ᠪᠦᠷᠢᠶ᠎ᠡ ᠮᠠᠩᠬ᠎ᠠ ᠵᠢᠭᠤᠯᠴᠢᠯᠠᠯ ᠤᠨ ᠣᠷᠣᠨ ᠬᠡᠪ ᠤᠨ ᠡᠵᠡᠩᠨᠡᠯᠳᠡ ᠶᠢᠨ ᠪᠠᠶᠢᠳᠠᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2020/3/26
     ᠪᠦᠷᠢᠶ᠎ᠡ ᠮᠠᠩᠬ᠎ᠠ ᠵᠢᠭᠤᠯᠴᠢᠯᠠᠯ ᠤᠨ ᠣᠷᠣᠨ 2020 ᠣᠨ ᠤ 3 ᠰᠠᠷ᠎ᠠ ᠶᠢᠨ 18 ᠤ ᠡᠳᠦᠷ ᠠᠴᠠ ᠡᠬᠢᠯᠡᠨ ᠬᠡᠪ ᠤᠨ ᠡᠵᠡᠩᠨᠡᠯᠳᠡ ᠶᠢᠨ ᠪᠠᠶᠢᠳᠠᠯ ᠢᠶᠠᠨ ᠪᠥᠬᠦ ᠲᠠᠯ᠎ᠠ ᠪᠠᠷ ᠰᠡᠷᠭᠦᠭᠡᠪᠡ᠃ ᠦᠵᠡᠮᠵᠢ ᠶᠢᠨ ᠣᠷᠣᠨ ᠤ ᠨᠡᠭᠡᠭᠡᠬᠦ ᠴᠠᠭ ᠨᠢ 8᠄ 00 — 18᠄ 00᠂ ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ ᠶᠢ ᠬᠡᠷᠡᠭᠵᠢᠭᠦᠯᠵᠦ᠂ ᠡᠳᠦᠷ ᠪᠦᠷᠢ ᠶᠢᠨ ᠭᠥᠯᠢᠶᠡᠨ ᠠᠪᠬᠤ ᠵᠤᠭᠠᠴᠠᠭᠰᠠᠳ ᠤᠨ ᠲᠤᠭ᠎ᠠ ᠶᠢ 5000 ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠃      ᠦᠵᠡᠮᠵᠢ ᠶᠢᠨ ᠣᠷᠣᠨ ᠤ ᠴᠡᠴᠡᠷᠯᠢᠭ ᠲᠤ ᠣᠷᠣᠬᠤ ᠶᠠᠪᠤᠴᠠ᠄      ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ — ᠺᠣᠳ᠋ ᠰᠢᠷᠪᠡᠵᠦ ᠮᠡᠳᠡᠭᠡ ᠵᠠᠩᠭᠢ ᠪᠠᠨ ᠳᠠᠩᠰᠠᠯᠠᠬᠤ— ᠪᠢᠯᠧᠲ ᠬᠤᠳᠠᠯᠳᠤᠨ ᠠᠪᠬᠤ — ᠪᠢᠯᠧᠲ ᠪᠠᠶᠢᠴᠠᠭᠠᠬᠤ —  ᠦᠵᠡᠮᠵᠢ ᠶᠢᠨ ᠤᠷᠤᠨ   ᠳᠤ ᠣᠷᠣᠵᠤ ᠲᠣᠭᠤᠷᠢᠨ ᠦᠵᠡᠬᠦ      ᠵᠢᠭᠤᠯᠴᠢᠯᠠᠬᠤ ᠳᠤ ᠠᠩᠬᠠᠷᠬᠤ ᠴᠢᠬᠤᠯᠠᠳᠠᠢ ᠵᠦᠢᠯᠡᠰ᠄      1. ᠵᠢᠭᠤᠯᠴᠢᠯᠠᠭᠰᠠᠳ ᠤᠨ ᠲᠥᠪ ᠲᠤ ᠡᠷᠡᠭᠦᠯ ᠮᠡᠨᠳᠦ ᠶᠢᠨ ᠬᠢᠨᠠᠯᠳᠡ ᠬᠢᠵᠦ᠂ ᠤᠯᠠᠭᠠᠨ ᠤ ᠭᠠᠳᠠᠨᠠᠬᠢ ᠳᠤᠯᠠᠭᠠᠨ ᠤ ᠬᠡᠮᠵᠢᠭᠦᠷ ᠢᠶᠠᠷ ᠵᠢᠭᠤᠯᠴᠢᠯᠠᠭᠴᠢ ᠳᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠨ᠎ᠡ︔ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠬᠥᠮᠦᠰ ᠢ᠂ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠲᠥᠪ ᠤᠨ ᠪᠠᠴᠢᠮ ᠪᠠᠶᠢᠳᠠᠯ ᠢ ᠠᠷᠭᠠᠴᠠᠭᠠᠬᠤ ᠲᠠᠰᠤᠯᠭ᠎ᠠ ᠳᠤ ᠲᠣᠬᠢᠷᠠᠭᠤᠯᠬᠤ ᠶᠢᠨ ᠬᠠᠮᠲᠤ᠂ ᠲᠡᠷᠡ ᠳᠠᠷᠤᠶ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠷᠢᠯᠴᠠᠵᠤ ᠰᠢᠶᠳᠪᠦᠷᠢᠯᠡᠨ᠎ᠡ︔      2. ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ ᠳᠤ᠂ ᠣᠯᠠᠨ ᠴᠣᠩᠬᠤᠪᠴᠢ ᠠᠯᠤᠰᠯᠠᠵᠤ ᠪᠠᠶᠢᠭᠠᠳ 1.5 ᠮᠧᠲᠷ ᠤᠨ ᠵᠠᠶ ᠲᠠᠢ ᠭᠠᠭᠴᠠ ᠬᠥᠮᠦᠨ ᠪᠢᠯᠧᠲ ᠬᠤᠳᠠᠯᠳᠤᠨ ᠠᠪᠴᠤ᠂ ᠪᠢᠯᠧᠲ ᠬᠤᠳᠠᠯᠳᠤᠨ ᠠᠪᠬᠤ ᠳᠤ ᠪᠠᠨ ᠬᠤᠪᠢ ᠬᠦᠮᠦᠨ ᠤ ᠮᠡᠳᠡᠭᠡ ᠵᠠᠩᠭᠢ ᠶᠢ ᠰᠢᠷᠪᠢᠨ ᠳᠠᠩᠰᠠᠯᠠᠵᠦ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠢᠷᠡᠯᠲᠡ ᠶᠢ ᠨᠢ ᠡᠷᠢᠬᠦ ᠳᠤ ᠬᠡᠷᠡᠭᠯᠡᠵᠦ᠂ ᠦᠵᠡᠮᠵᠢ ᠶᠢᠨ ᠣᠷᠣᠨ ᠤ ᠳᠡᠩᠰᠡᠯᠡᠯᠲᠡ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ︔      3. ᠲᠣᠭᠠᠴᠠᠭ᠎ᠠ ᠬᠢᠬᠦ ᠳᠤ ᠬᠦᠷᠦᠯᠴᠡᠬᠦ ᠥᠬᠡᠶ ᠦᠶᠯᠡᠴᠢᠯᠡᠭᠡ ᠬᠢᠬᠦ ᠠᠷᠭ᠎ᠠ ᠬᠡᠯᠪᠡᠷᠢ ᠶᠢ ᠬᠡᠷᠡᠭᠵᠢᠭᠦᠯᠦᠨ᠎ᠡ᠄ ᠸᠢᠴᠠᠲ ᠪᠤᠶᠤ ᠴᠠᠬᠢᠮ ᠳᠦᠷᠡᠶᠢᠪᠴᠢ ᠪᠠᠷ ᠲᠣᠭᠠᠴᠠᠭ᠎ᠠ ᠬᠢᠬᠦ ᠶᠢ ᠬᠡᠷᠡᠭᠵᠢᠭᠦᠯᠦᠨ᠎ᠡ︔      4. ᠪᠢᠯᠧᠲ ᠪᠠᠶᠢᠴᠠᠭᠠᠬᠤ ᠲᠠᠯ᠎ᠠ ᠪᠠᠷ᠄ ︵1︶ ᠦᠵᠡᠮᠵᠢ ᠶᠢᠨ ᠣᠷᠣᠨ ᠤ ᠣᠷᠣᠬᠤ ᠡᠭᠦᠳᠡ ᠵᠢᠴᠢ ᠲᠥᠷᠥᠯ ᠵᠦᠶᠯ ᠤᠨ ᠮᠥᠷᠯᠡᠬᠦ ᠲᠣᠭᠤᠷᠢᠭ ᠲᠤ ᠰᠠᠯᠭᠠᠨ ᠳᠣᠭᠢᠷᠠᠭᠤᠯᠬᠤ ᠶᠢ ᠬᠡᠷᠡᠭᠵᠢᠭᠦᠯᠦᠨ᠎ᠡ᠃ ᠦᠵᠡᠮᠵᠢ ᠶᠢᠨ ᠣᠷᠣᠨ ᠤ ᠡᠯ᠎ᠡ ᠪᠢᠯᠧᠲ ᠪᠠᠶᠢᠴᠠᠭᠠᠬᠤ ᠡᠭᠦᠳᠡ ᠵᠢᠭᠤᠯᠴᠢᠯᠠᠭᠰᠠᠳ ᠤᠨ ᠴᠤᠪᠤᠷᠠᠯ ᠢ ᠦᠨᠳᠦᠰᠦᠯᠡᠨ᠂ ᠵᠦᠶ ᠵᠣᠬᠢᠰᠲᠠᠶ ᠡᠵᠡᠮᠳᠡᠵᠦ᠂  ᠬᠦᠮᠦᠨ ᠤ ᠨᠢᠭᠲᠠᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠢᠵᠠᠭᠠᠷᠯᠠᠵᠦ᠂ ᠬᠥᠮᠦᠰ ᠤᠨ ᠴᠤᠪᠤᠷᠠᠯ ᠢ ᠪᠠᠭᠠᠰᠬᠠᠨ᠎ᠠ︔ ︵2︶ ᠪᠢᠯᠧᠲ ᠪᠠᠶᠢᠴᠠᠭᠠᠭᠴᠢ ᠨᠢ ᠮᠠᠰᠢᠨ ᠢᠶᠠᠷ ᠪᠢᠯᠧᠲ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂᠂ ᠬᠥᠮᠦᠰ ᠤᠨ ᠬᠠᠷᠢᠯᠴᠠᠨ ᠣᠶᠢᠷᠠᠳᠬᠤ ᠶᠢ ᠪᠠᠭᠠᠰᠬᠠᠨ᠎ᠠ︔      5 . ᠦᠵᠡᠮᠵᠢ ᠶᠢᠨ ᠣᠷᠣᠨ ᠳᠤ ᠣᠷᠣᠬᠤ ᠳᠤ ᠡᠷᠬᠡᠪᠰᠢ ᠠᠮᠠᠪᠴᠢ ᠵᠡᠬᠦᠬᠦ ᠬᠡᠷᠡᠭᠲᠡᠶ᠂ ᠲᠤᠭᠤᠷᠢᠨ ᠵᠤᠭᠠᠴᠠᠬᠤ ᠶᠠᠪᠤᠴᠠ ᠳᠤ ᠨᠢᠭᠡ ᠳᠤᠤᠷ᠎ᠠ ᠴᠤᠭᠯᠠᠷᠠᠬᠤ ᠥᠬᠡᠶ᠂ ᠪᠣᠯᠪᠠᠰᠤᠨ ᠢᠶᠠᠷ ᠨᠠᠶᠢᠷ ᠲᠠᠯᠪᠢᠬᠤ ᠬᠡᠷᠡᠭᠲᠡᠶ︔      6. ᠲᠤᠭᠤᠷᠢᠨ ᠵᠤᠭᠠᠴᠠᠬᠤ ᠶᠠᠪᠤᠴᠠ ᠳᠤ ᠪᠡᠶ᠎ᠡ ᠶᠢᠨ ᠪᠠᠶᠢᠳᠠᠯ ᠵᠶ᠋ᠠᠨ‌ᠨᠢᠭᠲᠠ ᠠᠩᠬᠠᠷᠴᠤ᠂ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠭ᠎ᠠ ᠳᠠᠪᠬᠤᠴᠠᠬᠤ ᠵᠡᠷᠭᠡ ᠪᠠᠶᠢᠳᠠᠯ ᠢᠯᠡᠷᠡᠪᠡᠯ᠂ ᠦᠳᠳᠡᠷ ᠲᠦᠷᠭᠡᠨ ᠳᠤᠬᠠᠢ ᠶᠢᠨ ᠲᠠᠯᠠᠪᠤᠷ ᠤᠨ ᠠᠵᠢᠯᠳᠠᠳ ᠲᠠᠢ ᠬᠠᠷᠢᠯᠴᠠᠬᠤ ᠬᠡᠷᠡᠭᠳᠡᠢ︔      7. ᠦᠵᠡᠮᠵᠢ ᠶᠢᠨ ᠣᠷᠣᠨ ᠪᠣᠶ ᠪᠥᠬᠦᠶ ᠪᠢᠯᠧᠲ ᠬᠤᠳᠠᠯᠳᠤᠬᠤ ᠡᠭᠦᠳᠡ᠂ ᠪᠢᠯᠧᠲ ᠪᠠᠶᠢᠴᠠᠭᠠᠬᠤ ᠡᠭᠦᠳᠡ᠂ ᠵᠢᠭᠤᠯᠴᠢᠯᠠᠭᠰᠠᠳ ᠤᠨ ᠲᠥᠪ᠂ ᠳᠡᠭᠦᠵᠢᠩ ᠵᠠᠮ᠂ ᠠᠷᠢᠭᠤᠨ ᠴᠡᠪᠡᠷ ᠤᠨ ᠳᠠᠰᠤᠯᠭ᠎ᠠ᠂ ᠵᠢᠭᠤᠯᠴᠢᠯᠠᠯ ᠤᠨ ᠲᠥᠷᠥᠯ ᠵᠦᠶᠯ ᠵᠡᠷᠭᠡ ᠭᠤᠤᠯᠳᠠᠯᠭ᠎ᠠ ᠲᠠᠢ ᠲᠠᠯᠠᠪᠤᠷ ᠢ ᠡᠳᠦᠷ ᠪᠦᠷᠢ ᠭᠤᠷᠪᠠ ᠤᠳᠠᠭ᠎ᠠ ᠠᠴᠠ ᠳᠡᠭᠡᠭᠰᠢ ᠠᠷᠢᠭᠤᠳᠬᠠᠬᠤ ᠶᠢᠨ ᠬᠠᠮᠳᠤ ᠲᠡᠮᠳᠡᠭᠯᠡᠯ ᠬᠢᠨ᠎ᠠ᠃ ᠬᠤᠭ ᠨᠣᠪᠰᠢ ᠶᠢᠨ ᠬᠠᠶᠢᠷᠴᠠᠭ᠂ ᠨᠢᠭᠡ ᠯᠠ ᠤᠳᠠᠭ᠎ᠠ ᠶᠢᠨ ᠴᠢᠨᠠᠷᠲᠠᠶ ᠠᠮᠠᠪᠴᠢ ᠶᠢᠨ ᠡᠭᠡᠭᠦᠯᠦᠨ ᠬᠤᠷᠢᠶᠠᠬᠤ ᠬᠠᠶᠢᠷᠴᠠᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠠᠭ ᠲᠤᠬᠠᠶ ᠳᠤᠨᠢ ᠠᠷᠢᠭᠤᠳᠬᠠᠬᠤ ᠬᠡᠷᠡᠭᠲᠡᠶ︔      8. ᠬᠤᠪᠸᠢ ᠵᠡᠷᠭᠡ ᠭᠤᠤᠯᠳᠠᠯᠭ᠎ᠠ ᠲᠠᠢ ᠬᠢᠵᠢᠭᠲᠦ ᠣᠷᠣᠨ ᠤ ᠵᠤᠭᠠᠴᠠᠭᠰᠠᠳ ᠵᠢᠴᠢ ᠵᠢᠭᠤᠯᠴᠢᠯᠠᠯ ᠤᠨ ᠪᠦᠯᠬᠦᠮ ᠲᠣᠭᠤᠷᠢᠨ ᠵᠤᠭᠠᠴᠠᠬᠤ ᠳᠤ᠂  ᠡᠷᠬᠡᠪᠰᠢ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠦᠪ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠭᠠᠷ ᠭᠦᠢᠴᠡᠳᠬᠡᠯ ᠬᠢᠨ᠎ᠡ︔      9. ᠪᠦᠬᠦ ᠤᠯᠤᠰ ᠤᠨ ᠡᠮᠨᠡᠯᠭᠡ ᠶᠢᠨ ᠠᠵᠢᠯᠲᠠᠨ ︵ᠰᠢᠶᠠᠩᠭᠠᠩ ᠣᠣᠮᠧᠨ ᠲᠠᠶᠢᠸᠠᠨ ᠣᠷᠣᠨ ᠪᠠᠭᠲᠠᠨ᠎ᠠ︶ ᠲᠤᠰ ᠬᠦᠮᠦᠨ ᠤ ᠬᠠᠮᠢᠶ᠎ᠠ ᠪᠦᠬᠦᠢ ᠦᠨᠡᠮᠯᠡᠯ ᠢᠶᠠᠨ ᠠᠪᠴᠤ ᠦᠵᠡᠮᠵᠢ ᠶᠢᠨ ᠣᠷᠣᠨ ᠤ ᠵᠤᠭᠠᠴᠠᠭᠰᠠᠳ ᠤᠨ ᠲᠥᠪ ᠲᠤ ᠬᠦᠷᠴᠦ᠂ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠳᠡᠭᠦᠵᠢᠩ ᠤᠨ ᠪᠢᠯᠧᠲ ᠢ ᠦᠨ᠎ᠡ ᠲᠦᠯᠦᠪᠦᠷᠢ ᠦᠭᠡᠢ ᠪᠠᠷ ᠬᠦᠷᠭᠡᠨ ᠦᠭᠬᠦ ᠳᠦᠷᠥ ᠶᠢᠨ ᠪᠤᠳᠤᠯᠭ᠎ᠠ ᠶᠢ ᠡᠳ᠋ᠯᠡᠵᠦ ᠪᠤᠯᠤᠨ᠎ᠠ ︵2020 ᠣᠨ ᠤ ᠪᠥᠬᠦ ᠵᠢᠯ︶︔       ᠪᠦᠷᠢᠶ᠎ᠡ ᠮᠠᠩᠬ᠎ᠠ ᠵᠢᠭᠤᠯᠴᠢᠯᠠᠯ ᠤᠨ ᠣᠷᠣᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠡᠷᠢᠯ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠳᠥᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ ᠢ ᠪᠠᠨ ᠪᠠᠶᠠᠷᠯᠠᠨ ᠤᠭᠳᠤᠵᠦ ᠪᠠᠶᠢᠨ᠎ᠠ︕
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ