3 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨᠲ᠋ᠢᠩᠬᠢᠮ ᠮᠡᠳᠡᠭᠳᠡᠯ ᠪᠠᠭᠤᠯᠭᠠᠵᠤ᠂ ᠮᠠᠨ ᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ 2020 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠴᠠᠭ ᠢ | ᠦᠷᠭᠦᠯᠵᠢᠯᠡᠨ ᠬᠤᠶᠢᠰᠢᠯᠠᠭᠤᠯᠵᠤ᠂ ᠪᠣᠳᠠᠲᠠᠶ ᠰᠤᠷᠤᠯᠭ᠎ᠠ ᠡᠬᠢᠯᠡᠬᠦ ᠡᠳᠦᠷ ᠬᠤᠭᠤᠴᠠᠭ᠎ᠠ ᠶᠢ ᠨᠢᠭᠡ ᠭᠠᠷᠠᠭ ᠤᠨ | ᠡᠮᠦᠨ᠎ᠡ ᠮᠡᠳᠡᠭᠳᠡᠬᠦ ᠪᠠᠷ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠭᠠᠷᠳᠠᠭᠰᠠᠨ ᠨᠢ ᠡᠯ᠎ᠡ | ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ | ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ᠂ ᠰᠡᠷᠭᠡᠶᠢᠯᠡᠨ ᠬᠠᠮᠠᠭᠠᠯᠠᠬᠤ ᠡᠳ᠋ ᠪᠠᠷᠠᠭ᠎ᠠ ᠶᠢᠨ | ᠪᠠᠲᠤᠯᠠᠭ᠎ᠠ ᠶᠢ ᠰᠠᠶᠢᠲᠤᠷ ᠬᠢᠵᠦ᠂ ᠰᠤᠷᠤᠯᠭ᠎ᠠ ᠡᠬᠢᠯᠡᠬᠦ ᠨᠥᠬᠦᠴᠡᠯ ᠢ ᠦᠨᠡᠯᠡᠨ ᠵᠢᠱᠢᠬᠦ ᠪᠡᠯᠡᠳᠬᠡᠯ ᠠᠵᠢᠯ ᠢ | ᠡᠬᠢᠯᠡᠭᠦᠯᠵᠦ᠂ ᠪᠠᠭᠰᠢ ᠠᠵᠢᠯᠲᠠᠨ ᠠᠵᠢᠯᠴᠢᠨ ᠰᠤᠷᠭᠠᠭᠤᠯᠢ ᠶᠢᠨ ᠪᠠᠶᠢᠭ᠎ᠠ ᠭᠠᠵᠠᠷ ᠲᠤ ᠪᠠᠨ ᠪᠤᠴᠠᠬᠤ ᠶᠢ ᠨᠢ ᠡᠮᠬᠢ | ᠵᠢᠷᠤᠮ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ ᠭᠡᠵᠡᠢ᠃ | |