ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 136 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/3/11
       ᠤᠶᠢᠷ᠎ᠠ ᠶᠢᠨ ᠡᠳᠦᠷ᠂  ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 136 ᠳ᠋ᠤᠭᠠᠷ ᠤᠳᠠᠭᠠᠨ ᠤ  ᠪᠠᠶᠢᠩᠭᠤ ᠶᠢᠨ ᠭᠡᠰᠢᠭᠦᠳ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ ᠬᠤᠷᠠᠯ ᠡᠷᠬᠢᠯᠡᠨ ᠶᠠᠷᠢᠶ᠎ᠠ ᠲᠠᠯᠪᠢᠵᠠᠶ᠃ ᠰᠤ᠋ ᡁᠢ ᠰᠢᠶᠦ᠋ᠩ᠂ ᠸᠠᠩ ᠫᠢᠩ᠂ ᠮᠠ ᠯᠢᠨ᠂ ᠰᠤ᠋ ᠵᠧᠨ ᠫᠢᠩ᠂ ᠼᠦᠢ ᠶᠦᠩ ᠫᠢᠩ᠂ ᠸᠠᠩ ᠵᠢᠶᠤᠤ᠂ ᠸᠠᠩ ᠱᠤ᠋ ᠬᠤᠩ ᠬᠤᠷᠠᠯ ᠳᠤ ᠣᠷᠣᠯᠴᠠᠪᠠ᠃ ᠳ᠋ᠦ᠋ ᠵᠢᠶᠠᠨ ᠶᠦᠩ᠂ ᠯᠢᠦ ᠶᠦᠩ ᠹᠦ᠋ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃

       

          ᠬᠤᠷᠠᠯ ᠠᠴᠠ ︽ᠳᠠᠯᠠᠳ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠦᠯᠢ ᠠᠴᠠ

ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ︽ᠳᠠᠯᠠᠳ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ

ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠦ ᠬᠢᠨᠠᠨ ᠪᠠᠶᠢᠴᠠᠭᠠᠬᠤ ᠠᠵᠢᠯ ᠤᠨ

ᠲᠥᠰᠦᠯ︾ ᠢ ᠬᠢᠨᠠᠨ ᠪᠠᠲᠤᠯᠠᠪᠠ᠃  

                                         

     

       ᠴᠢ᠊᠂ ᠳᠠᠯᠠᠨᠳᠠᠢ ᠴᠢᠬᠤᠯᠠᠴᠢᠯᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠳᠤᠭᠳᠠᠭᠠᠯ ᠠᠴᠠ ᠵᠦᠷᠢᠴᠡᠵᠦ ᠬᠠᠤᠯᠢ ᠠᠴᠠ

ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ

ᠬᠤᠷᠢᠶ᠎ᠠ ᠠᠴᠠ ᠥᠪᠥᠷ ᠮᠣᠩᠭᠤᠯ ᠳᠤ ᠨᠠᠶᠢᠳᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ

ᠵᠠᠪᠠᠯ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠡᠨᠡ ᠬᠦ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ

ᠲᠠᠨᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠨᠠᠮ ᠤᠨ

ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠲᠤᠰᠬᠠᠢ ᠴᠡᠭᠴᠡᠯᠡᠨ ᠵᠠᠰᠠᠬᠤ ᠡᠯ᠎ᠡ ᠳᠦᠷᠦᠯ ᠤᠨ ᠠᠵᠢᠯ ᠢ ᠯᠠᠪᠳᠠᠭᠤᠨ

ᠪᠠᠲᠤᠲᠠᠢ ᠰᠠᠶᠢᠳᠤᠷ ᠠᠳᠬᠤᠬᠤ ᠬᠡᠷᠡᠭᠲᠡᠢ ᠬᠡᠵᠡᠢ᠃

       ᠴᠢ᠊᠂ ᠳᠠᠯᠠᠨᠳᠠᠢ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ

ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠦᠯᠢ ᠠᠴᠠ ᠵᠦᠷᠢᠴᠡᠭᠰᠡᠨ ᠠᠰᠠᠭᠤᠳᠠᠯ ᠤᠨ ᠲᠤᠬᠠᠶ ᠲᠤᠰᠬᠠᠶ

ᠴᠡᠭᠴᠡᠯᠡᠨ ᠵᠠᠰᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ

ᠨᠢᠭᠡᠳᠦᠯᠲᠡᠶ ᠪᠠᠶᠢᠷᠢᠯᠠᠭᠤᠯᠤᠯᠳᠠ ᠪᠠ ᠬᠤᠲᠠ ᠶᠢᠨ ᠱᠠᠭᠠᠷᠳᠠᠯᠭ᠎ᠠ ᠶᠣᠰᠣᠭᠠᠷ᠂ ᠦᠳᠲᠡᠷ ᠲᠦᠷᠭᠡᠨ ᠬᠥᠳᠡᠯᠦᠯᠴᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ

ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠢᠭᠲᠠ

ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠤᠰᠬᠠᠶ ᠴᠡᠭᠴᠡᠯᠡᠨ ᠵᠠᠰᠠᠬᠤ ᠡᠯ᠎ᠡ ᠳᠦᠷᠦᠯ ᠤᠨ ᠠᠵᠢᠯ ᠤᠨ ᠡᠮᠬᠢ ᠵᠢᠷᠤᠮ ᠲᠠᠢ

ᠶᠠᠪᠤᠭᠳᠠᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠣᠳᠣ ᠪᠠᠶᠢᠭ᠎ᠠ ᠨᠡᠭᠦᠷᠡᠰᠦᠨ ᠠᠭᠤᠷᠬᠠᠶ ᠪᠠᠷ ᠡᠬᠢᠯᠡᠯᠲᠡ ᠪᠣᠯᠭᠠᠨ᠂ ᠭᠡᠳᠡᠷᠭᠦ ᠪᠠᠶᠢᠴᠠᠭᠠᠵᠤ

ᠢᠷᠡᠯᠲᠡ ᠶᠢ ᠨᠢ ᠡᠷᠢᠵᠦ᠂ 2000 ᠣᠨ ᠠᠴᠠ ᠨᠠᠰᠢᠬᠢ ᠪᠣᠢ ᠪᠦᠬᠦᠢ ᠨᠡᠭᠦᠷᠡᠰᠦᠨ ᠠᠭᠤᠷᠬᠠᠢ ᠶᠢᠨ ᠲᠥᠯᠥᠪᠵᠢᠭᠦᠯᠭᠡ ᠶᠢᠨ ᠲᠥᠷᠥᠯ ᠵᠦᠶᠯ ᠲᠤᠭᠳᠠᠭᠠᠬᠤ᠂ ᠪᠡᠯᠡ

ᠣᠷᠣᠭᠤᠯᠤᠯᠲᠠ ᠶᠢ ᠬᠢᠨᠠᠨ ᠬᠠᠷᠭᠤᠭᠤᠯᠬᠤ᠂ ᠡᠬᠢ ᠪᠠᠶᠠᠯᠢᠭ ᠤᠨ ᠲᠣᠬᠢᠷᠠᠭᠤᠯᠤᠯᠲᠠ᠂ ᠰᠲ᠋ᠣᠺ ᠤᠨ ᠡᠷᠬᠡ ᠶᠢ ᠬᠤᠪᠢᠷᠠᠭᠤᠯᠬᠤ ᠵᠡᠷᠭᠡ ᠡᠯ᠎ᠡ ᠭᠤᠭᠴᠤᠭ᠎ᠠ ᠶᠢ ᠪᠦᠬᠦ

ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ᠂ ︽ᠨᠢᠭᠡ ᠠᠭᠤᠷᠬᠠᠶ ᠨᠢᠭᠡ ᠳᠠᠩᠰᠠ ᠡᠪᠬᠡᠮᠡᠯ ᠲᠠᠢ ᠪᠠᠶᠢᠬᠤ︾ ᠱᠠᠭᠠᠷᠳᠠᠯᠭ᠎ᠠ ᠶᠣᠰᠣᠭᠠᠷ᠂ ᠰᠠᠭᠤᠷᠢ ᠲᠤᠭ᠎ᠠ

ᠪᠠᠷᠢᠮᠲᠠ᠂ ᠪᠠᠶᠢᠳᠠᠯ ᠢ ᠨᠢ ᠲᠣᠪ ᠲᠣᠳᠣᠷᠬᠠᠶ ᠮᠡᠳᠡᠬᠦ ᠬᠡᠷᠡᠭᠲᠡᠶ᠃ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ

ᠴᠢᠩᠭ᠎ᠠ ᠠᠳᠬᠤᠵᠦ᠂ ᠲᠤᠰᠬᠠᠶ ᠴᠡᠭᠴᠡᠯᠡᠨ ᠵᠠᠰᠠᠬᠤ ᠡᠯ᠎ᠡ ᠳᠦᠷᠦᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠵᠡᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ