ᠦᠪᠣᠷ ᠮᠣᠩᠭᠤᠯ ᠤᠨ ᠡᠳᠤᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᡁᠢ ᠰᠢᠶᠠᠨ︶ | ᠰᠤᠷᠪᠤᠯᠵᠢᠯᠠᠭᠴᠢ ᠥᠪᠥᠷ ᠮᠣᠩᠭᠤᠯ ᠤᠨ ᠶᠡᠭᠡ ᠰᠣᠷᠭᠠᠭᠤᠯᠢ ᠠᠴᠠ ᠤᠢᠢᠯᠠᠭᠠᠭᠰᠠᠨ ᠢᠶᠠᠷ᠂ ᠤᠢᠢᠷ᠎ᠠ ᠶᠢᠨ ᠡᠳᠦᠷ᠂ | ᠰᠤᠷᠭᠠᠨ ᠬᠥᠮᠦᠵᠢᠯ ᠤᠨ ᠶᠠᠮᠤᠨ ᠠᠴᠠ︽2019 ᠣᠨ ᠤ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ | ᠶᠢᠨ ᠲᠤᠰᠬᠠᠢ ᠮᠡᠷᠭᠡᠵᠢᠯ ᠢ ᠳᠠᠩᠰᠠᠯᠠᠭᠤᠯᠤᠭᠰᠠᠨ ᠪᠠ ᠬᠢᠨᠠᠨ ᠵᠦᠪᠰᠢᠶᠡᠷᠡᠭᠰᠡᠨ ᠦᠷ᠎ᠡ ᠳ᠋ᠦᠩ ᠢ ᠨᠡᠶᠢᠲᠡᠯᠡᠬᠦ | ᠲᠤᠬᠠᠢ ᠮᠡᠳᠡᠭᠳᠡᠯ︾ ᠢ ᠨᠡᠶᠢᠲᠡᠯᠡᠵᠦ᠂ ᠲᠤᠰ ᠰᠤᠷᠭᠠᠭᠤᠯᠢ ᠨᠢ ᠣᠯᠣᠰ ᠲᠦᠷᠦ ᠶᠢᠨ ᠤᠬᠠᠭᠠᠨ᠂ ᠠᠵᠤ ᠠᠬᠤᠢ | ᠶᠢᠨ ᠤᠬᠠᠭᠠᠨ ᠪᠣᠯᠤᠨ ᠭᠦᠨ ᠤᠬᠠᠭᠠᠨ ᠤ ᠲᠤᠰᠬᠠᠢ ᠮᠡᠷᠭᠡᠵᠢᠯ ᠪᠣᠯᠤᠨ ᠲᠡᠷᠭᠡᠤᠨᠤᠭᠠᠨ ᠤ ᠢᠨᠵᠧᠨᠧᠷᠢᠩ ᠤᠨ | ᠲᠤᠰᠬᠠᠢ ᠮᠡᠷᠭᠡᠵᠢᠯ ᠭᠡᠬᠦ ᠬᠤᠶᠠᠷ ᠵᠢᠩᠬᠢᠨᠢ ᠠᠩᠬᠢ ᠶᠢᠨ ᠲᠤᠰᠬᠠᠢ ᠮᠡᠷᠭᠡᠵᠢᠯ ᠢ ᠨᠡᠮᠡᠪᠡ᠃ | ᠣᠶᠢᠯᠠᠭᠠᠭᠰᠠᠨ ᠢᠶᠠᠷ᠂ ᠤᠯᠤᠰ ᠲᠥᠷᠥ ᠶᠢᠨ ᠤᠬᠠᠭᠠᠨ᠂ ᠠᠵᠤ ᠠᠬᠤᠶ ᠶᠢᠨ ᠤᠬᠠᠭᠠᠨ ᠪᠠ ᠭᠦᠨ ᠤᠬᠠᠭᠠᠨ | ᠤ ᠲᠤᠰᠬᠠᠶ ᠮᠡᠷᠭᠡᠵᠢᠯ ᠪᠣᠯ ᠰᠤᠷᠭᠠᠭᠤᠯᠢ ᠶᠢᠨ ᠭᠦᠨ ᠤᠬᠠᠭᠠᠨ ᠤ ᠲᠤᠰᠬᠠᠶ ᠮᠡᠷᠭᠡᠵᠢᠯ᠂ ᠤᠯᠤᠰ ᠲᠥᠷᠥ ᠶᠢᠨ | ᠤᠬᠠᠭᠠᠨ ᠤ ᠲᠣᠰᠬᠠᠢ ᠮᠡᠷᠭᠡᠵᠢᠯ ᠪᠠ ᠠᠵᠤ ᠠᠬᠤᠶ ᠶᠢᠨ ᠤᠬᠠᠭᠠᠨ ᠤ ᠲᠤᠰᠬᠠᠶ ᠮᠡᠷᠭᠡᠵᠢᠯ ᠤᠨ ᠬᠠᠮᠲᠤᠷᠠᠨ | ᠮᠡᠳᠡᠭᠦᠯᠵᠦ ᠪᠠᠶᠢᠭ᠎ᠠ ᠰᠢᠨ᠎ᠡ ᠲᠤᠰᠬᠠᠶ ᠮᠡᠷᠭᠡᠵᠢᠯ ᠪᠣᠯᠤᠨ᠎ᠠ᠂ ᠡᠨᠡ ᠨᠢ ᠰᠢᠨᠵᠢᠡᠯᠬᠦ ᠤᠬᠠᠭᠠᠨ ᠤ ᠬᠢᠴᠢᠶᠡᠯ ᠤᠨ | ᠳ᠋ᠠᠩ ᠴᠤᠯᠭᠤᠢ ᠠᠴᠠ ᠪᠣᠯᠤᠭᠰᠠᠨ ᠣᠨᠣᠯ ᠤᠨᠤᠶᠢᠷᠠ ᠬᠠᠷᠠᠭ᠎ᠠ ᠪᠠ ᠰᠡᠳᠬᠢᠬᠦᠶ ᠶᠢᠨ ᠬᠢᠵᠠᠭᠠᠷᠯᠠᠯ ᠢ ᠡᠪᠳᠡᠬᠦ ᠶᠢᠨ | ᠲᠥᠯᠥᠭᠡ ᠶᠤᠮ᠃ ᠲᠣᠰ ᠲᠤᠰᠬᠠᠶ ᠮᠡᠷᠭᠡᠵᠢᠯ ᠨᠢ ᠭᠦᠨᠤᠬᠠᠭᠠᠨ᠂ ᠤᠯᠤᠰ ᠲᠥᠷᠥ ᠶᠢᠨ ᠤᠬᠠᠭᠠᠨ ᠪᠠ ᠠᠵᠤ ᠠᠬᠤᠶ | ᠶᠢᠨ ᠤᠬᠠᠭᠠᠨ ᠵᠡᠷᠭᠡ 3 ᠲᠤᠰᠬᠠᠶ ᠮᠡᠷᠭᠡᠵᠢᠯ ᠤᠨ ᠣᠨᠣᠯ ᠪᠠᠠᠷᠭᠠ ᠶᠢ ᠠᠭᠤᠰᠤᠯᠴᠠᠭᠤᠯᠤᠨ ᠨᠡᠪᠲᠡᠷᠡᠭᠦᠯᠵᠦ᠂ | ᠡᠷᠲᠡᠨ ᠤ ᠰᠣᠩᠭᠤᠳᠠᠭ ᠪᠠ ᠰᠢᠨ᠎ᠡ ᠶᠢ ᠡᠭᠦᠳᠬᠦ ᠶᠢ ᠨᠢᠭᠡ ᠴᠣᠭᠴᠠ ᠪᠣᠯᠭᠠᠨ᠂ ᠪᠥᠬᠦ ᠪᠥᠮᠪᠥᠷᠴᠡᠭ ᠤᠨ ᠬᠠᠷᠠᠭᠠᠰᠤ | ᠲᠠᠢ᠂ ᠳᠤᠮᠳᠠᠳᠤ ᠤᠯᠤᠰ ᠤᠨ ᠰᠣᠶᠣᠯ ᠤᠨ ᠢᠲᠡᠭᠡᠯ ᠲᠠᠢ᠂ ᠤᠮᠠᠷᠠᠲᠤ ᠬᠢᠯᠢ ᠳᠤ ᠰᠠᠭᠤᠷᠢᠯᠠᠭᠰᠠᠨ ᠤᠳᠤᠷᠢᠳᠬᠤ | ᠬᠡᠯᠪᠡᠷᠢ ᠶᠢᠨ ᠴᠢᠳᠠᠪᠤᠷᠢᠲᠠᠨ ᠢ ᠬᠦᠮᠣᠵᠢᠬᠦᠯᠬᠦ ᠪᠠᠷ ᠵᠣᠷᠢᠭ ᠰᠢᠭᠤᠳᠤᠭᠰᠠᠨ ᠶᠠᠪᠤᠳᠠᠯ ᠪᠤᠯᠤᠨ᠎ᠠ᠃ ᠲᠡᠷᠬᠡ ᠤᠨᠤᠭᠠᠨ | ᠤ ᠢᠨᠵᠧᠨᠧᠷᠢᠩ ᠤᠨ ᠲᠤᠰᠬᠠᠶ ᠮᠡᠷᠭᠡᠵᠢᠯ ᠪᠣᠯ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13 · 5︾ | ᠶᠢᠨ ᠲᠥᠯᠥᠪᠵᠢᠭᠦᠯᠭᠡ ᠶᠢᠨ ᠠᠵᠤ ᠦᠶᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠪᠥᠬᠦ ᠤᠯᠤᠰ | ᠤᠨ ᠲᠡᠷᠬᠡ ᠤᠨᠤᠭᠠᠨ ᠤ ᠢᠨᠵᠧᠨᠧᠷᠢᠩ ᠤᠨ ᠬᠦᠷᠢᠶᠡᠨ ᠳᠠᠬᠢ ᠲᠤᠰᠬᠠᠶ ᠳᠡᠭᠡᠳᠦ ᠲᠠᠰ ᠤᠨ ᠴᠢᠳᠠᠪᠤᠷᠢᠲᠠᠨ | ᠳᠤᠲᠠᠭᠳᠠᠵᠤ ᠪᠠᠶᠢᠭ᠎ᠠ ᠳᠤ ᠴᠢᠭᠯᠡᠭᠦᠯᠦᠨ ᠨᠡᠮᠡᠵᠦ ᠪᠠᠶᠢᠭᠤᠯᠤᠭᠰᠠᠨ ᠲᠤᠰᠬᠠᠶ ᠮᠡᠷᠭᠡᠵᠢᠯ ᠪᠣᠯᠤᠨ᠎ᠠ᠃ ᠲᠣᠰ ᠲᠤᠰᠬᠠᠶ | ᠮᠡᠷᠭᠡᠵᠢᠯ ᠨᠢ ᠲᠡᠷᠬᠡᠤᠨᠤᠭᠠᠨ ᠤ ᠢᠨᠵᠧᠨᠧᠷᠢᠩ ᠲᠠᠢ ᠬᠤᠯᠪᠣᠭᠳᠠᠬᠤ ᠦᠶᠯᠡᠳᠬᠦᠨ ᠢ ᠵᠢᠷᠤᠵᠤ ᠲᠥᠯᠥᠪᠯᠡᠨ᠂ | ᠨᠡᠭᠡᠭᠡᠨ ᠬᠥᠭᠵᠢᠭᠦᠯᠬᠦ᠂ ᠦᠶᠯᠡᠳᠪᠦᠷᠢᠯᠡᠬᠦ ᠦᠶᠯᠡᠳᠬᠦ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ᠂ ᠬᠡᠷᠡᠭᠯᠡᠭᠡᠨ ᠤ | ᠰᠤᠳᠤᠯᠭᠠᠨ᠂ ᠮᠡᠷᠭᠡᠵᠢᠯ ᠦᠨᠦᠶᠯᠡᠴᠢᠯᠡᠭᠡ᠂ ᠡᠵᠡᠩᠨᠡᠨ ᠪᠣᠷᠣᠯᠠᠭᠤᠯᠬᠤ᠂ ᠬᠠᠮᠢᠶᠠᠷᠬᠤ ᠵᠡᠷᠭᠡ ᠲᠠᠯ᠎ᠠ ᠶᠢᠨ ᠠᠵᠢᠯ ᠢ | ᠡᠷᠭᠢᠯᠡᠨ ᠬᠢᠵᠦ ᠪᠠᠶᠢᠭ᠎ᠠ᠂ ᠨᠡᠯᠢᠶᠡᠳᠴᠢᠩᠭᠠ ᠦᠶᠯᠡᠳᠦᠯᠭᠡ ᠶᠢᠨ ᠴᠢᠳᠠᠪᠤᠷᠢ ᠪᠠ ᠰᠢᠨ᠎ᠡ ᠶᠢ ᠡᠭᠦᠳᠬᠦ ᠵᠣᠷᠢᠭ | ᠰᠠᠨᠠᠭ᠎ᠠ ᠲᠠᠢ ᠳᠡᠭᠡᠳᠦ ᠲᠠᠰ ᠤᠨ ᠲᠤᠰᠬᠠᠶ ᠴᠢᠳᠠᠪᠤᠷᠢᠲᠠᠨ ᠢ ᠬᠦᠴᠦᠯᠡᠨ ᠬᠥᠮᠦᠵᠢᠭᠦᠯᠦᠨ᠎ᠡ᠃ |