ᠤᠢᠢᠷ ᠡ ᠶᠢᠨ ᠵᠢᠯ ᠠᠴᠠ ᠨᠠᠭᠠᠰᠢ᠂ ᠵᠤᠤ ᠵᠢᠶᠥ᠋ᠨ ᠪᠠᠯᠭᠠᠰᠤ ︽ᠬᠤᠪᠢ ᠤᠷᠤᠭᠤᠯᠤᠨ ᠠᠰᠢᠭ | ᠬᠤᠪᠢᠶᠠᠬᠤ︾᠂ ︽ᠭᠠᠵᠠᠷ ᠰᠢᠷᠤᠢ ᠶᠢ ᠤᠷᠤᠯᠠᠨ ᠲᠠᠷᠢᠬᠤ︾ ᠵᠡᠷᠬᠡ ᠬᠡᠪ ᠵᠠᠭᠪᠤᠷ ᠢᠶᠠᠷ ᠲᠡᠮᠵᠢᠭᠤᠯᠤᠨ᠂ ᠬᠠᠳᠤᠨ | ᠭᠤᠤᠯ ᠲᠠᠭᠠᠤ ᠠᠮᠢ ᠠᠬᠤᠢ ᠶᠢᠨ ᠠᠵᠤ ᠤᠢᠢᠯᠡᠰ ᠤᠨ ᠪᠥᠰᠡ ᠶᠢ ᠢᠳᠡᠪᠬᠢᠳᠠᠢ ᠪᠠᠶᠢᠭᠤᠯᠵᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠥᠳᠡᠭᠡ ᠲᠤᠰᠬᠤᠨ ᠢ ᠬᠥᠭᠵᠢᠬᠦᠯᠬᠦ ᠶᠢ ᠥᠷᠬᠦᠯᠵᠢᠯᠡᠨ ᠠᠬᠢᠭᠤᠯᠵᠠᠢ᠃ | | ᠵᠤᠤ ᠵᠢᠶᠥ᠋ᠨ ᠪᠠᠯᠭᠠᠰᠤᠨ ᠤ ᠾᠸᠥ ᠵᠢᠶᠠ ᠭᠧ ᠳ᠋ᠦ᠋ ᠲᠤᠰᠬᠤᠨ ᠤ ᠠᠷᠠᠳ ᠡᠤ ᠵᠸᠡᠭ ᠶᠦᠨ 18000 | ᠲᠥᠬᠦᠷᠢᠭ ᠤᠨ ᠭᠠᠵᠠᠷ ᠰᠢᠷᠤᠢ ᠶᠢᠨ ᠤᠷᠤᠯᠭ᠎ᠠ ᠪᠠᠨ ᠠᠪᠤᠭᠰᠠᠨ ᠤ ᠲᠠᠷᠠᠭ᠎ᠠ᠄ ︽ᠥᠡᠭᠬᠡᠷᠡᠭᠰᠡᠨ ᠳᠤ ᠨᠢᠬᠡ ᠮᠥ | ᠭᠠᠵᠠᠷ ᠢᠶᠠᠨ 100 ᠲᠥᠬᠦᠷᠢᠭ ᠢᠶᠠᠷ ᠪᠤᠰᠤᠳ ᠲᠤ ᠲᠠᠭᠠᠭᠠᠴᠢᠯᠠᠭᠤᠯᠵᠥ ᠪᠠᠶᠢᠭᠰᠠᠨ ᠶᠤᠮ᠂ ᠬᠤᠷᠰᠢᠶᠠᠵᠢᠯ ᠳᠤ | ᠬᠤᠪᠢ ᠤᠷᠤᠭᠰᠠᠨ ᠤ ᠰᠡᠬᠦᠯᠡᠷ ᠨᠢᠬᠡ ᠮᠥ ᠭᠠᠵᠠᠷ ᠢ 600 ᠲᠥᠬᠦᠷᠢᠭ ᠢᠶᠠᠷ ᠲᠠᠭᠠᠭᠠᠴᠢᠯᠠᠭᠤᠯᠬᠤ ᠪᠤᠯᠵᠦ᠂ | ᠥᠡᠭᠭᠡᠷᠡᠭᠰᠡᠨ ᠠᠴᠠ ᠲᠠᠪᠤ ᠵᠢᠷᠭᠤᠭ᠎ᠠ ᠲᠠᠬᠢᠨ ᠢᠯᠡᠬᠦᠥ ᠪᠤᠯᠵᠠᠢ︾ ᠬᠡᠵᠥ ᠪᠠᠶᠠᠷᠳᠠᠶᠢᠬᠠᠨ ᠶᠠᠷᠢᠯ ᠠ᠃ ᠾᠸᠥ ᠵᠢᠶᠠ | ᠭᠧ ᠳ᠋ᠦ᠋ ᠲᠤᠰᠬᠤᠨ ᠤ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠭᠠᠰᠢ᠂ ᠨᠠᠶᠢᠳᠠᠨ ᠬᠠᠮᠢᠶᠠᠷᠣᠭᠤᠯᠬᠤ ᠪᠠᠷ ᠠᠰᠢᠭ | ᠬᠤᠪᠢᠶᠠᠬᠤ᠂ ᠠᠵᠤ ᠤᠢᠢᠯᠡᠰ ᠤᠨ ᠪᠡᠯᠡ ᠮᠥᠡᠭᠬᠦ ᠪᠠᠷ ᠬᠤᠪᠢ ᠤᠷᠤᠭᠤᠯᠤᠨ ᠠᠰᠢᠭ ᠬᠤᠪᠢᠶᠠᠬᠤ ᠵᠡᠷᠬᠡ ᠬᠡᠪ | ᠵᠠᠭᠪᠤᠷ ᠢᠶᠠᠷ ᠲᠠᠮᠵᠢᠭᠤᠯᠤᠨ ᠶᠠᠳᠠᠭᠤ ᠬᠥᠴᠢᠷᠳᠡᠯᠳᠠᠢ ᠡᠷᠤᠬᠡ ᠳᠤ ᠨᠡᠩ ᠢᠯᠡᠬᠦᠥ ᠠᠰᠢᠭ ᠬᠤᠨᠵᠢᠪᠤᠷᠢ ᠤᠯᠭᠤᠵᠠᠢ᠃ | ᠾᠸᠥ ᠵᠢᠶᠠ ᠭᠧ ᠳ᠋ᠦ᠋ ᠲᠤᠰᠬᠤᠨ ᠤ ᠵᠥᠪᠯᠡᠯ ᠤᠨ ᠬᠠᠷᠢᠭᠤᠴᠠᠯᠭᠠᠳᠠᠨ ᠯᠢ ᠰᠢᠩ ᠺᠤᠸᠠᠨ ᠲᠠᠨᠢᠯᠴᠠᠭᠤᠯᠬᠤ ᠳᠠᠭᠠᠨ᠄ | ︽ᠡᠨᠡ ᠬᠦ ᠬᠡᠪ ᠵᠠᠭᠪᠤᠷ ᠶᠤᠰᠤᠭᠠᠷ ᠬᠢᠬᠦ ᠳᠤ ᠬᠥᠷᠪᠡᠯ᠂ ᠠᠷᠠᠳ ᠲᠥᠮᠡᠨ ᠬᠠᠮᠳᠤ ᠪᠠᠷ ᠠᠰᠢᠭ ᠬᠥᠷᠳᠡᠵᠥ᠂ | ᠨᠠᠰᠤᠳᠠᠶᠢᠴᠤᠳ ᠪᠠᠭᠤᠷᠠᠶᠢᠴᠤᠤᠯ ᠤᠨ ᠭᠠᠵᠠᠷ ᠲᠠᠷᠢᠬᠤ ᠬᠥᠴᠢᠷ ᠠᠰᠠᠭᠤᠳᠠᠯ ᠪᠠ ᠰᠠᠨᠠᠭ᠎ᠠ ᠠᠮᠤᠷ ᠭᠠᠳᠠᠨ᠎ᠠ ᠶᠠᠪᠤᠵᠥ | ᠬᠥᠯᠥᠰᠤᠨ ᠠᠵᠢᠯ ᠬᠢᠵᠥ ᠲᠡᠶᠢᠯᠬᠦ ᠥᠬᠡᠢ ᠪᠠᠶᠢᠳᠠᠭ ᠠᠰᠠᠭᠤᠳᠠᠯ ᠢ ᠴᠤ ᠰᠢᠢᠳᠪᠤᠷᠢᠯᠡᠴᠢᠬᠡᠨᠠ︾ ᠬᠡᠵᠤ ᠪᠠᠶᠢᠯ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠥᠷᠬᠦᠯᠵᠢᠯᠡᠨ ᠠᠬᠢᠭᠤᠯᠬᠤ ᠶᠢᠨ ᠬᠠᠮᠳᠤ | ᠬᠤᠷᠰᠢᠶᠠᠵᠢᠯ ᠤᠨ ᠬᠡᠪ ᠵᠠᠭᠪᠤᠷ ᠢᠶᠠᠷ ᠶᠠᠳᠠᠭᠤ ᠬᠥᠴᠢᠷᠳᠡᠯᠳᠠᠢ ᠤᠯᠠᠨ ᠲᠥᠮᠡᠨ ᠪᠠ ᠲᠠᠷᠢᠶᠠᠯᠠᠩ ᠲᠠᠢ | ᠬᠤᠯᠪᠤᠭᠳᠠᠭᠰᠠᠨ ᠠᠵᠤ ᠠᠬᠤᠢᠢᠯᠠᠯ ᠤᠨ ᠠᠰᠢᠭ ᠤᠷᠤᠯᠭ᠎ᠠ ᠶᠢ ᠬᠤᠯᠪᠤᠬᠤ ᠲᠤᠭᠳᠠᠯᠴᠠᠭ᠎ᠠ ᠶᠢ ᠪᠠᠬᠢᠵᠢᠬᠦᠯᠵᠥ᠂ | ᠴᠢᠰᠤ ᠶᠡᠬᠦᠯᠡᠬᠦ ᠬᠡᠯᠪᠡᠷᠢ ᠶᠢᠨ ᠶᠠᠳᠠᠭᠤ ᠶᠢ ᠲᠡᠳᠬᠦᠬᠦ ᠶᠢ ᠴᠢᠰᠤ ᠪᠥᠳᠥᠬᠡᠬᠦ ᠬᠡᠯᠪᠡᠷᠢ ᠶᠢᠨ ᠶᠠᠳᠠᠭᠤ ᠶᠢ ᠲᠡᠳᠬᠦᠬᠦ | ᠪᠤᠯᠭᠠᠵᠠᠢ᠃ 2019 ᠤᠨ ᠤ ᠵᠢᠯ ᠤᠨ ᠡᠴᠤᠰ ᠲᠤ ᠾᠸᠥ ᠵᠢᠶᠠ ᠭᠧ ᠳ᠋ᠦ᠋ ᠲᠤᠰᠬᠤᠨ ᠤ ᠬᠠᠮᠳᠤ ᠶᠢᠨ ᠠᠵᠤ | ᠠᠬᠤᠢ ᠶᠢᠨ ᠤᠷᠤᠯᠭ᠎ᠠ ᠨᠢ 6 ᠲᠥᠮᠡᠨ ᠲᠥᠬᠦᠷᠢᠭ ᠠᠴᠠ ᠲᠡᠭᠡᠭᠰᠢ ᠪᠤᠯᠵᠠᠢ᠃ ᠡᠬᠦᠨ ᠠᠴᠠ ᠭᠠᠳᠠᠨ᠎ᠠ᠂ | ᠲᠤᠰᠬᠤᠨ ᠠᠴᠠ ᠪᠠᠰᠠ ᠠᠰᠢᠭ ᠤᠷᠤᠯᠭ᠎ᠠ ᠶᠢᠨ ᠬᠤᠪᠢᠶᠠᠷᠢᠯᠠᠬᠤ ᠡᠳᠡᠬᠡᠳ ᠢ ᠲᠤᠳᠤᠷᠬᠠᠢᠢᠯᠠᠨ᠂ ᠲᠤᠰᠬᠤᠨ ᠤ | ᠠᠷᠠᠳ ᠤᠨ ᠲᠥᠯᠥᠬᠡᠯᠡᠭᠴᠢ ᠶᠢᠨ ᠬᠤᠷᠠᠯ ᠢᠶᠠᠷ ᠲᠡᠮᠵᠢᠭᠤᠯᠤᠨ ᠪᠠᠳᠤᠯᠠᠵᠥ᠂ ᠲᠤᠰᠬᠤᠨ ᠤ ᠬᠠᠮᠳᠤ ᠶᠢᠨ ᠠᠵᠤ | ᠠᠬᠤᠢ ᠶᠢᠨ 40% ᠶᠢ ᠪᠥᠬᠦᠨ ᠢ ᠶᠠᠳᠠᠭᠤ ᠠᠴᠠ ᠠᠩᠬᠢᠵᠢᠷᠠᠭᠤᠯᠬᠤ ᠳᠤ ᠬᠡᠷᠡᠭᠯᠡᠨ᠂ 60% ᠶᠢ ᠥᠷᠬᠦᠯᠵᠢᠯᠡᠨ | ᠲᠤᠰᠬᠤᠨ ᠤ ᠬᠠᠮᠳᠤ ᠶᠢᠨ ᠠᠵᠤ ᠠᠬᠤᠢ ᠶᠢᠨ ᠪᠠᠶᠢᠭᠤᠯᠤᠯᠳᠡ ᠶᠢ ᠪᠠᠬᠢᠵᠢᠬᠦᠯᠤᠨ ᠬᠥᠭᠵᠢᠬᠦᠯᠬᠦ ᠳᠤ ᠬᠡᠷᠡᠭᠯᠡᠵᠥ᠂ | ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠵᠠᠮ ᠢ ᠤᠯᠠᠮ ᠥᠷᠬᠡᠨ ᠲᠡᠷᠳᠡᠩ ᠪᠤᠯᠭᠠᠬᠤ ᠪᠤᠯᠤᠨ᠎ᠠ᠃ | |