠬᠡ᠂ ᠭᠠᠵᠠᠷ | ᠵᠦᠶ ᠵᠡᠷᠭᠡ 3 ᠬᠢᠴᠢᠶᠡᠯ ᠲᠥᠷᠥᠯ ᠢ ᠰᠢᠯᠭᠠᠨ᠎ᠠ᠃ ᠦᠨᠳᠤᠷ ᠭᠤᠷᠪᠠᠳᠤᠭᠠᠷ ᠣᠨ ᠤ ᠰᠤᠷᠤᠭᠴᠢ᠂ ᠬᠡᠷᠪᠡ ᠠᠮᠢᠳᠤ | ᠪᠣᠳᠠᠰ᠂ ᠲᠡᠤᠬᠡ᠂ ᠭᠠᠵᠠᠷ ᠵᠦᠶ 3ᠬᠢᠴᠢᠶᠡᠯ ᠲᠥᠷᠥᠯ ᠰᠢᠯᠭᠠᠭᠤᠯᠤᠭᠠᠳ ᠬᠢᠷᠢ ᠲᠡᠩᠴᠡᠭᠰᠡᠨ ᠥᠬᠡᠶ ᠪᠤᠯ ᠵᠣᠬᠢᠬᠤ | ᠬᠢᠴᠢᠶᠡᠯ ᠲᠥᠷᠥᠯ ᠳᠤ ᠳᠠᠭᠢᠵᠤ ᠨᠡᠷ᠎ᠡ ᠮᠡᠳᠡᠭᠦᠯᠦᠨ ᠰᠢᠯᠭᠠᠭᠤᠯᠵᠦ ᠪᠣᠯᠤᠨ᠎ᠠ᠃ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ᠶᠢᠨ ᠬᠠᠷᠢᠶ᠎ᠠ ᠪᠠᠨ ᠳᠠᠩᠰᠠᠯᠠᠭᠤᠯᠵᠤ ᠥᠩᠭᠡᠷᠡᠭᠰᠡᠨ ᠦᠭᠡᠢ ᠦᠨᠳᠤᠷ ᠬᠤᠶᠠᠳᠤᠭᠠᠷ ᠣᠨ᠂ | ᠥᠨᠳᠥᠷ ᠭᠤᠷᠪᠠᠳᠤᠭᠠᠷ ᠣᠨ ᠤ ᠰᠤᠷᠤᠭᠴᠢ᠂ ᠲᠣᠭᠲᠠᠭᠰᠠᠨ ᠴᠠᠭ ᠤᠨᠲ᠋ᠣᠲᠣᠷ᠎ᠠ ᠤᠷᠢᠳ ᠢᠶᠠᠷ ᠰᠢᠯᠭᠠᠯᠲᠠ ᠶᠢᠨ | ᠬᠠᠷᠢᠶ᠎ᠠ ᠶᠢ ᠨᠥᠬᠦᠪᠥᠷᠢᠯᠡᠨ ᠳᠠᠩᠰᠠᠯᠠᠭᠤᠯᠤᠭᠰᠠᠨ ᠤ ᠳᠠᠷᠠᠭ᠎ᠠ᠂ ᠳᠠᠬᠢᠨ ᠬᠢᠴᠢᠶᠡᠯ ᠰᠤᠩᠭᠤᠨ ᠨᠡᠷ᠎ᠡ ᠮᠡᠳᠡᠭᠦᠯᠵᠦ | ᠪᠣᠯᠤᠨ᠎ᠠ᠃ | 2020 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠳᠤ ᠣᠷᠣᠬᠤ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠤᠷᠤᠭᠴᠢ ᠶᠢᠨ ᠰᠢᠯᠭᠠᠯᠲᠠᠶᠢᠨᠬᠠᠷᠢᠶᠠᠯᠠᠯ ᠳᠠᠩᠰᠠᠯᠠᠬᠤ | ᠠᠵᠢᠯ ᠢ ᠴᠤ ᠬᠠᠮᠲᠤ ᠲᠤᠨᠢ ᠶᠠᠪᠤᠭᠳᠠᠭᠤᠯᠤᠨ᠎ᠠ᠃ ᠰᠢᠨ᠎ᠡ ᠰᠣᠷᠣᠭᠴᠢ ᠡᠷᠬᠡᠪᠰᠢ ᠰᠤᠷᠭᠠᠭᠤᠯᠢ ᠶᠢᠨ | ᠲᠣᠬᠢᠷᠠᠭᠤᠯᠤᠯᠲᠠ ᠶᠢ ᠦᠨᠳᠦᠰᠦᠯᠡᠨ᠂ ᠲᠣᠭᠲᠠᠭᠰᠠᠨ ᠴᠠᠭ ᠲᠤ ᠥᠪᠥᠷ ᠮᠣᠩᠭᠤᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵https://www nm. zsks. cn︶ ᠶᠢᠨ | ︽ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ︾ ᠰᠤᠪᠠᠭ ᠤᠨ︽ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾ ᠳᠤ ᠭᠠᠷᠴᠤ ᠳᠠᠩᠰᠠᠯᠠᠭᠤᠯᠬᠤ ᠬᠡᠷᠡᠭᠲᠡᠶ᠃ | | | | |