2020 ᠣᠨ ᠤ 20 ᠳ᠋ᠤᠭᠠᠷ ᠣᠳᠠᠭᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/3/26
      3 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ ᠲᠤᠰᠬᠠᠶ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠳᠤᠰᠬᠠᠢ ᠳᠦᠷᠦᠯ ᠤᠨ ᠵᠢᠭᠡᠯᠡᠯᠭᠡ ᠶᠢᠨ ᠲᠡᠮᠳᠡᠭᠲᠦ ᠭᠤᠶᠤᠴᠢᠯᠠᠨ ᠮᠡᠳᠡᠭᠦᠯᠬᠦ᠂ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ᠂ ᠠᠵᠤ ᠠᠬᠤᠶ ᠶᠢᠨ ᠠᠵᠢᠯᠯᠠᠭᠠᠨ ᠲᠤ ᠲᠣᠬᠢᠷᠠᠭᠤᠯᠤᠯᠲᠠ ᠬᠢᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠭᠤᠤ ᠬᠤᠸᠠᠢ ᠵᠢᠩ᠂ ᠸᠠᠩ ᠫᠢᠩ᠂ ᠸᠠᠩ ᠱᠤᠸᠠᠢ᠂ ᠳ᠋ᠦ᠋ ᠰᠢᠶᠤᠤ ᠶᠠᠨ᠂ ᠪᠠᠶ ᠭᠦᠸᠧ ᠳ᠋ᠦᠩ ᠵᠢᠴᠢ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠤᠷᠤᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

       

       ᠴᠢ᠊᠂ ᠳᠠᠠᠯᠨᠳᠠᠢ ᠵᠢᠭᠠᠬᠤ ᠳᠤ ᠪᠠᠨ᠂ ᠤᠯᠤᠰ ᠤᠨ ᠰᠢᠨ᠎ᠡ ᠨᠢᠭᠡ ᠡᠭᠡᠯᠵᠢ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂

ᠲᠤᠰᠬᠠᠶ ᠳᠦᠷᠦᠯ ‍ᠤᠨ‌ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠨᠢ ᠬᠢᠵᠢᠭ ᠤᠨ ᠲᠠᠭᠠᠷᠢᠯᠲᠠ ᠶᠢ

ᠠᠷᠭᠠᠴᠠᠭᠠᠬᠤ᠂ ᠪᠠᠯᠠ ᠮᠥᠩᠭᠦ ᠶᠢᠨ ᠳᠤᠳᠠᠭᠳᠠᠯ ᠢ ᠰᠢᠢᠳᠪᠤᠷᠢᠯᠡᠬᠦ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠳᠤ ᠴᠢᠬᠤᠯᠠ ᠠᠴᠢ

ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠭᠰᠣᠴᠠ ᠪᠠᠨ ᠳᠡᠭᠡᠭᠰᠢᠯᠡᠭᠦᠯᠦᠨ᠂

ᠲᠤᠰᠬᠠᠶ ᠳᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠳᠦᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ

ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠶᠤᠴᠢᠯᠠᠨ ᠮᠡᠳᠡᠭᠦᠯᠬᠦ ᠨᠠᠷᠢᠨ ᠳᠠᠩᠰᠠ ᠶᠢ ᠦᠳᠲᠡᠷ ᠲᠦᠷᠭᠡᠨ ᠡᠮᠬᠢᠳᠬᠡᠵᠦ᠂ ᠲᠥᠷᠥᠯ ᠵᠦᠶᠯ ᠤᠨ ᠴᠤᠪᠤᠷᠠᠯ ᠢ

ᠵᠢᠭᠰᠠᠭᠠᠨ ᠭᠠᠷᠭᠠᠵᠦ᠂ ᠪᠣᠯᠤᠮᠵᠢᠲᠤ ᠴᠢᠨᠠᠷᠲᠠᠶ ᠲᠥᠰᠦᠯ ᠢ ᠲᠣᠭᠲᠠᠭᠠᠬᠤ ᠶᠢᠨ ᠬᠠᠮᠲᠤ ᠴᠠᠭ ᠬᠤᠭᠤᠴᠠᠭᠠᠨ ᠤ ᠵᠠᠩᠭᠢᠶᠠᠰᠤ ᠪᠠ ᠱᠠᠭᠠᠷᠳᠠᠯᠭ᠎ᠠ ᠶᠣᠰᠣᠭᠠᠷ

ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠳᠡᠭᠡᠳᠦ ᠱᠠᠳᠤᠨ ᠤ ᠨᠠᠩ ᠶᠡᠭᠡ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠪᠦᠬᠦ

ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃

       ᠴᠢ᠊᠂ ᠳᠠᠯᠠᠨᠳᠠᠢ ᠱᠠᠭᠠᠷᠳᠠᠭᠰᠠᠨ ᠨᠢ᠂ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠵᠤ᠂ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠡᠪᠲᠡᠷᠡᠲᠡᠯ᠎ᠡ

ᠣᠶᠢᠯᠠᠭᠠᠵᠤ᠂ ᠭᠤᠶᠤᠴᠢᠯᠠᠨ ᠮᠡᠳᠡᠭᠦᠯᠬᠦ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠬᠦ ᠬᠡᠷᠡᠭᠲᠡᠶ᠃ ︽ᠳᠡᠭᠡᠭᠰᠢ ᠪᠠᠨ ᠮᠡᠳᠡᠭᠦᠯᠵᠦ ᠪᠣᠯᠬᠤ᠂

ᠭᠠᠳᠠᠭᠰᠢ ᠪᠠᠨ ᠬᠤᠳᠠᠯᠳᠤᠭᠠᠴᠢᠨ ᠤᠷᠢᠵᠤ ᠪᠣᠯᠬᠤ᠂ ᠳᠣᠲᠣᠭᠠᠳᠤ ᠳᠠᠭᠠᠨ ᠬᠡᠷᠡᠭᠵᠢᠭᠦᠯᠵᠦ ᠪᠣᠯᠬᠤ︾ ᠪᠠᠷᠢᠮᠵᠢᠶ᠎ᠠ ᠶᠣᠰᠣᠭᠠᠷ᠂ ᠳᠤᠲᠠᠭᠤᠳᠠᠯ ᠢ ᠨᠦᠬᠦᠪᠦᠷᠢᠯᠡᠨ᠂

ᠪᠠᠭᠤᠷᠠᠶ ᠲᠠᠯ᠎ᠠ ᠶᠢ ᠴᠢᠩᠭᠠᠳᠬᠠᠨ᠂ ᠠᠯᠳᠠᠰᠢ ᠭᠠᠷᠬᠤ ᠶᠢ ᠬᠤᠷᠢᠭᠯᠠᠬᠤ ᠲᠤᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠢᠯᠡᠳᠪᠤᠷᠢᠯᠡᠬᠦ

ᠦᠶᠯᠡᠰ ᠤᠨ ᠬᠡᠯᠪᠡᠷᠢ ᠶᠢ ᠬᠤᠪᠢᠷᠠᠭᠤᠯᠬᠤ᠂ ᠨᠡᠶᠢᠭᠡᠮ ᠠᠷᠠᠳ ᠤᠨ ᠠᠮᠢᠳᠤᠷᠠᠯ᠂ ᠴᠢᠬᠤᠯᠠ ᠶᠡᠭᠡ ᠰᠠᠭᠤᠷᠢ ᠳᠦᠭᠦᠭᠡᠷᠤᠮᠵᠢ᠂ ᠪᠢᠴᠢᠯ ᠪᠠᠭ᠎ᠠ ᠠᠵᠤ ᠠᠬᠤᠶᠢᠯᠠᠯ ᠤᠨ

ᠰᠢᠯᠵᠢᠭᠦᠯᠦᠨ ᠵᠢᠭᠡᠯᠡᠭᠦᠯᠬᠦ ᠵᠢᠴᠢ ᠠᠵᠤ ᠠᠬᠤᠶᠢᠯᠠᠯ ‍ᠤᠨ‌ᠠᠵᠢᠯ ᠢᠶᠠᠨ ᠰᠡᠷᠭᠦᠭᠡᠬᠦ ᠦᠶᠯᠡᠳᠪᠦᠷᠢᠯᠡᠯ ᠢᠶᠠᠨ ᠰᠡᠷᠭᠦᠭᠡᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ

ᠦᠵᠡᠭᠦᠯᠬᠦ ᠭᠤᠤᠯᠳᠠᠯᠭ᠎ᠠ ᠲᠠᠢ ᠴᠠᠷ᠎ᠠ ᠬᠦᠷᠢᠶ᠎ᠡ ᠶᠢ ᠳᠣᠪᠤᠶᠢᠯᠭᠠᠵᠤ᠂ ᠭᠦᠨᠵᠡᠭᠡᠶ ᠪᠠᠶᠢᠴᠠᠭᠠᠨ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ

ᠨᠤᠲᠠᠯᠠᠯᠲᠠ ᠬᠢᠵᠦ᠂ ᠲᠥᠷᠥᠯ ᠵᠦᠶᠯ ᠤᠨ ᠠᠭᠤᠯᠭ᠎ᠠ ᠶᠢ ᠲᠡᠭᠦᠯᠳᠡᠷᠵᠢᠭᠦᠯᠦᠨ᠂ ᠲᠥᠷᠥᠯ ᠵᠦᠶᠯ ᠤᠨ ᠲᠥᠰᠦᠯ ᠢ ᠰᠢᠯᠢᠳᠡᠭᠵᠢᠭᠦᠯᠵᠦ᠂ ᠲᠥᠷᠥᠯ ᠵᠦᠶᠯ

ᠮᠡᠳᠡᠭᠦᠯᠬᠦ ᠶᠢᠨ ᠰᠢᠨᠵᠢᠯᠡᠬᠦ ᠤᠬᠠᠭᠠᠨᠴᠢ ᠴᠢᠨᠠᠷ᠂ ᠪᠣᠯᠤᠮᠵᠢᠲᠤ ᠴᠢᠨᠠᠷ᠂ ᠵᠦᠶ ᠵᠣᠬᠢᠰᠲᠠᠶ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ

ᠳᠡᠭᠡᠭᠰᠢᠯᠡᠭᠦᠯᠬᠦ ᠬᠡᠷᠡᠭᠲᠡᠶ ᠭᠡᠵᠡᠢ᠃

         ᠴᠢ᠊᠂ ᠳᠠᠯᠠᠨᠳᠠᠢ ᠴᠢᠬᠤᠯᠠᠴᠢᠯᠠᠬᠤ ᠳᠤ ᠪᠠᠨ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠤᠨ ᠦᠷ᠎ᠡ ᠪᠦᠲᠦᠮᠵᠢ ᠪᠠᠨ

ᠳᠡᠭᠡᠭᠰᠢᠯᠡᠭᠦᠯᠬᠦ ᠬᠡᠷᠡᠭᠲᠡᠶ᠃ ︽ᠬᠠᠪᠰᠤᠷᠤᠨ ᠰᠢᠶᠳᠪᠦᠷᠢᠯᠡᠬᠦ᠂ ᠣᠷᠣᠯᠠᠨ ᠭᠦᠶᠴᠡᠳᠬᠡᠬᠦ᠂ ᠠᠩᠬᠠᠷᠤᠨ ᠭᠦᠶᠴᠡᠳᠬᠡᠬᠦ︾ ᠠᠵᠢᠯᠯᠠᠬᠤ ᠠᠷᠭ᠎ᠠ ᠮᠠᠶ᠋ᠢᠭ ᠢ

ᠬᠡᠷᠡᠭᠵᠢᠭᠦᠯᠦᠨ᠂ ᠭᠤᠶᠤᠴᠢᠯᠠᠨ ᠮᠡᠳᠡᠭᠦᠯᠬᠦ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠶ᠃ ᠡᠯ᠎ᠡ ᠬᠦᠷᠢᠶᠡᠯᠡᠩ ᠲᠣᠭᠤᠷᠢᠭ᠂ ᠡᠯ᠎ᠡ ᠰᠠᠯᠠᠭ᠎ᠠ ᠮᠥᠴᠢᠷ ᠤᠳ

ᠬᠠᠷᠢᠭᠤᠴᠠᠯᠭᠠᠳᠤ ᠦᠵᠡᠯ ᠤᠬᠠᠮᠰᠠᠷ᠂ ᠡᠭᠦᠷᠭᠡᠯᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠦᠨᠡᠨᠬᠦ ᠬᠦᠴᠢᠷᠳᠡᠯ ᠪᠠ

ᠠᠰᠠᠭᠤᠳᠠᠯ ᠢ ᠨᠢ ᠰᠢᠶᠳᠪᠦᠷᠢᠯᠡᠵᠦ᠂ ᠠᠵᠤ ᠠᠬᠤᠢ ᠶᠢᠨ ᠠᠵᠢᠯᠯᠠᠭᠠᠨ ᠪᠠ ᠲᠣᠬᠢᠷᠠᠭᠤᠯᠤᠯᠲᠠ ᠪᠠᠨ ᠴᠢᠩᠭᠠᠳᠬᠠᠵᠤ᠂ ᠰᠢᠯᠢᠳᠡᠭ ᠰᠤᠷᠳᠠᠯ ᠢᠶᠠᠷ ᠲᠥᠷᠥᠯ ᠵᠦᠶᠯ ᠢ

ᠡᠷᠲᠡᠬᠡᠨ ᠴᠤᠬᠤᠯᠠᠪᠤᠷᠢᠯᠠᠬᠤ᠂ ᠡᠷᠲᠡᠬᠡᠨ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾ ᠶᠢ ᠲᠡᠮᠡᠴᠡᠨ ᠣᠯᠬᠤ ᠬᠡᠷᠡᠭᠲᠡᠶ ᠭᠡᠵᠡᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ